ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/18
 ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠬᠤᠷᠠᠯᠳᠤᠭᠤᠯᠪᠠ                                 9 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ︽ᠪᠥᠬᠦ ᠠᠶᠢᠮᠠᠭ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠥᠩᠭᠦᠨᠱᠠ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃  ᠬᠤᠷᠠᠯ ᠠᠴᠠ ᠵᠢᠭᠠᠵᠤ ᠭᠠᠷᠭᠠᠭᠰᠠᠨ ᠨᠢ   ᠪᠦᠬᠦ ᠨᠠᠮ ᠳᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠪᠦᠬᠦ ᠨᠠᠮ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠪᠠᠷ ᠪᠦᠯᠬᠦᠮᠳᠡᠨ ᠲᠡᠮᠡᠴᠡᠬᠦ ᠶᠢᠨ ᠲᠥᠯᠥᠭᠡᠬᠢ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠲᠣᠰ ᠤᠳᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠃ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠨ᠂ ᠭᠤᠣᠯ ᠰᠡᠳᠦᠪᠲᠦ ᠬᠥᠮᠦᠵᠢᠯ ᠤᠨ ᠡᠯ᠎ᠡ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃   ᠬᠤᠷᠠᠯ ᠠᠴᠠ ᠴᠢᠬᠤᠯᠠᠴᠢᠯᠠᠭᠰᠠᠨ ᠨᠢ   ᠲᠥᠯᠥᠪᠵᠢᠭᠦᠯᠵᠦ ᠪᠠᠶᠢᠷᠢᠯᠠᠭᠤᠯᠬᠤ ᠶᠢ ᠰᠠᠶᠢᠲᠤᠷ ᠠᠳᠬᠤᠵᠤ᠂  ᠰᠤᠷᠤᠯᠴᠠᠬᠤ ᠠᠭᠤᠷ ᠠᠮᠢᠰᠬᠤᠯ ᠢ ᠥᠳᠲᠡᠷ ᠪᠣᠢ ᠪᠣᠯᠭᠠᠬᠤ ᠬᠡᠷᠡᠭᠲᠡᠢ᠃ ᠨᠢᠭᠡᠳᠦᠭᠡᠷ ᠪᠦᠯᠦᠭ ᠭᠤᠣᠯ ᠰᠡᠳᠦᠪᠲᠦ ᠬᠥᠮᠦᠵᠢᠯ ᠤᠨ ᠰᠠᠶᠢᠨ ᠠᠷᠭ᠎ᠠ ᠲᠤᠷᠰᠢᠯᠭ᠎ᠠ ᠶᠢ ᠭᠦᠢᠴᠡᠳ ᠰᠤᠷᠤᠯᠴᠠᠨ ᠯᠠᠪᠯᠠᠵᠤ᠂ ᠮᠠᠨ ᠤ ᠬᠤᠰᠢᠭᠤᠨ ᠤ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ  ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠠᠮᠢᠳᠤᠯᠢᠭ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠳᠤ ᠴᠢᠭᠯᠡᠭᠦᠯᠬᠦ ᠶᠢ ᠲᠤᠪᠤᠶᠢᠯᠭᠠᠵᠦ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠰᠠᠭᠤᠳᠠᠯ ᠢ ᠪᠠᠶᠢᠴᠠᠭᠠᠬᠤ ᠳᠠᠭᠠᠨ ︽ᠬᠡᠶᠢᠰᠪᠦᠷᠢ︾ ᠦᠭᠡᠢ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ︽ᠤᠳᠠᠭᠠᠰᠢᠷᠠᠭᠤᠯᠬᠤ ︾ ᠦᠭᠡᠢ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠳᠠᠭᠠᠨ ︽ᠥᠷᠥ ᠡᠪᠡᠳᠬᠦ︾ ᠦᠭᠡᠢ ᠪᠠᠶᠢᠬᠤ ᠶᠢ ᠬᠥᠲᠥᠯᠥᠨ ᠵᠢᠯᠣᠭᠤᠳᠬᠤ ᠶᠢᠨ ᠬᠠᠮᠲᠤ ᠠᠬᠢᠭᠤᠯᠬᠤ ᠬᠡᠷᠡᠭᠲᠡᠢ᠃ ᠴᠢᠩᠭ᠎ᠠ ᠪᠥᠭᠡᠳ ᠪᠣᠳᠠᠲᠠᠢ ᠪᠠᠶᠢᠬᠤ ᠶᠢ ᠪᠠᠷᠢᠮᠲᠠᠯᠠᠨ᠂ ᠡᠯ᠎ᠡ ᠲᠦᠷᠦᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ  ᠪᠠᠲᠤᠯᠠᠬᠤ ᠬᠡᠷᠡᠭᠲᠡᠢ ᠭᠡᠵᠡᠢ᠃   ᠬᠤᠷᠠᠯ ᠠᠴᠠ ᠱᠠᠭᠠᠷᠳᠠᠭᠰᠠᠨ ᠨᠢ᠄   ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠢ ᠲᠥᠯᠥᠪᠵᠢᠭᠦᠯᠦᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠬᠤ ᠶᠠᠪᠤᠴᠠ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠤᠷᠢᠳᠴᠢᠯᠠᠨ ᠲᠥᠯᠥᠪᠯᠡᠵᠦ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠳᠡᠭᠡᠳᠦ ᠳᠣᠣᠷᠠᠳᠤ ᠱᠠᠲᠤ ᠪᠠᠷ ᠵᠶ᠋ᠡᠨ‌ᠨᠡᠪᠲᠡᠷᠡᠯᠴᠡᠬᠦ ᠪᠠ ᠳᠣᠣᠷᠠᠳᠤ ᠱᠠᠲᠤ ᠪᠠᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠠᠵᠢᠯᠯᠠᠬᠤ ᠳᠤᠭᠤᠶᠢᠯᠠᠩ ᠨᠢ ᠣᠶᠢᠯᠠᠭᠠᠯᠴᠠᠭ᠎ᠠ᠂ ᠵᠣᠬᠢᠴᠠᠭᠤᠯᠭ᠎ᠠ᠂ ᠬᠠᠮᠵᠢᠯᠴᠠᠭ᠎ᠠ ᠪᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠨᠢᠭᠡᠪᠦᠷᠢ ᠶᠢ ᠰᠠᠶᠢᠲᠤᠷ ᠬᠢᠬᠦ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ   ᠠᠵᠢᠯ ᠤᠨ ᠵᠣᠯᠭᠠᠭᠤᠯᠤᠯᠲᠠ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠨᠠᠷ ᠰᠠᠶᠢᠲᠠᠢ ᠡᠬᠢᠯᠡᠭᠦᠯᠬᠦ ᠶᠢ ᠪᠠᠷᠢᠮᠲᠠᠯᠠᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ᠂ ᠳᠦᠷᠦᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠢ  ᠨᠡᠶᠢᠳᠡᠮ ᠪᠦᠷᠬᠦᠭᠦᠯᠬᠦ ᠶᠢ ᠪᠠᠲᠤᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠰᠣᠨᠢᠨ ᠮᠡᠳᠡᠭᠡᠯᠡᠯ᠂ ᠸᠢᠴᠠᠲ ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢ ᠥᠷᠭᠡᠨ ᠢᠶᠠᠷ ᠬᠡᠷᠡᠭᠯᠡᠨ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠡᠷᠢᠭᠦᠨ ᠤ ᠦᠶᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤᠨᠢ ᠰᠣᠩᠭᠤᠨ ᠤᠬᠠᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ ᠭᠡᠵᠡᠢ᠃   ᠬᠤᠷᠠᠯ ᠳᠤ ᠬᠤᠯᠪᠣᠭᠳᠠᠯ ᠪᠦᠬᠦᠢ ᠠᠵᠢᠯ ᠤᠨ ᠳᠦᠷᠢᠮ᠂ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠪᠠ ᠠᠵᠢᠯ ᠤᠨ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号