ᠮᠠᠯᠴᠢᠨ ᠲᠦᠮᠡᠡᠭᠡᠷᠡᠯ ᠤᠨ ᠤᠷᠤᠯᠭ᠎ᠠ ᠪᠠᠨ ᠨᠡᠮᠡᠭᠳᠡᠭᠦᠯᠦᠭᠰᠡᠨ ᠰᠦᠪᠡᠭᠴᠢᠯᠡᠯᠳᠡ
ᠨᠡᠶᠢᠲᠡᠯᠡᠭᠰᠡᠨ ᠴᠠᠭ᠄
2023/9/18
    ᠮᠠᠯᠴᠢᠨ ᠲᠦᠮᠡᠡᠭᠡᠷᠡᠯ ᠤᠨ ᠤᠷᠤᠯᠭ᠎ᠠ ᠪᠠᠨ ᠨᠡᠮᠡᠭᠳᠡᠭᠦᠯᠦᠭᠰᠡᠨ ᠰᠦᠪᠡᠭᠴᠢᠯᠡᠯᠳᠡ                                        ᠮᠠᠯᠵᠢᠯ ᠤᠨ ᠪᠤᠰᠤ ᠤᠷᠤᠯᠭ᠎ᠠ ᠨᠢ ᠮᠠᠯᠴᠢᠳ ᠤᠨ ᠤᠷᠤᠯᠭ᠎ᠠ ᠪᠠᠨ ᠨᠡᠮᠡᠭᠳᠡᠭᠦᠯᠦᠨ ᠠᠮᠢᠳᠤᠷᠠᠯ ᠢᠶᠠᠨ ᠴᠢᠨᠡᠭᠡᠯᠢᠭᠵᠢᠬᠦᠯᠬᠦ ᠪᠦᠳᠦᠮᠵᠢᠳᠡᠢ ᠠᠷᠭ᠎ᠠ ᠪᠤᠯᠵᠤ ᠪᠠᠶᠢᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠡᠷᠬᠡᠳᠦᠠᠤᠪᠤᠭ᠎ᠠ ᠭᠠᠴᠠᠭᠠᠨ ᠤ ᠮᠠᠯᠴᠢᠨ ᠲᠦᠮᠡᠡᠭᠡᠷᠡᠯ ᠤᠨ ᠬᠢᠨ ᠬᠦᠳᠡᠭᠡ ᠨᠤᠳᠤᠭ ᠲᠠᠭᠠᠨ ᠮᠠᠯ ᠢᠶᠠᠨ ᠮᠠᠯᠵᠢᠬᠤ ᠶᠢᠨ ᠲᠠᠭᠠᠤ᠂ ᠪᠦᠰᠡᠭᠦᠢ ᠨᠠᠷᠠᠠᠴᠡᠴᠡᠭ ᠨᠢ ᠦᠨᠳᠦᠰᠦᠳᠡᠨ ᠤ ᠬᠤᠪᠴᠠᠰᠤ ᠵᠠᠰᠠᠯ ᠢᠶᠠᠨ ᠤᠶᠤᠵᠤ ᠪᠤᠷᠤᠯᠠᠭᠤᠯᠤᠨ ᠵᠢᠯ ᠤᠨ ᠠᠷᠪᠠᠭᠠᠳ ᠲᠦᠮᠡᠨ ᠲᠦᠭᠦᠷᠢᠭ ᠤᠨ ᠤᠷᠤᠯᠭ᠎ᠠ ᠤᠯᠵᠤ ᠶᠠᠪᠤᠨ᠎ᠠ᠃
