ᠪᠠᠶᠠᠨᠬᠦ᠋ᠪᠡᠭᠡ  ᠭᠠᠴᠠᠭ᠎ᠠ  ᠮᠠᠯᠴᠢᠳ  ᠲᠠᠭᠠᠨ ᠢᠩᠬᠢᠵᠦ ᠠᠰᠢᠭ ᠬᠦᠷᠲᠡᠭᠡᠵᠤ ᠪᠠᠶᠢᠨ᠎ᠠ
ᠨᠡᠶᠢᠲᠡᠯᠡᠭᠰᠡᠨ ᠴᠠᠭ᠄
2023/9/18
    ᠪᠠᠶᠠᠨᠬᠦ᠋ᠪᠡᠭᠡ  ᠭᠠᠴᠠᠭ᠎ᠠ  ᠮᠠᠯᠴᠢᠳ   ᠲᠠᠭᠠᠨ ᠢᠩᠬᠢᠵᠦ ᠠᠰᠢᠭ ᠬᠦᠷᠲᠡᠭᠡᠵᠤ ᠪᠠᠶᠢᠨ᠎ᠠ                                        ᠪᠠᠶᠠᠨᠬᠤᠸᠠ ᠪᠠᠯᠭᠠᠰᠤᠨ ᠤ  ᠪᠠᠶᠠᠨᠬᠦ᠋ᠪᠡᠭᠡ  ᠭᠠᠴᠠᠭ᠎ᠠ ᠨᠢ  ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠪᠣᠳᠠᠲᠠᠢ ᠪᠠᠶᠢᠳᠠᠯ ᠳᠤ ᠰᠠᠭᠤᠷᠢᠯᠠᠨ᠂ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠣᠵᠠᠭᠠᠶᠢᠷᠠᠭᠤᠯᠵᠣ᠂ ᠮᠠᠯᠴᠢᠨ ᠲᠦᠮᠡᠨ ᠤ ᠣᠷᠣᠯᠭ᠎ᠠ  ᠶᠢ ᠨᠡᠮᠡᠭᠳᠡᠭᠦᠯᠦᠨ  ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠵᠠᠮ ᠢᠶᠠᠷ ᠵᠠᠮᠨᠠᠵᠤ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤᠨ ᠤ ᠪᠠᠶᠠᠨᠬᠦ᠋ᠪᠡᠭᠡ ᠭᠠᠴᠠᠭᠠᠨ ᠤ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠨᠢ 2020 ᠣᠨ ᠳᠤ ᠪᠠᠶᠢᠭᠤᠯᠣᠭᠳᠠᠵᠤ᠂ ᠳᠠᠩᠰᠠᠯᠠᠭᠤᠯᠤᠭᠰᠠᠨ ᠪᠡᠯᠡ ᠮᠥᠩᠭᠦ ᠨᠢ 300 ᠲᠦᠮᠡᠨ ᠲᠥᠭᠦᠷᠢᠭ ᠪᠠᠶᠢᠵᠤ᠂ 70 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠲᠠᠢ ᠪᠤᠯᠤᠨ᠎ᠠ᠃    ᠬᠤᠷᠰᠢᠶᠠᠵᠢᠯ ᠨᠢ ᠭᠠᠴᠠᠭᠠᠨ ᠤ ᠳᠠᠪᠠᠭᠤᠯᠢᠭ ᠢ ᠠᠰᠢᠭᠯᠠᠨ᠂ ᠰᠢᠮᠧᠨ᠋ᠲ᠋ᠠᠷ ᠦᠬᠡᠷ ᠤᠨ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠪᠠᠷ ᠭᠤᠣᠯ ᠪᠤᠯᠭᠠᠵᠤ᠂ 2020 ᠣᠨ ᠳᠤ᠂ ᠢᠦᠢ ᠯᠦᠩ ᠠᠭᠤᠷᠬᠠᠢ ᠶᠢᠨ ᠦᠢᠯᠡᠰ ᠪᠤᠯᠤᠨ  ᠲᠤᠰ ᠭᠠᠴᠠᠭᠠᠨ ᠤ ᠬᠠᠪᠰᠤᠷᠤᠨ ᠲᠡᠳᠬᠦᠬᠦ ᠨᠢᠭᠡᠴᠡ ᠠᠴᠠ 3 7 ᠲᠦᠮᠡ ᠭᠠᠷᠤᠢ ᠲᠥᠭᠦᠷᠢᠭ  ᠭᠠᠷᠭᠠᠵᠦ᠂ ᠭᠠᠴᠠᠭᠠᠨ ᠤ ᠬᠠᠮᠲᠤ ᠶᠢᠨ ᠪᠡᠯᠡ ᠮᠥᠩᠭᠦ ᠠᠴᠠ 2 ᠲᠦᠮᠡ ᠭᠠᠷᠤᠢ ᠲᠥᠭᠦᠷᠢᠭ ᠭᠠᠷᠭᠠᠨ  ᠂  ᠬᠤᠷᠰᠢᠶᠠᠵᠢᠯ ᠤᠨ ᠢᠶᠠᠨ ᠴᠠᠬᠢᠯᠭᠠᠨ ᠳᠥᠬᠦᠭᠡᠷᠦᠮᠵᠢ᠂ ᠬᠠᠰᠢᠶ᠎ᠠ ᠰᠠᠷᠠᠪᠴᠢ᠂ ᠣᠷᠣᠨ ᠰᠠᠭᠤᠴᠠ ᠵᠡᠷᠭᠡ  ᠰᠠᠭᠤᠷᠢ ᠪᠦᠲᠦᠭᠡᠨ ᠪᠠᠶᠢᠭᠤᠯᠤᠯᠲᠠ ᠪᠠᠨ  ᠴᠢᠩᠭᠠᠳᠬᠠᠭᠰᠠᠨ ᠢᠶᠠᠷ ᠪᠠᠷᠠᠬᠤ ᠦᠭᠡᠢ᠂ 2021 ᠣᠨ ᠳᠤ᠂ ᠬᠤᠷᠰᠢᠶᠠᠵᠢᠯ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠭᠤᠣᠯᠳᠠᠯᠭ᠎ᠠ ᠲᠠᠢ ᠬᠥᠭᠵᠢᠭᠦᠯᠦᠨ ᠪᠤᠵᠠᠭᠠᠶᠢᠷᠠᠭᠤᠯᠬᠤ ᠲᠦᠷᠦᠯ ᠵᠦᠢᠯ ᠤᠨ ᠪᠡᠯᠡ ᠮᠥᠩᠭᠦ 125 ᠲᠦᠮᠡᠨ ᠲᠥᠭᠦᠷᠢᠭ ᠢ ᠢᠳᠡᠪᠬᠢᠲᠡᠢ  ᠡᠷᠡᠮᠠᠯᠵᠠᠯᠠᠨ᠂ 53 ᠰᠢᠮᠧᠨ᠋ᠲ᠋ᠠᠷ ᠦᠬᠡᠷ ᠢ ᠬᠤᠳᠠᠯᠳᠤᠨ ᠠᠪᠴᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠡᠯᠡ ᠮᠥᠩᠭᠦ 120 ᠲᠦᠮᠡᠨ ᠲᠥᠭᠦᠷᠢᠭ ᠢ ᠠᠰᠢᠭᠯᠠᠨ 42 ᠰᠢᠮᠧᠨ᠋ᠲ᠋ᠠᠷ  ᠦᠬᠡᠷ ᠢ ᠬᠤᠳᠠᠯᠳᠤᠨ ᠠᠪᠴᠤ᠂ ᠰᠢᠮᠧᠨ᠋ᠲ᠋ᠠᠷ ᠦᠬᠡᠷ ᠢ  ᠲᠠᠵᠢᠬᠡᠨ ᠦᠷᠡᠵᠢᠬᠦᠯᠬᠦ ᠰᠠᠭᠤᠷᠢᠨ ᠢᠶᠠᠨ  ᠰᠢᠯᠢᠳᠡᠭᠵᠢᠬᠦᠯᠵᠦ᠂  2022 ᠣᠨ ᠳᠤ ᠬᠤᠷᠰᠢᠶᠠᠵᠢᠯ   ᠤᠨ ᠠᠵᠤ ᠠᠬᠤᠢ ᠶᠢᠨ ᠣᠷᠣᠯᠭ᠎ᠠ 40 ᠭᠠᠷᠣᠢ ᠲᠦᠮᠡᠨ ᠲᠥᠭᠦᠷᠢᠭ  ᠭᠦᠷᠴᠠᠢ᠃      ᠮᠠᠯᠴᠢᠨ ᠬᠠᠰᠪᠠᠭᠠᠲᠤᠷ᠄ ︽ᠭᠠᠴᠠᠭᠠᠨ ᠤ ᠬᠠᠮᠲᠤ ᠶᠢᠨ ᠠᠵᠤ ᠠᠬᠤᠢ ᠬᠥᠭᠵᠢᠭᠰᠡᠨ ᠤ ᠳᠠᠷᠠᠭ᠎ᠠ᠂ ᠪᠢᠳᠡᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠮᠥᠩᠭᠦ ᠶᠢ ᠲᠤᠰᠢᠶᠠᠵᠤ᠂ ᠮᠠᠨ ᠤ ᠭᠡᠷ ᠤᠨ ᠭᠤᠷᠪᠠᠨ ᠬᠦᠮᠦᠨ ᠠᠮᠠ ᠳᠤ ᠨᠡᠶᠢᠲᠡ 1800 ᠭᠠᠷᠣᠢ ᠲᠥᠭᠦᠷᠢᠭ   ᠢ ᠲᠣᠰᠢᠶᠠᠨ ᠥᠭᠴᠦ᠂ ᠮᠠᠰᠢ  ᠪᠠᠶᠠᠷᠲᠠᠢ ᠪᠠᠶᠢᠨ᠎ᠠ︾  ᠭᠡᠵᠤ  ᠶᠠᠷᠢᠵᠦ  ᠪᠠᠶᠢᠯ᠎ᠠ᠃     ᠳᠠᠷᠠᠭᠠᠴᠢ ᠶᠢᠨ ᠠᠯᠬᠤᠮ ᠳᠤ᠂ ᠪᠠᠶᠠᠨᠬᠦ᠋ᠪᠡᠭᠡ ᠭᠠᠴᠠᠭ᠎ᠠ ᠨᠢ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠮᠠᠯ ᠰᠦᠷᠦᠭ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠲᠦᠷᠦᠯ ᠵᠦᠢᠯ ᠢ ᠰᠢᠯᠢᠳᠡᠭᠵᠢᠭᠦᠯᠬᠦ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂  ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠰᠢᠨ᠎ᠡ ᠠᠷᠭ᠎ᠠ ᠵᠠᠮ ᠶᠢ ᠥᠷᠭᠦᠵᠢᠯᠡᠨ ᠢᠳᠡᠪᠬᠢᠲᠡᠢ ᠰᠦᠪᠡᠭᠴᠢᠯᠡᠬᠦ ᠪᠠᠷ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号