ᠪᠠᠷᠠᠭᠤᠨ ᠦᠵᠦᠮᠦᠴᠢᠨ ᠬᠤᠰᠢᠭᠤ ᠡᠯᠡᠰᠦᠷᠭᠡᠭᠵᠢᠨ ᠲᠠᠴᠢᠷᠰᠢᠭᠰᠠᠨ ᠨᠤᠳᠤᠭ  ᠪᠡᠯᠴᠢᠭᠡᠷ ᠢ ᠬᠠᠮᠠᠭᠠᠯᠠᠨ ᠰᠡᠷᠭᠦᠭᠡᠵᠦ ᠢᠯᠡᠳᠳᠡ ᠦᠷ᠎ᠡ ᠪᠦᠳᠦᠮᠵᠢ ᠤᠯᠪᠠ
ᠨᠡᠶᠢᠲᠡᠯᠡᠭᠰᠡᠨ ᠴᠠᠭ᠄
2023/9/19
          ᠪᠠᠷᠠᠭᠤᠨ ᠦᠵᠦᠮᠦᠴᠢᠨ ᠬᠤᠰᠢᠭᠤ ᠡᠯᠡᠰᠦᠷᠭᠡᠭᠵᠢᠨ ᠲᠠᠴᠢᠷᠰᠢᠭᠰᠠᠨ ᠨᠤᠳᠤᠭ             ᠪᠡᠯᠴᠢᠭᠡᠷ ᠢ ᠬᠠᠮᠠᠭᠠᠯᠠᠨ ᠰᠡᠷᠭᠦᠭᠡᠵᠦ ᠢᠯᠡᠳᠳᠡ ᠦᠷ᠎ᠡ ᠪᠦᠳᠦᠮᠵᠢ ᠤᠯᠪᠠ                                                             ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢᠶᠠᠨ ᠴᠤᠭᠴᠠᠯᠠᠨ ᠪᠠᠶᠢᠭᠤᠯᠵᠤ᠂ ᠡᠯᠡᠰᠦᠷᠭᠡᠭᠵᠢᠨ ᠲᠠᠴᠢᠷᠰᠢᠭᠰᠠᠨ ᠪᠡᠯᠴᠢᠭᠡᠷ ᠨᠤᠲᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠰᠠᠶᠢᠳᠤᠷ ᠬᠢᠵᠦ ᠢᠯᠡᠳᠲᠡ ᠦᠷ᠎ᠡ ᠪᠦᠲᠦᠮᠵᠢ ᠤᠯᠵᠤ ᠪᠠᠶᠢᠨ᠎ᠠ᠃  ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠴᠢᠯᠠᠭᠤᠳᠤ ᠭᠠᠴᠠᠭᠠᠨ ᠤ ᠬᠦᠨᠳᠦ ᠨᠣᠴᠢᠲᠠᠢ ᠡᠯᠡᠰᠦᠷᠭᠡᠭᠵᠢᠨ ᠲᠠᠴᠢᠷᠰᠢᠭᠰᠠᠨ ᠨᠤᠳᠤᠭ ᠢ ᠬᠠᠮᠠᠭᠠᠯᠠᠨ ᠰᠡᠷᠭᠦᠭᠡᠭᠰᠡᠨ ᠪᠡᠯᠴᠢᠭᠡᠷ ᠲᠤ ᠬᠦᠷᠬᠦ ᠳᠤ ᠂ ᠬᠢᠶᠠᠭ᠂ ᠮᠤᠷᠢᠨ ᠬᠤᠵᠢᠰᠦ᠂ ᠴᠦᠯ ᠤᠨ ᠶᠦᠷᠭᠦᠭ ᠵᠡᠷᠭᠡ ᠡᠪᠡᠰᠦ ᠤᠷᠭᠤᠮᠠᠯ ᠤᠷᠭᠤᠵᠤ ᠪᠡᠯᠴᠢᠭᠡᠷ ᠤᠨ ᠤᠷᠭᠤᠴᠠ ᠰᠡᠷᠭᠦᠨ ᠡᠯᠡᠰᠦᠷᠭᠡᠭᠵᠢᠯ ᠢ ᠨᠡᠯᠢᠶᠡᠳ ᠪᠦᠳᠦᠮᠵᠢᠳᠡᠢ ᠬᠤᠷᠢᠭᠯᠠᠭᠰᠠᠨ ᠪᠠᠶᠢᠯ᠎ᠠ᠃
 ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠢ ᠠᠮᠢ ᠠᠬᠤᠢ ᠶᠢᠨ ᠪᠣᠯᠪᠠᠰᠤᠨ ᠤ ᠬᠠᠮᠠᠭᠠᠯᠠᠯᠲᠠ ᠪᠠ ᠪᠠᠶᠢᠭᠤᠯᠤᠯᠲᠠ ᠶᠢ ᠰᠠᠶᠢᠳᠤᠷ ᠬᠢᠵᠦ᠂ 2019 ᠣᠨ ᠠᠴᠠ ᠡᠬᠢᠯᠡᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠢ ᠬᠡᠷᠡᠭᠵᠢᠬᠦᠯᠵᠦ᠂ ᠤᠷᠢᠳ ᠬᠤᠵᠢᠳ 2068 ᠲᠦᠮᠡᠨ ᠲᠥᠭᠦᠷᠢᠭ ᠤᠨ ᠪᠡᠯᠡ ᠤᠷᠤᠭᠤᠯᠤᠨ ᠨᠡᠶᠢᠳᠡ 80000 ᠮᠦ ᠡᠯᠡᠰᠦᠷᠭᠡᠭᠵᠢᠨ ᠲᠠᠴᠢᠷᠰᠢᠭᠰᠠᠨ ᠠᠮᠢ ᠠᠬᠤᠢ ᠬᠡᠪᠡᠷᠡᠭ ᠬᠠᠳᠤᠯᠠᠩ ᠪᠡᠯᠴᠢᠭᠡᠷ ᠲᠤ ᠪᠢᠳᠡᠭᠦᠮᠵᠢᠯᠡᠨ ᠬᠠᠮᠠᠭᠠᠯᠠᠬᠤ ᠪᠠᠷ ᠤᠷᠢᠲᠠᠯ ᠪᠤᠯᠭᠠᠭᠰᠠᠨ ᠡᠯᠡᠰᠦᠨ ᠬᠠᠯᠬᠠᠪᠴᠢ ᠪᠤᠰᠬᠠᠬᠤ᠂ ᠡᠪᠡᠰᠦ ᠤᠷᠭᠤᠮᠠᠯ ᠨᠥᠬᠦᠵᠦ ᠲᠠᠷᠢᠬᠤ᠂ ᠪᠡᠯᠴᠢᠭᠡᠷᠯᠡᠭᠦᠯᠬᠦ ᠶᠢ ᠵᠤᠠᠠᠰᠤᠭᠠᠬᠤ ᠠᠷᠭ᠎ᠠ ᠬᠡᠮᠵᠢᠶ᠎ᠡ ᠶᠢ ᠬᠡᠷᠡᠭᠵᠢᠬᠦᠯᠦᠨ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠪᠡ᠃ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠢ ᠬᠠᠮᠠᠭᠠᠯᠠᠬᠤ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ  ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠮᠡᠷᠭᠡᠵᠢᠯ ᠤᠨ ᠦᠢᠯᠡᠴᠢᠯᠡᠭᠡᠨ ᠤ ᠳᠤᠭᠤᠶᠢᠯᠠᠩ ᠢ ᠪᠠᠶᠢᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢᠨ ᠤᠷᠭᠤᠮᠠᠯ ᠤᠨ ᠪᠦᠷᠬᠦᠴᠡ ᠶᠢ ᠬᠠᠮᠠᠭᠠᠯᠠᠨ ᠰᠡᠷᠭᠦᠭᠡᠬᠦ ᠠᠵᠢᠯ ᠤᠨ ᠠᠷᠭ᠎ᠠ ᠲᠥᠰᠥᠯ ᠢ ᠲᠤᠭᠳᠠᠭᠠᠨ ᠨᠠᠶᠢᠷᠠᠭᠤᠯᠬᠤ᠂ ᠮᠡᠷᠭᠡᠵᠢᠯ ᠤᠨ ᠵᠢᠯᠤᠭᠤᠳᠤᠯᠭ᠎ᠠ ᠬᠢᠬᠦ᠂ ᠲᠤᠰᠬᠠᠢ ᠮᠡᠷᠭᠡᠵᠢᠯ ᠤᠨ ᠠᠵᠢᠯᠲᠠᠨ ᠢ ᠪᠤᠯᠪᠠᠰᠤᠷᠠᠭᠤᠯᠬᠤ ᠵᠡᠷᠭᠡ ᠪᠥᠬᠦ ᠶᠠᠪᠤᠴᠠ ᠳᠤ ᠮᠥᠷᠳᠡᠨ ᠦᠢᠯᠡᠴᠢᠯᠡᠵᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃
  ᠬᠡᠳᠦᠨ ᠵᠢᠯ ᠤᠨ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢᠶᠠᠷ ᠳᠡᠮᠵᠢᠨ ᠪᠠᠭ᠎ᠠ ᠳᠤᠮᠳᠠ ᠬᠡᠮᠵᠢᠶ᠎ᠡ ᠪᠠᠷ ᠡᠯᠡᠰᠦᠷᠭᠡᠭᠵᠢᠨ ᠲᠠᠴᠢᠷᠰᠢᠠᠠᠰᠠᠨ ᠪᠡᠯᠴᠢᠭᠡᠷ ᠲᠤ ᠠᠪᠤᠭᠰᠠᠨ ᠪᠢᠲᠡᠭᠦᠮᠵᠢᠯᠡᠨ ᠪᠣᠶᠢᠵᠢᠭᠤᠯᠬᠤ + ᠬᠠᠮᠠᠭᠠᠯᠠᠨ ᠵᠠᠰᠠᠬᠤ ᠲᠤᠭᠤᠷᠢᠭ ᠤᠨ ᠤᠷᠭᠤᠮᠠᠯ ᠤᠨ ᠪᠦᠷᠬᠦᠴᠡ ᠳᠤᠮᠳᠠᠴᠢ ᠪᠠᠷ 20.2%᠂ ᠥᠨᠳᠥᠷ ᠤᠨ ᠬᠡᠮᠵᠢᠶ᠎ᠡ 6.1 ᠰᠠᠨᠲ᠋ᠢᠮᠧᠲᠷ ᠨᠡᠮᠡᠭᠳᠡᠵᠦ᠂ ᠳᠤᠮᠳᠠᠴᠢ ᠤᠨᠠᠯᠳᠠ ᠨᠢ 22.31 ᠺᠢᠯᠣᠭ᠍ᠷᠠᠮ/ ᠮᠦ ᠨᠡᠮᠡᠭᠳᠡᠪᠡ᠃ ᠨᠡᠯᠢᠶᠡᠳ ᠬᠦᠨᠳᠦ ᠨᠤᠴᠢᠳᠠᠢ ᠡᠯᠡᠰᠦᠷᠭᠡᠭᠵᠢᠨ ᠲᠠᠴᠢᠷᠰᠢᠠᠠᠰᠠᠨ ᠪᠡᠯᠴᠢᠭᠡᠷ ᠲᠤ ᠠᠪᠤᠭᠰᠠᠨ ᠡᠯᠡᠰᠦᠨ ᠬᠠᠯᠬᠠᠪᠴᠢ + ᠨᠥᠬᠦᠵᠦ ᠳᠠᠷᠢᠬᠤ + ᠪᠢᠲᠡᠭᠦᠮᠵᠢᠯᠡᠨ ᠪᠣᠶᠢᠵᠢᠭᠤᠯᠬᠤ + ᠬᠠᠮᠢᠶᠠᠷᠤᠨ ᠬᠠᠮᠠᠭᠠᠯᠠᠬᠤ ᠲᠤᠭᠤᠷᠢᠭ ᠤᠨ ᠤᠷᠭᠤᠮᠠᠯ ᠤᠨ ᠪᠦᠷᠬᠦᠴᠡ ᠳᠤᠮᠳᠠᠴᠢ ᠪᠠᠷ 27.7%᠂ ᠥᠨᠳᠥᠷ ᠤᠨ ᠬᠡᠮᠵᠢᠶ᠎ᠡ 26.7 ᠰᠠᠨᠲ᠋ᠢᠮᠧᠲᠷ ᠨᠡᠮᠡᠭᠳᠡᠨ᠂ ᠳᠤᠮᠳᠠᠴᠢ ᠤᠨᠠᠯᠲᠠ ᠨᠢ 32.6 ᠺᠢᠯᠣᠭ᠍ᠷᠠᠮ/ ᠮᠦ ᠨᠡᠮᠡᠭᠳᠡᠵᠦ ᠨᠤᠲᠤᠭ ᠪᠡᠯᠴᠢᠭᠡᠷ ᠤᠨ ᠠᠮᠢ ᠠᠬᠤᠢ ᠶᠢ ᠪᠦᠳᠦᠮᠵᠢᠳᠡᠢ ᠬᠠᠮᠠᠭᠠᠯᠠᠨ ᠰᠡᠷᠭᠦᠭᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号