ᠪᠠᠷᠠᠭᠤᠨ ᠦᠵᠦᠮᠦᠴᠢᠨ ᠬᠤᠰᠢᠭᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ‍ᠤᠨ‌‍ᠰᠦ᠋ᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠣᠷᠢᠯᠲᠠ ᠵᠢᠴᠢ ᠰᠦᠯᠵᠢᠶᠡᠨ ‍ᠦ‌ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/9/19
ᠪᠠᠷᠠᠭᠤᠨ ᠦᠵᠦᠮᠦᠴᠢᠨ ᠬᠤᠰᠢᠭᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠣᠷᠢᠯᠲᠠ ᠵᠢᠴᠢ ᠰᠦᠯᠵᠢᠶᠡᠨ ᠤᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ                             9 ᠰᠠᠷ᠎ᠠ ᠶᠢᠨ 15 ᠤ ᠡᠳᠦᠷ᠂ ︽2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠪᠠᠷᠠᠭᠤᠨ ᠦᠵᠦᠮᠦᠴᠢᠨ ᠬᠤᠰᠢᠭᠤᠨ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠨᠢ ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢ ᠶᠢᠨ ᠠᠯᠪᠠᠨ ᠭᠡᠷ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠪᠠᠶᠠᠩᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠳᠤ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠣᠷᠢᠯᠲᠠ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠳᠤ᠂ ᠠᠵᠤ ᠠᠬᠤᠶᠢᠯᠠᠯ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠣᠷᠢᠯᠲᠠ ᠥᠷᠨᠢᠭᠦᠯᠵᠦ᠂ ᠠᠢ ᠰᠧ ᠰᠢᠨᠵᠢᠯᠡᠬᠦ ᠤᠬᠠᠭᠠᠨ ᠮᠡᠷᠭᠡᠵᠢᠯ ︵ᠴᠦᠩᠴᠢᠩ︶ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ ᠯᠢᠤᠢ ᠮᠧᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠮᠡᠷᠭᠡᠵᠢᠯ ᠤᠨ ᠳᠡᠮᠵᠢᠯᠭᠡ ᠬᠠᠩᠭᠠᠵᠤ᠂ ᠲᠣᠭᠲᠠᠭᠰᠠᠨ ᠰᠦᠯᠵᠢᠶᠡᠨ ᠲᠠᠪᠴᠠᠩ ᠢᠶᠠᠷ ᠳᠠᠮᠵᠢᠭᠤᠯᠵᠤ᠂ ᠨᠢᠭᠡᠨ ᠨᠢᠭᠡᠴᠡ ᠳᠤ ᠴᠢᠭᠯᠡᠭᠦᠯᠦᠭᠰᠡᠨ ᠬᠡᠯᠪᠡᠷᠢ ᠪᠠᠷ ᠵᠢᠱᠢᠶᠡᠯᠡᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠣᠳᠠᠲᠠᠢ ᠰᠣᠷᠢᠯᠲᠠ ᠥᠷᠨᠢᠭᠦᠯᠵᠡᠢ᠃ ᠳᠠᠷᠠᠭ᠎ᠠ ᠨᠢ᠂ ᠬᠤᠰᠢᠭᠤ ᠳᠣᠲᠣᠭᠠᠳᠤ ᠶᠢ ᠬᠠᠮᠠᠭᠠᠯᠠᠬᠤ  ᠲᠣᠪᠴᠢᠶᠠᠨ ᠤ ᠠᠵᠢᠯᠲᠠᠳ ᠠᠴᠠ ᠠᠵᠤ ᠠᠬᠤᠶᠢᠯᠠᠯ ᠳᠤ ᠰᠦᠯᠵᠢᠶᠡᠨ ᠤ ᠠᠮᠤᠷ ᠲᠦᠪᠰᠢᠨ ᠤ ᠲᠤᠬᠠᠢ ᠲᠠᠶᠢᠯᠤᠮᠵᠢ ᠬᠢᠵᠦ ᠪᠣᠯᠪᠠᠰᠤᠷᠠᠯ ᠬᠦᠷᠲᠡᠭᠡᠪᠡ᠃    ᠪᠣᠯᠪᠠᠰᠤᠷᠠᠯ ᠤᠨ ᠱᠠᠭᠠᠷᠳᠠᠯᠭ᠎ᠠ    ᠨᠢᠭᠡ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ᠂ ᠰᠡᠷᠭᠡᠶᠢᠯᠡᠯᠲᠡ ᠶᠢᠨ ᠰᠣᠷᠢᠯᠲᠠ ᠶᠢᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠰᠦᠯᠵᠢᠶᠡᠨ ᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠨᠢ ᠡᠯ᠎ᠡ ᠱᠠᠲᠤᠨ ᠤ ᠠᠵᠢᠯᠲᠠᠳ ᠤᠨ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠠᠵᠤ ᠠᠬᠤᠶᠢᠯᠠᠯ ᠤᠨ ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠲᠤᠷᠰᠢᠯᠭ᠎ᠠ ᠪᠠᠨ ᠳ᠋ᠦᠩᠨᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ  ᠢ ᠭᠦᠨᠵᠡᠭᠡᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠰ ᠤᠳᠠᠭᠠᠨ ᠤ ᠰᠣᠷᠢᠯᠲᠠ ᠪᠠ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠨ᠂ ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠲᠡᠬᠡᠨ ᠪᠡᠶᠡᠯᠡᠭᠦᠯᠬᠦ ᠬᠡᠷᠡᠭᠲᠡᠢ ᠭᠡᠵᠡᠢ᠃    ᠳᠠᠷᠠᠭ᠎ᠠ ᠨᠢ᠂ ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠠᠵᠢᠯᠲᠠᠳ ᠪᠠᠶᠠᠩᠬᠤᠸᠠ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠳᠤ ᠭᠦᠨᠵᠡᠭᠡᠶᠢᠷᠡᠨ ᠲᠣᠭᠤᠷᠢᠨ ᠦᠵᠡᠭᠰᠡᠨ ᠪᠥᠭᠡᠳ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠢᠵᠡᠢ᠃ ᠲᠣᠰ ᠤᠳᠠᠭᠠᠨ ᠤ ᠵᠠᠰᠠᠭ ᠪᠠ ᠠᠵᠤ ᠠᠬᠤᠶᠢᠯᠠᠯ ᠬᠠᠮᠲᠤᠷᠠᠨ ᠥᠷᠨᠢᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠦᠯᠵᠢᠶᠡᠨ ᠤ ᠠᠮᠤᠷ ᠲᠦᠪᠰᠢᠨ ᠤ  ᠰᠡᠷᠭᠡᠶᠢᠯᠡᠯᠲᠡ ᠶᠢᠨ ᠰᠣᠷᠢᠯᠲᠠ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠨᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ  ᠶᠢ ᠰᠢᠯᠭᠠᠨ ᠪᠠᠶᠢᠴᠠᠭᠠᠭᠰᠠᠨ ᠮᠥᠷᠲᠡᠭᠡᠨ ᠠᠵᠤ ᠠᠬᠤᠶᠢᠯᠠᠯ ᠤᠨ ᠠᠵᠢᠯᠴᠢᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠤ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号