ᠲᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠨᠢ 70 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ | ᠬᠤᠷᠠᠯᠳᠤᠭᠤᠯᠪᠠ | | 9 ᠰᠠᠷ᠎ᠠ ᠶᠢᠨ14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠲᠤᠮᠳᠠᠳᠤ | ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶᠠᠨ ᠤ 70 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ ᠬᠤᠷᠠᠯᠳᠤᠭᠤᠯᠪᠠ᠃ | ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠣᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠥᠲᠦᠭᠡᠨ ᠪᠠᠶᠢᠭᠤᠯᠤᠯᠲᠠ ᠶᠢᠨ ᠨᠢᠭᠡᠳᠦᠯ | ᠠᠩᠭᠢ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠠᠷᠠᠮᠥ᠋ᠷᠡᠨ ᠳᠤ ᠰᠢᠨ᠎ᠡ ᠴᠠᠭ ᠦᠶ᠎ᠡ ᠶᠢᠨ ᠵᠡᠭᠦᠨ | ᠬᠤᠶᠢᠲᠤ ᠣᠷᠣᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠠᠭᠤᠳᠠᠯ ᠤᠨ ᠬᠤᠷᠠᠯ ᠢ | ᠪᠠᠶᠢᠴᠠᠭᠠᠨ ᠦᠵᠡᠬᠦ ᠪᠠ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠵᠤ᠂ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ︽ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠨᠠᠮ ᠤᠨ ᠲᠦᠯᠦᠭᠡᠯᠡᠭᠴᠢ ᠶᠢᠨ | ᠪᠠᠶᠢᠩᠭᠤ ᠶᠢᠨ ᠴᠢᠨᠠᠷᠲᠠᠢ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ︽ᠤᠲᠤᠭ ᠬᠤᠰᠢᠭᠤ ᠡᠬᠢ ᠪᠠᠶᠠᠯᠢᠭ ᠢ ᠪᠦᠬᠦ ᠲᠠᠯ᠎ᠠ ᠪᠠᠷ | ᠠᠷᠪᠢᠯᠠᠨ ᠡᠷᠴᠢᠮᠵᠢᠭᠦᠯᠬᠦ ᠶᠢ ᠠᠬᠢᠭᠤᠯᠵᠤ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠭᠰᠠᠨ ︾ ᠲᠤᠬᠠᠢ ᠲᠤᠷᠰᠢᠯᠭ᠎ᠠ ᠶᠢᠨ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ | ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠠᠮᠥ᠋ᠷᠡᠨ ᠳᠤ | ᠰᠢᠨᠵᠢᠯᠡᠨ ᠪᠠᠶᠢᠴᠠᠭᠠᠬᠤ ᠪᠠ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠨᠢ ᠪᠢᠳᠡᠨ ᠤ ᠳᠠᠷᠠᠭᠠᠴᠢ ᠶᠢᠨ ᠱᠠᠲᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠥᠷᠨᠢᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠪᠥᠬᠦ | ᠬᠤᠰᠢᠭᠤᠨ ᠤ ᠡᠯ᠎ᠠ ᠱᠠᠲᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠪᠥᠬᠦ | ᠬᠤᠰᠢᠭᠤᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠡᠭᠦᠨ | ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠠᠭᠤᠰᠤᠯᠴᠠᠬᠤ ᠶᠢ ᠢᠳᠡᠪᠬᠢᠲᠡᠢ ᠰᠦᠪᠡᠭᠴᠢᠯᠡᠵᠦ᠂ ᠭᠠᠵᠠᠷ | ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠪᠦᠬᠦ ᠠᠶᠢᠮᠠᠭ᠂ ᠪᠦᠬᠦ ᠣᠷᠣᠨ᠂ ᠴᠢᠨᠠᠭᠰᠢᠯᠠᠪᠠᠯ | ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠢᠳᠡᠪᠬᠢᠲᠡᠢ ᠬᠤᠪᠢ ᠨᠡᠮᠡᠷᠢ ᠦᠵᠡᠭᠦᠯᠬᠦ | ᠬᠡᠷᠡᠭᠲᠡᠢ ᠃ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠵᠤ᠂ | ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠪᠦᠲᠦᠮᠵᠢᠲᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃ | ᠬᠤᠷᠠᠯ ᠠᠴᠠ᠂ ᠪᠦᠬᠦ ᠣᠷᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠠᠴᠠ ᠰᠢ ᠶᠢᠨ ᠫᠢᠩ ᠶᠡᠷᠦᠩᠬᠡᠢ | ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠵᠢᠴᠢ ᠪᠦᠬᠦ ᠤᠯᠤᠰ ᠤᠨ ᠵᠣᠬᠢᠶᠠᠨ | ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠤ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠤᠯᠲᠠ ᠶᠢᠨ | ᠠᠵᠢᠯ ᠳᠤ ᠴᠢᠭᠯᠡᠯ ᠢ ᠲᠣᠳᠣᠷᠬᠠᠢ ᠵᠢᠭᠠᠵᠤ᠂ ᠡᠭᠦᠷᠭᠡ ᠶᠢ ᠪᠠᠶᠢᠷᠢᠯᠠᠭᠤᠯᠵᠤ᠂ ᠱᠠᠭᠠᠷᠳᠠᠯᠭ᠎ᠠ ᠳᠤᠷᠠᠳᠴᠤ᠂ ᠮᠠᠰᠢ | ᠴᠢᠩᠭ᠎ᠠ ᠰᠢᠰᠲ᠋ᠧᠮᠲᠦ ᠴᠢᠨᠠᠷ ᠪᠣᠯᠣᠨ ᠵᠢᠯᠤᠭᠤᠳᠬᠤ ᠴᠢᠨᠠᠷ ᠲᠠᠢ ᠶᠤᠮ᠃ ᠪᠥᠬᠦ ᠬᠤᠰᠢᠭᠤ ᠪᠠᠷ ᠢᠶᠠᠨ ᠰᠢ ᠶᠢᠨ ᠫᠢᠩ | ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠴᠢᠬᠤᠯᠠ ᠦᠨ᠎ᠡ | ᠥᠷᠲᠡᠭ᠂ ᠪᠠᠶᠠᠯᠢᠭ ᠠᠭᠤᠯᠤᠭᠳᠠᠬᠤᠨ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠣᠶᠢᠯᠠᠭᠠᠨ ᠡᠵᠡᠮᠰᠢᠵᠦ᠂ ᠪᠥᠬᠦ ᠣᠷᠣᠨ᠂ ᠪᠥᠬᠦ ᠠᠶᠢᠮᠠᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ | ᠴᠢᠩᠭ᠎ᠠ ᠠᠳᠬᠤᠨ᠂ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠲᠠᠢ ᠤᠶᠠᠯᠳᠣᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ | ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠡᠨᠡᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠠ ᠣᠶᠢᠯᠠᠭᠠᠵᠤ | ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾᠂ | ︽ᠦᠨᠳᠦᠰᠦᠲᠡᠨ ᠤ ᠬᠠᠭᠤᠳᠠᠰᠤ︾᠂ ︽ᠥᠪᠥᠷ ᠮᠣᠩᠭᠤᠯ ᠤᠨ ᠬᠠᠭᠤᠳᠠᠰᠤ︾ ᠳᠡᠭᠡᠷ᠎ᠡ ᠦᠷᠭᠦᠯᠵᠢᠯᠡᠨ ᠬᠦᠴᠦᠯᠡᠵᠦ | ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠨᠡᠨᠬᠦ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠰᠢᠯᠤᠭᠤᠳᠬᠠᠵᠤ᠂ | ᠤᠤᠷᠤᠰᠢᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠵᠢᠷᠤᠮᠵᠢᠭᠤᠯᠬᠤ᠂ ᠴᠣᠮᠬᠠᠳᠬᠠᠬᠤ᠂ | ᠬᠤᠷᠳᠤᠴᠠ ᠶᠢ ᠲᠦᠷᠭᠡᠳᠬᠡᠬᠦ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠵᠥᠪ ᠣᠨᠣᠪᠴᠢᠲᠠᠢ ᠴᠢᠳᠠᠪᠤᠷᠢᠳᠠᠨ ᠰᠣᠩᠭᠤᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠵᠤ᠂ ᠴᠢᠳᠠᠪᠤᠷᠢᠲᠠᠨ ᠢ ᠳᠠᠳᠠᠨ ᠣᠷᠣᠭᠤᠯᠵᠤ | ᠴᠢᠳᠠᠪᠤᠷᠢᠲᠠᠨ ᠢ ᠬᠥᠮᠥᠵᠢᠭᠦᠯᠵᠦ ᠴᠢᠳᠠᠪᠤᠷᠢᠲᠠᠨ ᠢ ᠴᠤᠭᠯᠠᠷᠠᠭᠤᠯᠬᠤ ᠶᠢ ᠴᠢᠩᠭᠠᠳᠬᠠᠵᠤ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠴᠢᠳᠠᠪᠤᠷᠢᠲᠠᠨ ᠤ ᠠᠵᠢᠯ ᠤᠨ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ | ᠬᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠭᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠡᠬᠢ | ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ ᠴᠢᠩᠬᠠᠳᠬᠠᠬᠤ ᠲᠤᠬᠠᠢ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦᠨ ᠱᠣᠸ ᠴᠧᠩ ᠱᠦᠵᠢ ᠶᠢᠨ | ᠳᠤᠷᠠᠳᠤᠭᠰᠠᠨ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠳᠠᠷᠤᠢ ᠬᠥᠭᠵᠢᠯᠲᠡ ᠮᠥᠨ︾ ᠭᠡᠬᠦ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠲᠤᠭ ᠬᠤᠰᠢᠭᠤᠨ ᠤ ︽ᠬᠤᠶᠠᠷ ᠢ | ᠳᠡᠭᠡᠭᠰᠢᠯᠡᠭᠦᠯᠵᠦ ᠭᠤᠷᠪᠠ ᠶᠢ ᠡᠭᠦᠳᠬᠦ︾ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠣᠯᠭᠠᠨ ᠰᠤᠷᠤᠯᠴᠠᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ | ᠡᠷᠴᠢᠮᠵᠢᠭᠦᠯᠦᠨ ᠠᠰᠢᠭᠯᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠠᠢ | ᠬᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤ ᠪᠠᠷ ᠢᠶᠠᠨ ︽ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠤᠨ ᠨᠠᠮ ᠤᠨ ᠲᠥᠯᠥᠭᠡᠯᠡᠭᠴᠢ ᠶᠢᠨ ᠪᠠᠶᠢᠩᠭᠤ ᠶᠢᠨ ᠴᠢᠨᠠᠷᠲᠠᠢ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠬᠤ ᠬᠡᠷᠡᠭᠲᠡᠢ᠃ ᠨᠠᠮ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ | ᠬᠢᠷᠢ ᠲᠦᠪᠰᠢᠨ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ ᠤᠨ ᠲᠥᠯᠥᠭᠡᠯᠡᠭᠴᠢ ᠶᠢᠨ | ᠨᠠᠮ ᠤᠨ ᠭᠡᠰᠢᠭᠦᠨ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠬᠠᠷᠢᠯᠴᠠᠨᠦᠢᠯᠡᠴᠢᠯᠡᠬᠦ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠤᠯᠠᠮᠵᠢᠯᠠᠵᠤ᠂ ᠠᠷᠠᠳ ᠤᠨ ᠠᠮᠢᠳᠤᠷᠠᠯ ᠪᠠ ᠠᠵᠤ ᠠᠬᠤᠢ ᠶᠢᠨ ᠬᠥᠭᠵᠢᠯᠲᠡ ᠶᠢᠨ | ᠭᠤᠣᠯᠳᠠᠯᠭ᠎ᠠ ᠲᠠᠢ ᠬᠦᠴᠢᠷ ᠲᠦᠪᠡᠭ ᠲᠠᠢ ᠬᠠᠯᠠᠮᠰᠢᠯ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ | ᠨᠠᠮ ᠤᠨ ᠭᠡᠰᠢᠭᠦᠨ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠰᠢᠢᠳᠪᠦᠷᠢᠲᠦ ᠪᠣᠳᠤᠯᠭ᠎ᠠ | ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠳᠠᠢ ᠬᠡᠵᠡᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠭᠰᠠᠨ ᠪᠠᠶᠢᠨ᠎ᠠ᠃ | | | | | | | | | | |