ᠰᠢᠯᠢᠩᠬᠤᠲᠠ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠢᠴᠢ ᠪᠣᠬᠢᠷᠲᠤᠯ | ᠦᠭᠡᠢ ᠠᠭᠤᠷᠬᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ | ᠬᠤᠰᠢᠭᠤᠨ ᠳᠤ ᠢᠷᠡᠵᠦ ᠲᠤᠷᠰᠢᠯᠭ᠎ᠠ ᠰᠣᠯᠢᠯᠴᠠᠨ ᠰᠤᠷᠤᠯᠴᠠᠪᠠ | | 9 ᠰᠠᠷ᠎ᠠ ᠶᠢᠨ 11 ᠤ ᠡᠳᠦᠷ᠂ ᠰᠢᠯᠢᠩᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠪᠤᠶᠢᠷᠢᠨᠵᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠵᠢᠴᠢ ᠪᠣᠬᠢᠷᠲᠤᠯ | ᠣᠶᠢᠭᠡᠢ ᠠᠭᠤᠷᠬᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠶᠢᠭᠤᠯᠤᠯᠲᠠ ᠶᠢᠨ | ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠷᠰᠢᠯᠭ᠎ᠠ ᠰᠣᠯᠢᠯᠴᠠᠨ | ᠰᠤᠷᠤᠯᠴᠠᠪᠠ᠃ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠶᠣᠣ ᠬᠤᠩ ᠭᠠᠩ᠂ ᠰᠢᠯᠢᠩᠬᠤᠲᠠ ᠶᠢᠨ ᠬᠤᠲᠠ ᠶᠢᠨ ᠳᠡᠳ᠋ ᠳᠠᠷᠤᠭ᠎ᠠ ᠶᠠᠩ ᠵᠧᠨ᠂ ᠪᠠᠷᠠᠭᠤᠨ | ᠦᠵᠦᠮᠦᠴᠢᠨ ᠬᠤᠰᠢᠭᠤᠨ ᠤ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠵᠢᠴᠢ ᠬᠤᠶᠠᠷ ᠭᠠᠵᠠᠷ ᠤᠨ ᠬᠠᠮᠢᠶ᠎ᠠ | ᠪᠦᠬᠦᠢ ᠨᠢᠭᠡᠴᠡ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠵᠠᠢ᠃ | | | | | | | ᠪᠠᠶᠢᠴᠠᠭᠠᠨ ᠰᠤᠳᠤᠯᠬᠤ ᠳᠤᠭᠤᠶᠢᠯᠠᠩ ᠨᠢ ᠪᠠᠶᠠᠩᠬᠤᠸᠠ ᠶᠢᠨ ᠬᠠᠢ ᠵᠧᠦ ᠵᠠᠳᠠᠭᠠᠢ ᠨᠡᠭᠦᠷᠡᠰᠦᠨ ᠠᠭᠤᠷᠬᠠᠢ ᠶᠢᠨ | ᠬᠢᠵᠠᠭᠠᠷᠲᠤ ᠺᠣᠮᠫᠠᠨᠢ ᠶᠢᠨ ᠵᠡᠭᠦᠨ ᠬᠤᠶᠠᠳᠤᠭᠠᠷ ᠰᠢᠷᠣᠢ ᠭᠠᠳᠠᠭᠰᠢᠯᠠᠭᠤᠯᠬᠤ ᠲᠠᠯᠠᠪᠠᠢ᠂ ᠠᠭᠤᠷᠬᠠᠢ ᠶᠢᠨ ᠬᠤᠳᠳᠤᠭ | ᠤᠨ ᠲᠣᠬᠢᠷᠠᠭᠤᠯᠭ᠎ᠠ ᠶᠢᠨ ᠲᠠᠰᠤᠭ ᠪᠣᠯᠣᠨ ᠪᠠᠶᠠᠩᠬᠤᠸᠠ ᠶᠢᠨ ᠮᠧᠩ ᠳ᠋ᠦᠩ ᠵᠠᠳᠠᠭᠠᠢ ᠨᠡᠭᠦᠷᠡᠰᠦᠨ ᠤ ᠦᠢᠯᠡᠰ ᠤᠨ | ᠬᠢᠵᠠᠭᠠᠷᠲᠤ ᠺᠣᠮᠫᠠᠨᠢ ᠶᠢᠨ ᠡᠮᠦᠨ᠎ᠡ ᠰᠢᠷᠣᠢ ᠭᠠᠳᠠᠭᠰᠢᠯᠠᠭᠤᠯᠬᠤ ᠲᠠᠯᠠᠪᠠᠢ᠂ ᠲᠣᠬᠢᠷᠠᠭᠤᠯᠭ᠎ᠠ ᠶᠢᠨ ᠲᠠᠰᠤᠭ ᠵᠡᠷᠭᠡ | ᠭᠠᠵᠠᠷ ᠢᠶᠠᠷ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ᠂ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠵᠡᠷᠭᠡ ᠲᠠᠯ᠎ᠠ ᠪᠠᠷ ᠠᠷᠭ᠎ᠠ ᠠᠪᠴᠠᠯ ᠪᠣᠯᠣᠨ | ᠠᠮᠵᠢᠯᠲᠠ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠰᠤᠷᠤᠯᠴᠠᠵᠠᠢ᠃ | |