    ᠲᠦᠮᠡᠡᠭᠡᠷᠡᠯ ᠤᠨ ᠬᠢᠨ ᠨᠤᠳᠤᠭ ᠪᠡᠯᠴᠢᠭᠡᠷ ᠪᠠᠭ᠎ᠠ ᠪᠠᠶᠢᠵᠤ ᠲᠦᠷᠦᠭᠦᠦ ᠬᠡᠳᠦᠨ ᠵᠢᠯ ᠵᠡᠭᠦᠨ ᠦᠵᠦᠮᠦᠴᠢᠨ ᠬᠤᠰᠢᠭᠤᠨ  ᠳᠤ ᠪᠤᠰᠤᠳ ᠤᠨ ᠮᠠᠯ ᠢ ᠮᠠᠯᠵᠢᠨ ᠠᠮᠢᠳᠤᠷᠠᠯ ᠢᠶᠠᠨ ᠠᠷᠭᠠᠴᠠᠭᠠᠵᠦ ᠪᠠᠶᠢᠭᠰᠠᠨ ᠢᠶᠠᠨ 2017 ᠤᠨ ᠳᠤ ᠨᠤᠳᠤᠭ ᠲᠠᠭᠠᠨ ᠢᠷᠡᠵᠦ ᠰᠠᠭᠤᠷᠢᠰᠢᠪᠠ᠃ ᠬᠡᠳᠦᠶᠢᠪᠡᠷ ᠬᠠᠷᠢ ᠨᠤᠳᠤᠭ ᠲᠤ ᠮᠠᠯ ᠮᠠᠯᠵᠢᠨ ᠶᠠᠪᠤᠭᠰᠠᠨ ᠴᠦ ᠠᠮᠢᠳᠤᠷᠠᠯ ᠨᠢ ᠠᠨᠠᠢ᠂ ᠨᠤᠳᠤᠭ ᠲᠠᠭᠠᠨ ᠢᠷᠡᠬᠦ ᠳᠤ ᠠᠷᠪᠠᠭᠠᠳ ᠯᠠ ᠢᠮᠠᠭ᠎ᠠ ᠲᠠᠢ ᠪᠠᠶᠢᠵᠤ᠂ ᠨᠡᠩ ᠴᠦ ᠭᠡᠷ ᠲᠤᠨᠢ ᠨᠢᠭᠡ ᠤᠳᠠᠭ᠎ᠠ ᠭᠠᠯ ᠭᠠᠷᠴᠦ ᠮᠤᠩᠭᠤᠯ ᠭᠡᠷ ᠨᠢ ᠰᠢᠳᠠᠵᠦ ᠠᠵᠤ ᠠᠮᠢᠳᠤᠷᠠᠯ ᠨᠢ ᠨᠡᠩ ᠴᠦ ᠬᠦᠴᠢᠷᠳᠡᠢ ᠪᠤᠯᠤᠭᠰᠠᠨ ᠪᠠᠶᠢᠯ᠎ᠠ᠃ ᠡᠨᠡᠬᠦ ᠪᠠᠶᠢᠳᠠᠯ ᠳᠤ ᠲᠦᠮᠡᠡᠭᠡᠷᠡᠯ ᠢᠮᠠᠭ᠎ᠠ ᠲᠡᠵᠢᠭᠡᠨ ᠨᠤᠳᠤᠭ ᠲᠠᠭᠠᠨ ᠵᠤᠬᠢᠴᠠᠭᠤᠯᠤᠨ ᠮᠠᠯᠵᠢᠵᠤ᠂ ᠤᠳᠤ ᠤᠨᠳᠤᠷᠬᠤ ᠮᠠᠯ 300 ᠲᠤᠯᠤᠭᠠᠢ ᠢᠮᠠᠭ᠎ᠠ ᠯᠡ ᠦᠯᠡᠳᠡᠭᠡᠵᠦ᠂ ᠨᠢᠳᠤᠨᠤᠨ 200 ᠢᠰᠢᠭᠡ ᠬᠤᠳᠠᠯᠳᠤᠵᠤ 20 ᠲᠦᠮᠡᠨ ᠲᠦᠭᠦᠷᠢᠭ ᠤᠨ ᠤᠷᠤᠯᠭ᠎ᠠ ᠤᠯᠵᠤ᠂ ᠤᠬᠤᠷᠬᠠᠨ ᠵᠢᠯ ᠳᠤ ᠠᠵᠤ ᠠᠮᠢᠳᠤᠷᠠᠯ ᠤᠨ ᠬᠦᠴᠢᠷᠳᠡᠯ ᠠᠴᠠ ᠪᠠᠨ ᠭᠠᠷᠤᠭᠰᠠᠨ ᠲᠡᠳᠦᠢ ᠦᠭᠡᠢ᠂ ᠨᠤᠳᠤᠭ ᠤᠨ ᠲᠠᠭᠠᠭᠠᠴᠠ ᠂ ᠤᠷᠤᠯᠭ᠎ᠠ ᠶᠢᠨ ᠨᠡᠮᠡᠭᠳᠡᠯ ᠢᠶᠠᠨ ᠴᠦ ᠪᠠᠳᠤᠯᠠᠭᠰᠠᠨ ᠪᠠᠶᠢᠨ᠎ᠠ᠃
    ᠲᠦᠮᠡᠡᠭᠡᠷᠡᠯ ᠤᠨ ᠬᠢᠨ ᠤ ᠤᠷᠤᠯᠭ᠎ᠠ ᠶᠢᠨ ᠪᠠᠰᠠ ᠨᠢᠭᠡ ᠭᠤᠤᠯ ᠢᠷᠡᠯᠳᠡ ᠨᠢ ᠪᠦᠰᠡᠭᠦᠢ ᠨᠠᠷᠡᠡᠴᠡᠴᠡᠭ ᠤᠨ ᠬᠢᠨ ᠮᠤᠩᠭᠤᠯ ᠬᠤᠪᠴᠠᠰᠤ ᠵᠠᠰᠠᠯ ᠢᠶᠠᠨ ᠤᠶᠤᠵᠤ ᠪᠤᠷᠤᠯᠠᠭᠤᠯᠵᠤ ᠪᠠᠶᠢᠭ᠎ᠠ ᠠᠵᠢᠯ ᠪᠤᠯᠬᠤ ᠶᠤᠮ᠃ ᠨᠠᠷᠡᠡᠴᠡᠴᠡᠭ ᠪᠠᠭ᠎ᠠ ᠠᠴᠠ ᠮᠤᠩᠭᠤᠯ ᠬᠤᠪᠴᠠᠰᠤ ᠵᠠᠰᠠᠯ ᠤᠶᠤᠵᠤ ᠰᠤᠷᠴᠤ ᠤᠳᠠᠭᠠᠨ ᠵᠢᠯ ᠤᠨ ᠤᠷᠤᠯᠳᠤᠯᠭ᠎ᠠ ᠪᠠᠷ ᠦᠢᠯᠡ ᠤᠶᠤᠳᠠᠯ ᠳᠤ ᠴᠠᠭᠠᠷᠠᠵᠦ ᠬᠤᠯᠠ ᠤᠶᠢᠷ᠎ᠠ ᠶᠢᠨ ᠬᠦᠮᠦᠰ ᠡᠷᠢᠵᠦ ᠰᠤᠷᠠᠵᠦ ᠬᠤᠪᠴᠠᠰᠤ ᠵᠠᠰᠠᠯ ᠤᠶᠤᠭᠤᠯᠳᠠᠭ ᠪᠤᠯᠵᠠᠢ᠃    ᠡᠶᠢᠨᠬᠦ ᠨᠠᠷᠡᠡᠴᠡᠴᠡᠭ ᠲᠡᠷᠯᠢᠭ᠂ ᠵᠤᠪᠴᠠᠭ᠎ᠠ ᠲᠡᠪᠡᠯ ᠤᠶᠤᠵᠤ ᠪᠤᠷᠤᠯᠠᠭᠤᠯᠳᠠᠭ ᠪᠤᠯᠵᠤ᠂ ᠦᠵᠦᠮᠦᠴᠢᠨ ᠨᠤᠳᠤᠭ ᠠᠴᠠ  ᠪᠠᠨ ᠭᠠᠳᠠᠨ᠎ᠠ᠂ ᠰᠢᠯᠢᠠᠬᠤᠳᠠ᠂ ᠤᠯᠠᠭᠠᠠᠬᠠᠳᠠ ᠬᠤᠳᠠ ᠵᠡᠷᠭᠡ ᠭᠠᠵᠠᠷ ᠠᠴᠠ ᠵᠠᠬᠢᠶᠠᠯᠠᠭ᠎ᠠ ᠲᠤᠰᠴᠤ᠂ ᠦᠩᠭᠡᠷᠡᠭᠰᠡᠨ ᠵᠢᠯ ᠵᠠᠭᠤ ᠭᠠᠷᠤᠢ ᠵᠠᠬ᠎ᠠ ᠬᠤᠪᠴᠠᠰᠤ ᠤᠶᠤᠵᠤ ᠪᠤᠷᠤᠯᠠᠭᠤᠯᠤᠨ ᠵᠢᠯ ᠤᠨ ᠴᠡᠪᠡᠷ ᠤᠷᠤᠯᠭ᠎ᠠ ᠠᠷᠪᠠᠨ ᠲᠦᠮᠡᠨ ᠲᠦᠭᠦᠷᠢᠭ ᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号