ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠤᠯᠠᠷᠢᠯ ᠤᠨ ᠣᠢ ᠰᠢᠭᠤᠶ  ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ  ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/19
        ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠤᠯᠠᠷᠢᠯ ᠤᠨ ᠣᠢ ᠰᠢᠭᠤᠶ         ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ           ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ         2023 ᠣᠨ ᠤ ᠶᠢᠰᠦᠳᠦᠭᠡᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ                                                                9 ᠰᠠᠷ᠎ᠠ ᠶᠢᠨ 13 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠠᠶᠢᠮᠠᠭ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2023 ᠣᠨ ᠤ ᠠᠷᠪᠠᠨ ᠨᠢᠭᠡᠳᠦᠭᠡᠷ ᠤᠳᠠᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠣᠳᠣᠬᠠᠨ ᠤ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠪᠠ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶ ᠪᠠᠶᠢᠳᠠᠯ ᠢ ᠵᠠᠳᠠᠯᠤᠨ ᠰᠤᠳᠤᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠰᠢᠭᠤᠨ ᠤ ᠠᠮᠤᠷ ᠲᠣᠭᠲᠠᠭᠤᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃   ᠬᠤᠰᠢᠭᠤ ᠨᠠᠮ ᠤᠨ ᠬᠤᠷᠢᠶᠠᠨ ᠤ ᠱᠦᠵᠢ ᠮᠦᠡᠭᠭᠦᠨᠱᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠡᠷᠭᠢᠯᠠᠪᠠ᠃   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋  ᠳᠠᠷᠤᠭ᠎ᠠ ᠬᠠᠶ ᠱᠠᠨ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ᠂ ᠵᠢᠶᠠ ᠶᠦᠩ ᠰᠢᠶᠠ᠂ ᠷᠧᠨ ᠳ᠋ᠧ ᠰᠢᠨ᠂ ᠬᠤᠰᠢᠭᠤ ᠲᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠮᠠ ᠮᠢᠩ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ  ᠭᠤᠤᠯᠳᠠᠯᠭ᠎ᠠ ᠲᠠᠢ ᠪᠦᠷᠢᠯᠳᠦᠬᠦᠨ ᠨᠢᠭᠡᠴᠡ ᠶᠢᠨ ᠭᠤᠤᠯ  ᠬᠠᠷᠢᠭᠤᠴᠠᠯᠭᠠᠲᠠᠨ᠂ ᠬᠠᠷᠢᠶ᠎ᠡ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠲᠠᠢ ᠬᠤᠯᠪᠣᠭᠳᠠᠨ᠎ᠠ᠃ ᠡᠯ᠎ᠡ ᠱᠠᠳᠤᠨ ᠤ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂  ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠪᠠ ᠤᠬᠠᠮᠰᠠᠷ ᠢ ᠪᠤᠶ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠤ ︽ᠬᠤᠶᠠᠷ ᠶᠡᠭᠡ ᠶᠠᠪᠤᠳᠠᠯ︾ ᠢ ᠢᠮᠠᠭᠲᠠ ᠰᠠᠶᠢᠲᠤᠷ ᠠᠳᠬᠤᠵᠤ᠂ ᠶᠡᠭᠡ ᠲᠠᠯ᠎ᠠ ᠠᠴᠠ ᠡᠭᠦᠰᠴᠦ᠂ ᠠᠶᠤᠯᠭᠦᠢ ᠦᠶᠯᠡᠳᠪᠦᠷᠢᠯᠡᠯ ᠤᠨ ᠤᠯᠤᠰ ᠲᠥᠷᠥ ᠶᠢᠨ ᠲᠠᠩᠰᠠ᠂ ᠨᠡᠶᠢᠭᠡᠮ ᠤᠨ ᠲᠠᠩᠰᠠ᠂ ᠠᠵᠤ ᠠᠬᠤᠶ ᠶᠢᠨ ᠲᠠᠩᠰᠠ ᠶᠢ ᠲᠣᠳᠣᠷᠬᠠᠶ ᠪᠤᠳᠤᠵᠤ᠂ ᠠᠶᠤᠯᠭᠦᠢ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ  ᠶᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭᠠᠵᠤ᠂ ᠠᠶᠤᠯᠭᠦᠢ ᠦᠶᠯᠡᠳᠪᠦᠷᠢᠯᠡᠯ ᠤᠨ ᠡᠯ᠎ᠡ ᠲᠥᠷᠥᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ ᠭᠡᠵᠠᠢ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠨ᠂ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠭᠦᠶᠴᠡᠳᠬᠡᠨ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ ᠵᠦᠶᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠢᠬᠤᠯᠠ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠴᠢᠩᠭ᠎ᠠ ᠰᠣᠯᠢᠭ ᠤᠷᠤᠰᠬᠠᠯᠲᠦ ᠠᠭᠤᠷ ᠠᠮᠢᠰᠬᠤᠯ  ᠢ ᠠᠷᠭᠠᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠬᠡᠵᠠᠢ᠃   ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃   ᠬᠤᠷᠠᠯ ᠳᠡᠭᠡᠷ᠎ᠡ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ 8 ᠳ᠋ᠤᠭᠠᠷ ᠰᠠᠷ᠎ᠠ ᠶᠢᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠶᠡᠷᠦᠩᠬᠡᠶ ᠪᠠᠶᠢᠳᠠᠯ ᠢ ᠮᠡᠳᠡᠭᠳᠡᠵᠦ᠂ ᠬᠤᠷᠠᠯ ᠳᠤ ᠣᠷᠣᠯᠴᠠᠭᠰᠠᠨ ᠬᠤᠪᠢᠳᠠᠨ ᠬᠠᠮᠢᠶᠠᠷᠬᠤ  ᠬᠤᠰᠢᠭᠤ ᠳᠡᠳ᠋ ᠳᠠᠷᠤᠭ᠎ᠠ ᠨᠠᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号