ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ 2023 ᠣᠨ ᠤ ᠪᠥᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠭᠤᠯᠪᠠ | | 9 ᠰᠠᠷ᠎ᠠ ᠶᠢᠨ 15 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠯᠠᠭᠠᠠᠬᠠᠭᠠᠯᠭ᠎ᠠ ᠰᠤᠮᠤᠨ ᠳᠤ ᠪᠥᠬᠦ ᠬᠤᠰᠢᠭᠤᠨ ᠤ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ | ᠬᠤᠷᠠᠯᠳᠤᠭᠤᠯᠪᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠯᠤᠳ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠲᠠᠶᠢᠫᠢᠩ᠂ ᠯᠢᠦ ᠴᠢᠩ᠂ ᠯᠦ ᠵᠧᠨ ᠰᠢᠨ ᠬᠤᠷᠠᠯ ᠳᠤ ᠤᠷᠤᠯᠴᠠᠵᠤ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠳᠡᠨᠢᠰᠦ᠋ᠷᠦ᠋ᠭ | ᠬᠤᠷᠠᠯ ᠡᠷᠬᠢᠯᠡᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ | ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠳ ᠪᠣᠯᠣᠨ ᠬᠠᠮᠢᠶᠠᠲᠠᠢ ᠠᠵᠢᠯᠲᠠᠨ᠂ ᠡᠯ᠎ᠡ ᠰᠤᠮᠤ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠣᠯᠣᠨ ᠠᠵᠢᠯᠲᠠᠳ ᠬᠤᠷᠠᠯ ᠳᠤ ᠣᠷᠣᠯᠴᠠᠵᠠᠢ᠃ | | ᠬᠤᠷᠠᠯ ᠳᠤ᠂ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠳᠡᠰ ᠳᠠᠷᠠᠭᠠᠯᠠᠨ ᠠᠵᠢᠯ ᠤᠨ ᠰᠣᠯᠢᠯᠴᠠᠭᠠᠨ ᠤ ᠶᠠᠷᠢᠶ᠎ᠠ ᠲᠠᠯᠪᠢᠵᠤ᠂ ᠳᠠᠷᠠᠭ᠎ᠠ ᠳᠤ ᠨᠢ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠮ ᠴᠢᠨᠠᠭᠰᠢᠲᠠ ᠴᠢᠩᠭᠠᠳᠬᠠᠨ | ᠰᠠᠶᠢᠵᠢᠷᠠᠭᠤᠯᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠣᠯᠠᠨ | ᠲᠠᠢ ᠬᠠᠷᠢᠯᠴᠠᠬᠤ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠤᠨ ᠳᠡᠭᠡᠭᠰᠢᠯᠡᠭᠦᠯᠬᠦ ᠵᠡᠷᠭᠡ ᠠᠵᠢᠯ ᠤᠨ | ᠲᠣᠭᠤᠷᠢᠨ ᠳᠤ ᠰᠠᠨᠠᠯ ᠪᠤᠳᠤᠯ ᠢᠶᠠᠨ ᠴᠢᠯᠦᠭᠡᠲᠠᠢ ᠬᠤᠪᠢᠶᠠᠯᠴᠠᠵᠠᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠤᠯᠤᠳ ᠵᠢᠯ ᠤᠨ ᠡᠬᠢᠨ ᠠᠴᠠ ᠨᠠᠰᠢᠬᠢ ᠡᠯ᠎ᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ | ᠦᠭᠡᠢ ᠲᠠᠯ᠎ᠠ ᠳᠤ ᠪᠦᠲᠦᠭᠡᠯᠴᠢ ᠴᠢᠨᠠᠷᠲᠠᠢ ᠰᠠᠨᠠᠯ ᠲᠣᠷᠠᠳᠤᠨ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ᠂ | ᠵᠣᠷᠢᠭᠲᠠᠢ ᠪᠠᠷ ᠰᠢᠨ᠎ᠡ ᠶᠢ ᠡᠭᠦᠳᠬᠦ᠂ ᠰᠢᠨ᠎ᠡ ᠴᠠᠭ ᠦᠶ᠎ᠡ ᠶᠢᠨ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ | ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠲᠣᠭᠤᠷᠢᠨ ᠳᠤ ᠴᠢᠬᠤᠯᠠ ᠶᠠᠷᠢᠶ᠎ᠠ ᠲᠠᠯᠪᠢᠵᠠᠢ᠃ | ᠪᠤᠯᠤᠳ ᠵᠢᠭᠠᠬᠤ ᠳᠠᠭᠠᠨ᠂ ᠬᠤᠶᠠᠳᠤᠭᠠᠷ ᠪᠦᠯᠦᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠢ ᠨᠢᠭᠡᠨᠲᠡ ᠡᠬᠢᠯᠡᠭᠦᠯᠵᠦ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ | ᠬᠥᠮᠦᠵᠢᠯ ᠲᠠᠢ ᠬᠠᠷᠢᠴᠠᠭᠤᠯᠪᠠᠯ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠡᠭᠦᠷᠭᠡ ᠨᠡᠩ | ᠬᠠᠲᠠᠭᠤ ᠪᠡᠷᠬᠡ ᠶᠤᠮ᠃ ᠡᠨᠡ ᠬᠦ ᠵᠠᠩᠭᠢᠯᠠᠭ᠎ᠠ ᠶᠢᠨ ᠴᠠᠭ ᠲᠤ᠂ ᠪᠦᠬᠦ ᠬᠤᠰᠢᠭᠤᠨ ᠤ ᠰᠤᠮᠤ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠢ | ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠶᠠᠪᠤᠴᠠ ᠶᠢᠨ ᠠᠷᠠᠳ | ᠤᠨ ᠠᠷᠠᠳᠴᠢᠯᠠᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠮᠤ | ᠪᠠᠯᠠᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠷᠰᠢᠯᠭ᠎ᠠ ᠪᠠ ᠠᠷᠭ᠎ᠠ | ᠶᠢ ᠳ᠋ᠦᠩᠨᠡᠨ ᠰᠣᠯᠢᠯᠴᠠᠵᠤ᠂ ᠠᠷᠠᠳ ᠤᠨ ᠲᠥᠯᠥᠭᠡᠯᠡᠭᠴᠢᠳ ᠤᠨ ᠠᠷᠠᠳ ᠤᠯᠠᠨ ᠲᠠᠢ ᠬᠠᠷᠢᠯᠴᠠᠬᠤ ᠲᠠᠪᠴᠠᠩ | ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠰᠦᠪᠡᠭᠴᠢᠯᠡᠵᠦ᠂ ᠪᠦᠬᠦ ᠬᠤᠰᠢᠭᠤᠨ ᠤ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨᠠᠵᠢᠯ ᠤᠨ ᠪᠦᠬᠦᠯᠢ ᠴᠣᠭᠴᠠ ᠶᠢᠨ | ᠬᠢᠷᠢ ᠬᠡᠮᠵᠢᠶ᠎ᠡ ᠶᠢ ᠤᠯᠠᠮ ᠴᠢᠨᠠᠭᠰᠢᠲᠠ ᠳᠡᠭᠡᠭᠰᠢᠯᠡᠭᠦᠯᠬᠦ ᠬᠡᠷᠡᠭᠲᠡᠢ ᠬᠡᠪᠡ᠃ | ᠪᠤᠯᠤᠳ ᠴᠢᠬᠤᠯᠠᠴᠢᠯᠠᠭᠰᠠᠨ ᠨᠢ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠢᠷᠠᠭᠤ ᠠᠯᠳᠠᠷᠲᠠᠢ᠂ ᠪᠢᠳᠡ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ | ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠭᠦᠷᠭᠡ | ᠬᠠᠷᠢᠭᠤᠴᠠᠯᠭ᠎ᠠ ᠪᠠᠨᠭᠦ᠋ᠢᠴᠡᠳᠬᠡᠵᠦ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠷᠢᠯᠬᠢᠯᠡᠨᠡᠭᠦᠳᠴᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠷᠠᠳᠤᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠰᠠᠶᠢᠲᠤᠷ | ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠬᠡᠷᠡᠭᠲᠠᠢ ᠬᠡᠵᠠᠢ᠃ | ᠬᠤᠷᠠᠯ ᠳᠤ ᠣᠷᠣᠯᠴᠠᠭᠰᠠᠳ ᠪᠠᠰᠠ ᠤᠷᠢᠳ ᠬᠤᠵᠢᠳ ᠤᠯᠠᠭᠠᠠᠬᠠᠭᠠᠯᠭ᠎ᠠ ᠰᠤᠮᠤᠨ ᠤ ᠪᠠᠶ᠋ᠬᠤᠪᠤᠭᠠᠲᠤ | ᠭᠠᠴᠠᠭᠠᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠷᠢᠯᠴᠠᠬᠤ | ᠦᠷᠳᠡᠭᠡ︾᠂ ᠢᠯᠠᠯᠲᠠ ᠭᠠᠴᠠᠭᠠᠨ ᠤ ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠴᠡᠭ︾᠂ 99 ᠳ᠋ᠤᠭᠡᠷ | ᠤᠶᠤᠨ ᠰᠠᠨᠠᠭᠠᠨ ᠤ ᠦᠷᠳᠡᠭᠡ ︵99号心灵驿站 ︶᠂ ᠳᠠᠪᠰᠢᠯᠲᠤ ᠭᠠᠴᠠᠭᠠᠨ ᠤ ︽ᠠᠷᠠᠳ ᠤᠨ | ᠲᠥᠯᠥᠭᠡᠯᠡᠭᠴᠢᠳ ᠤᠨ ᠬᠠᠷᠢᠯᠴᠠᠬᠤ ᠴᠡᠭ︾᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ᠂ ᠤᠯᠠᠭᠠᠠᠬᠠᠭᠠᠯᠭ᠎ᠠ ᠰᠤᠮᠤᠨ ᠤ ᠮᠠᠯᠵᠢᠬᠤ ᠤᠷᠤᠨ ᠤ ᠨᠠᠮ ᠤᠨ ᠪᠠᠶᠢᠭᠤᠯᠤᠯᠲᠠ | ᠶᠢᠨ ︽ᠬᠤᠣᠰ ᠨᠡᠪᠴᠢᠬᠦᠯᠬᠦ︾ ᠲᠥᠪ᠂ ᠤᠯᠠᠭᠠᠨᠬᠠᠯᠠᠭ᠎ᠠ ᠰᠤᠮᠤᠨ ᠤ ︽ᠠᠷᠠᠳ ᠤᠨ ᠲᠥᠯᠥᠭᠡᠯᠡᠭᠴᠢᠳ ᠤᠨ | ᠦᠷᠦᠭᠡ ︾ ᠵᠡᠷᠭᠡ ᠭᠠᠵᠠᠷ ᠢᠶᠠᠷ ᠲᠣᠭᠤᠷᠢᠨ ᠦᠵᠡᠪᠡ᠃ |