ᠪᠠᠶᠠᠨᠬᠤᠰᠢᠭᠤ ᠰᠤᠮᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠵᠦ ᠦᠢᠯᠡᠴᠢᠯᠡᠭᠡᠨ ᠤ ᠴᠢᠳᠠᠪᠤᠷᠢ | ᠶᠢ ᠳᠡᠭᠡᠭᠰᠢᠯᠡᠭᠦᠯᠦᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ ᠪᠤᠢ | | ᠡᠯᠪᠡᠭ ᠬᠤᠷᠢᠶᠠᠯᠲᠠ ᠪᠠᠷ ᠴᠢᠮᠡᠭᠰᠡᠨ ᠠᠯᠲᠠᠨ ᠨᠠᠮᠤᠷ ᠤᠨ ᠦᠩᠰᠢᠭ ᠣᠯᠠᠷᠢᠯ ᠳᠤ ᠂ ᠪᠠᠷᠠᠭᠤᠨ ᠦᠵᠦᠮᠦᠴᠢᠨ | ᠬᠤᠰᠢᠭᠤᠨ ᠤ ᠪᠠᠶᠠᠨᠬᠤᠰᠢᠭᠤ ᠰᠤᠮᠤᠨ ᠤ ᠰᠠᠷᠠᠭᠤᠯᠰᠢᠯᠢ ᠭᠠᠴᠠᠭᠠᠨ ᠤ ᠬᠠᠳᠣᠯᠠᠩ ᠤᠨ ᠲᠠᠯᠠᠪᠠᠢ ᠳᠤ᠂ ᠡᠪᠡᠰᠦ | ᠬᠠᠳᠣᠯᠠᠩ ᠤᠨ ᠦᠢᠯᠡᠴᠢᠯᠡᠭᠡᠨ ᠤ ᠠᠩᠭᠢ ᠶᠢᠨ ᠣᠯᠠᠨ ᠢᠵᠢ ᠮᠠᠰᠢᠨ ᠮᠧᠬᠠᠨᠢᠭ ᠶᠠᠭᠠᠷᠠᠯᠲᠠᠢ ᠠᠵᠢᠯᠯᠠᠵᠤ᠂ ᠰᠠᠯᠬᠢ | ᠪᠣᠷᠣᠭᠠᠨ ᠠᠴᠠ ᠣᠷᠢᠳᠠᠵᠤ ᠬᠠᠳᠣᠯᠠᠩ ᠤᠨ ᠠᠵᠢᠯ ᠢᠶᠠᠨ ᠠᠮᠵᠢᠭᠤᠯᠤᠨ᠎ᠠ ᠃ | ᠣᠶᠢᠷ᠎ᠠ ᠶᠢᠨ ᠵᠢᠯ ᠂ ᠮᠠᠯᠵᠢᠬᠤ ᠣᠷᠣᠨ ᠤ ᠡᠪᠡᠰᠦ ᠬᠠᠳᠣᠯᠠᠩ ᠤᠨ ᠦᠢᠯᠡᠴᠢᠯᠡᠭᠡᠨ ᠤ ᠠᠩᠭᠢ ᠨᠢ ᠡᠪᠡᠰᠦ | ᠬᠠᠳᠣᠯᠠᠩ ᠤᠨ ᠬᠠᠳᠤᠬᠤ᠂ ᠪᠣᠭᠤᠵᠢᠯᠠᠬᠤ᠂ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠵᠤ᠂ | ᠮᠠᠯ ᠠᠵᠤ ᠠᠬᠤᠢ ᠶᠢᠨ ᠦᠢᠯᠡᠳᠪᠦᠷᠢᠯᠡᠯ ᠢ ᠡᠷᠴᠢᠮᠵᠢᠭᠦᠯᠬᠦ᠂ ᠮᠠᠰᠢᠨᠴᠢᠯᠠᠬᠤ᠂ ᠠᠵᠤ ᠦᠢᠯᠡᠰᠵᠢᠭᠦᠯᠬᠦ ᠶᠢ ᠠᠬᠢᠭᠤᠯᠵᠤ᠂ | ᠮᠠᠯᠵᠢᠬᠤ ᠣᠷᠣᠨ ᠤ ᠤᠯᠠᠨ ᠡᠰᠢᠴᠢᠯᠡᠭᠰᠡᠨ ᠬᠡᠷᠡᠭᠴᠡᠭᠡ ᠶᠢ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠤᠢ ᠃ | ᠪᠠᠶᠠᠨᠬᠤᠰᠢᠭᠤ ᠰᠤᠮᠤᠨ ᠤ ᠰᠠᠷᠠᠭᠤᠯᠰᠢᠯᠢ ᠭᠠᠴᠠᠭᠠᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠪᠠᠯᠵᠢᠨᠢᠮ᠎ᠠ | ᠭᠠᠴᠠᠭᠠᠨ ᠤ ᠪᠠᠨ ᠵᠠᠯᠠᠭᠤ ᠮᠠᠯᠴᠢᠳ ᠢᠶᠠᠨ ᠳᠠᠭᠠᠭᠤᠯᠤᠨ᠂ 3 ᠳᠤᠭᠤᠶᠢᠯᠠᠩ ᠡᠪᠡᠰᠦ ᠬᠠᠳᠤᠬᠤ ᠠᠩᠭᠢ ᠪᠠ 1 ᠳᠤᠭᠤᠶᠢᠯᠠᠩ | ᠡᠪᠡᠰᠦ ᠵᠥᠭᠡᠭᠡᠪᠦᠷᠢᠯᠡᠬᠦ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠭᠠᠴᠠᠭᠠᠨ ᠤ ᠪᠠᠨ ᠬᠥᠳᠡᠯᠮᠦᠷᠢ ᠬᠦᠴᠦ | ᠳᠤᠲᠠᠮᠠᠭ᠂ ᠮᠠᠰᠢᠨ ᠲᠦᠬᠦᠭᠡᠷᠦᠮᠵᠢ ᠬᠦᠷᠦᠯᠴᠡᠬᠦ ᠦᠭᠡᠢ ᠮᠠᠯᠴᠢᠨ ᠡᠷᠦᠬᠡ ᠳᠤ ᠡᠪᠡᠰᠦ ᠬᠠᠳᠤᠵᠤ᠂ ᠲᠡᠭᠡᠭᠡᠵᠦ | ᠵᠥᠭᠡᠭᠡᠪᠦᠷᠢᠯᠡᠬᠦ ᠦᠢᠯᠡᠴᠢᠯᠡᠭᠡ ᠬᠠᠩᠭᠠᠨ᠂ ᠨᠢᠭᠡ ᠲᠠᠯ᠎ᠠ ᠪᠠᠷ ᠨᠠᠮ ᠤᠨ ᠭᠡᠰᠢᠭᠦᠨ ᠤ ᠳᠠᠶᠢᠴᠢᠯᠠᠨ ᠳᠠᠭᠠᠭᠤᠯᠬᠤ ᠦᠢᠯᠡᠳᠦᠯ | ᠢ ᠪᠠᠳᠠᠷᠠᠭᠤᠯᠵᠤ᠂ ᠨᠥᠭᠦᠭᠡ ᠲᠠᠯ᠎ᠠ ᠪᠠᠷ ᠳᠣᠭᠤᠶᠢᠯᠠᠩ ᠤᠨ ᠭᠡᠰᠢᠭᠦᠳ ᠤᠨ ᠢᠶᠠᠨ ᠮᠠᠯᠵᠢᠯ ᠤᠨ ᠪᠤᠰᠤ ᠣᠷᠣᠯᠭ᠎ᠠ ᠶᠢ | ᠪᠦᠲᠦᠮᠵᠢᠲᠡᠶ ᠨᠡᠮᠡᠭᠳᠡᠭᠦᠯᠵᠡᠢ᠃ ᠡᠭᠦᠨ ᠤ ᠬᠠᠮᠲᠤ ᠲᠣᠰ ᠭᠠᠴᠠᠭᠠᠨ ᠤ ᠬᠠᠮᠲᠤ ᠶᠢᠨ ᠬᠤᠪᠢᠴᠠᠭᠠᠲᠤ ᠠᠵᠤ ᠠᠬᠤᠢ ᠶᠢᠨ | ᠬᠤᠷᠰᠢᠶᠠᠵᠢᠯ ᠨᠢ ᠬᠤᠶᠠᠷ ᠢᠵᠢ ᠡᠪᠡᠰᠦ ᠪᠤᠭᠤᠵᠢᠯᠠᠬᠤ ᠮᠠᠰᠢᠨ ᠲᠠᠢ ᠪᠠᠶᠢᠵᠤ᠂ ᠡᠪᠡᠰᠦ ᠬᠠᠳᠣᠯᠠᠩ ᠤᠨ ᠣᠯᠠᠷᠢᠯ ᠳᠤ ᠲᠣᠰ | ᠭᠠᠴᠠᠭᠠᠨ ᠤ ᠡᠷᠦᠬᠡ ᠵᠢᠴᠢ ᠡᠷᠬᠢᠨ ᠲᠣᠭᠤᠷᠢᠨ ᠤ ᠰᠤᠮᠤ ᠭᠠᠴᠠᠭᠠᠨ ᠤ ᠮᠠᠯᠴᠢᠨ ᠡᠷᠦᠬᠡ ᠳᠤ ᠡᠪᠡᠰᠦ ᠪᠣᠭᠤᠵᠢᠯᠠᠬᠤ | ᠦᠢᠯᠡᠴᠢᠯᠡᠭᠡ ᠬᠠᠩᠭᠠᠵᠤ᠂ ᠭᠠᠴᠠᠭᠠᠨ ᠤ ᠮᠠᠯᠴᠢᠳ ᠤᠨ ᠢᠶᠠᠨ ᠪᠠᠶᠢᠭᠤᠯᠤᠭᠰᠠᠨ ᠡᠪᠡᠰᠦ ᠬᠠᠳᠣᠵᠤ᠂ ᠲᠡᠭᠡᠭᠡᠵᠦ | ᠵᠥᠭᠡᠭᠡᠪᠦᠷᠢᠯᠡᠬᠦ ᠦᠢᠯᠡᠴᠢᠯᠡᠭᠡᠨ ᠤ ᠠᠩᠭᠢ ᠲᠠᠢ ᠬᠠᠮᠲᠤᠷᠠᠨ ᠮᠠᠯᠴᠢᠨ ᠡᠷᠦᠬᠡ ᠳᠤ ᠡᠪᠡᠰᠦ ᠬᠠᠳᠣᠬᠤ᠂ ᠪᠣᠭᠤᠵᠢᠯᠠᠬᠤ᠂ | ᠲᠡᠭᠡᠭᠡᠪᠦᠷᠢᠯᠡᠬᠦ ᠨᠢᠭᠡ ᠴᠤᠭᠴᠠᠵᠢᠭᠰᠠᠨ ᠦᠢᠯᠡᠴᠢᠯᠡᠭᠡ ᠬᠠᠩᠭᠠᠵᠤ᠂ ᠴᠠᠭ ᠂ ᠬᠦᠮᠦᠨ ᠤ ᠬᠦᠴᠦ ᠶᠢ ᠠᠷᠪᠢᠯᠠᠨ᠂ ᠡᠪᠡᠰᠦ | ᠬᠠᠳᠣᠯᠠᠩ ᠤᠨ ᠥᠪᠡᠷ ᠤᠨ ᠥᠷᠲᠡᠭ ᠢ ᠳᠣᠷᠣᠭᠰᠢᠯᠠᠭᠤᠯᠵᠤ᠂ ᠦᠷ᠎ᠡ ᠠᠰᠢᠭ ᠢ ᠨᠡᠮᠡᠭᠳᠡᠭᠦᠯᠦᠨ᠂ ᠮᠠᠯᠵᠢᠬᠤ ᠣᠷᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠶᠢᠨ᠎ᠠ᠃ ᠵᠢᠯ ᠪᠦᠷᠢ ᠬᠠᠳᠣᠯᠠᠩ | ᠤᠨ ᠣᠯᠠᠷᠢᠯ ᠳᠤ ᠰᠠᠷᠠᠭᠤᠯᠰᠢᠯᠢ ᠭᠠᠴᠠᠭᠠᠨ ᠤ ᠡᠪᠡᠰᠦ ᠬᠠᠳᠣᠯᠠᠩ ᠤᠨ ᠦᠢᠯᠡᠴᠢᠯᠡᠭᠡᠨ ᠤ ᠠᠩᠭᠢ ᠨᠢ 30 ᠠᠴᠠ 40 | ᠲᠥᠮᠡᠨ ᠮᠦ ᠲᠠᠯᠠᠪᠠᠢ ᠡᠪᠡᠰᠦ ᠬᠠᠳᠣᠵᠤ ᠂ ᠭᠡᠰᠢᠭᠦᠨ ᠪᠦᠷᠢ ᠶᠢᠨ ᠳᠡᠭᠰᠢᠳᠭᠡᠭᠰᠡᠨ ᠣᠷᠣᠯᠭ᠎ᠠ ᠨᠢ 4 ᠲᠦᠮᠡᠨ | ᠲᠥᠭᠦᠷᠢᠭ ᠲᠤ ᠬᠦᠷᠴᠦ ᠂ ᠦᠢᠯᠡᠴᠢᠯᠡᠭᠡᠨ ᠤ ᠠᠩᠭᠢ ᠶᠢᠨ ᠬᠠᠮᠲᠤ ᠵᠢᠨᠣᠷᠣᠯᠭᠠ ᠨᠢ 150 ᠲᠦᠮᠡᠨ ᠲᠦᠭᠦᠷᠢᠭ ᠲᠤ | ᠬᠦᠷᠳᠡᠭ ᠪᠠᠶᠢᠵᠤ᠂ ᠭᠠᠴᠠᠭᠠᠨ ᠤ ᠬᠠᠮᠲᠤ ᠶᠢᠨ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠤᠨ ᠡᠪᠡᠰᠦ ᠪᠤᠭᠤᠵᠢᠯᠠᠬᠤ | ᠣᠷᠣᠯᠭ᠎ᠠ ᠨᠢ 20 ᠭᠠᠷᠣᠢ ᠲᠥᠮᠡ ᠬᠦᠷᠳᠡᠭ ᠪᠠᠶᠢᠨ᠎ᠠ ᠃ | ᠣᠶᠢᠷ᠎ᠠ ᠶᠢᠨ ᠵᠢᠯ ᠳᠤ᠂ ᠪᠠᠶᠠᠨᠬᠤᠰᠢᠭᠤ ᠰᠤᠮᠤ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠦᠷᠭᠦᠯᠵᠢᠯᠡᠨ | ᠠᠬᠢᠭᠤᠯᠵᠤ ᠂ ᠣᠯᠠᠨ ᠲᠥᠷᠦᠯ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠬᠦ ᠶᠢᠨ ᠬᠠᠮᠲᠤ ᠵᠣᠬᠢᠰᠲᠠᠢ ᠬᠥᠭᠵᠢᠭᠦᠯᠵᠦ | ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ | ᠰᠡᠯᠪᠢᠨ ᠵᠠᠰᠠᠬᠤ᠂ ᠬᠤᠨᠢ ᠬᠠᠶᠢᠴᠢᠯᠠᠵᠤ ᠠᠷᠭᠠᠯ ᠲᠡᠭᠦᠬᠦ᠂ ᠡᠪᠡᠰᠦ ᠬᠠᠳᠣᠬᠤ᠂ ᠪᠤᠭᠤᠵᠢᠯᠠᠬᠤ᠂ ᠵᠥᠭᠡᠭᠡᠪᠦᠷᠢᠯᠡᠬᠦ᠂ | ᠮᠠᠯ ᠤᠨ ᠬᠢᠵᠢᠭ ᠭᠡᠮ ᠢ ᠰᠡᠷᠭᠡᠶᠢᠯᠡᠨ ᠵᠠᠰᠠᠬᠤ᠂ ᠬᠡᠭᠡᠯᠲᠦᠭᠦᠯᠭᠡ ᠶᠢᠨ ᠮᠡᠷᠭᠡᠵᠢᠯ᠂ ᠣᠷᠣᠯᠠᠨ ᠭᠦᠢᠴᠡᠳᠬᠡᠬᠦ ᠵᠡᠷᠭᠡ ᠤᠯᠠᠨ | ᠵᠦᠢᠯ ᠤᠨ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠨ ᠥᠷᠭᠡᠨ ᠣᠯᠠᠨ ᠮᠠᠯᠴᠢᠳ ᠤᠨ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠶᠢ ᠢᠳᠡᠪᠬᠢᠲᠡᠢ ᠲᠠᠶᠢᠴᠢᠯᠠᠵᠦ᠂ ᠬᠥᠳᠡᠭᠡ ᠲᠣᠰᠬᠤᠨ ᠤ | ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠦᠨ᠂ ᠠᠯᠬᠤᠮ ᠠᠯᠬᠤᠮ ᠢᠶᠠᠷ ᠵᠢᠷᠦᠮᠵᠢᠭᠦᠯᠦᠨ᠂ ᠲᠣᠰᠬᠠᠶᠢᠵᠢᠭᠤᠯᠵᠤ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠠᠮᠲᠤᠷᠠᠯ ᠤᠨ ᠬᠦᠴᠦᠨ ᠢ | ᠨᠢᠭᠲᠠᠷᠠᠭᠤᠯᠤᠭᠰᠠᠨ ᠪᠠᠶᠢᠨ᠎ᠠ᠃ | ᠪᠠᠶᠠᠨᠬᠤᠰᠢᠭᠤ ᠰᠤᠮᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠥᠷᠲᠡᠭᠡ ᠨᠢ ᠣᠳᠣᠬᠠᠨ ᠳᠤ 9 ᠦᠢᠯᠡᠴᠢᠯᠡᠭᠡᠨ ᠤ | ᠠᠩᠭᠢ ᠲᠠᠢ ᠪᠠᠶᠢᠵᠤ᠂ ᠣᠳᠣᠬᠠᠨ ᠪᠣᠯᠲᠠᠯ᠎ᠠ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠦᠢᠯᠡᠴᠢᠯᠡᠭᠡᠨ ᠤ ᠠᠩᠭᠢ ᠨᠢ 222 ᠤᠳᠠᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 6913 ᠬᠥᠮᠥᠨ ᠢ ᠬᠠᠮᠤᠷᠴᠤ᠂ ᠮᠠᠯ ᠠᠵᠤ ᠠᠬᠤᠢ ᠮᠠᠯ ᠡᠮᠨᠡᠯᠭᠡ ᠶᠢᠨ | ᠦᠢᠯᠡᠴᠢᠯᠡᠭᠡᠨ ᠤ ᠠᠩᠭᠢ ᠨᠢ ᠮᠠᠯ ᠤᠨ ᠬᠤᠷᠣᠬᠠᠢ ᠲᠠᠭᠤᠬᠤ ᠂ ᠮᠠᠯ ᠤᠨ ᠡᠪᠡᠳᠴᠢᠨ ᠭᠡᠮ ᠢ ᠡᠮᠨᠡᠨ ᠵᠠᠰᠠᠬᠤ᠂ | ᠬᠥᠷᠢᠶ᠎ᠡ ᠬᠠᠰᠢᠶᠠᠨ ᠤ ᠠᠷᠢᠭᠤᠳᠬᠠᠯ ᠤᠨ ᠦᠢᠯᠡᠴᠢᠯᠡᠭᠡᠨ ᠤ ᠠᠵᠢᠯᠯᠠᠭ᠎ᠠ ᠶᠢ 35 ᠤᠳᠠᠭ᠎ᠠ ᠥᠷᠨᠢᠭᠦᠯᠵᠦ᠂ 140 ᠭᠠᠷᠤᠢ | ᠬᠥᠮᠥᠨ ᠢ ᠬᠠᠮᠤᠷᠴᠦ᠂ ᠬᠡᠭᠡᠯᠲᠦᠭᠦᠯᠭᠡ ᠶᠢᠨ ᠮᠡᠷᠭᠡᠵᠢᠯ ᠤᠨ ᠦᠢᠯᠡᠴᠢᠯᠡᠭᠡᠨ ᠤ ᠠᠩᠭᠢ ᠨᠢ ᠮᠠᠯ ᠤᠨ ᠬᠡᠭᠡᠯᠲᠦᠭᠦᠯᠭᠡ ᠶᠢᠨ | ᠦᠢᠯᠡᠴᠢᠯᠡᠭᠡ ᠶᠢ 1366 ᠤᠳᠠᠭ᠎ᠠ ᠥᠷᠨᠢᠭᠦᠯᠵᠦ᠂ 59 ᠡᠷᠦᠬᠡ ᠶᠢ ᠬᠠᠮᠤᠷᠴᠤ ᠂ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠠᠩᠭᠢ ᠨᠢ ᠮᠠᠯᠴᠢᠨ ᠡᠷᠦᠬᠡ ᠶᠢᠨ ᠵᠣᠷᠯᠣᠩ ᠢ ᠰᠡᠯᠪᠢᠨ ᠵᠠᠰᠠᠬᠤ ᠠᠵᠢᠯᠯᠠᠭ᠎ᠠ ᠥᠷᠨᠢᠭᠦᠯᠵᠦ᠂ | ᠵᠣᠷᠯᠣᠩ ᠤᠨ ᠪᠠᠺᠲ᠋ᠧᠷᠢ ᠶᠢᠨ ᠪᠣᠭᠤᠯᠲᠠ 209 ᠤᠳᠠᠭ᠎ᠠ ᠲᠠᠷᠬᠠᠭᠠᠵᠤ᠂ 733 ᠬᠥᠮᠥᠨ ᠢ ᠬᠠᠮᠤᠷᠬᠤ ᠶᠢᠨ ᠬᠠᠮᠲᠤ | ᠰᠤᠮᠤᠨ ᠤ ᠵᠠᠰᠠᠭ ᠤᠨ ᠣᠷᠳᠣᠨ ᠤ ᠠᠯᠪᠠᠯᠠᠬᠤ ᠲᠣᠭᠤᠷᠢᠭ᠂ ᠠᠮᠢᠳᠤᠷᠠᠯ ᠤᠨ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠵᠢᠴᠢ ᠡᠳᠦᠷ ᠲᠤᠲᠤᠮ ᠤᠨ ᠬᠡᠷᠡᠭᠴᠡᠭᠡ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠪᠡ᠃ | ᠲᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠰᠤᠮᠤ ᠨᠢ ᠨᠡᠶᠢᠭᠡᠮᠴᠢᠯᠡᠭᠰᠡᠨ ᠦᠢᠯᠡᠴᠢᠯᠡᠭᠡᠨ ᠤ ︽ᠦᠨᠡᠨᠴᠢ ᠪᠠᠷ | ᠦᠢᠯᠡᠴᠢᠯᠡᠵᠦ᠂ ᠦᠢᠯᠡᠴᠢᠯᠡᠭᠡ ᠶᠢ ᠠᠬᠢᠭᠤᠯᠬᠤ︾ ᠦᠢᠯᠡᠴᠢᠯᠡᠭᠡᠨ ᠤ ᠣᠶᠢᠯᠠᠭᠠᠭᠳᠠᠬᠤᠨ ᠢᠶᠠᠷ᠂ ︽ᠳᠦᠷᠢᠮᠵᠢᠭᠦᠯᠦᠨ | ᠬᠠᠮᠢᠶᠠᠷᠬᠤ᠂ ᠵᠢᠷᠤᠮᠵᠢᠭᠤᠯᠤᠨ ᠠᠵᠢᠯᠯᠠᠭᠤᠯᠬᠤ᠂ ᠪᠥᠭᠦᠳᠡ ᠳᠤ ᠠᠰᠢᠭ ᠬᠦᠷᠲᠡᠭᠡᠬᠦ︾ ᠠᠵᠢᠯ ᠤᠨ ᠣᠨᠴᠠᠯᠢᠭ ᠢ | ᠳᠣᠪᠤᠶᠢᠯᠭᠠᠵᠤ᠂ ︽ᠢᠯᠡ᠂ ᠲᠦᠷᠭᠡᠨ᠂ ᠥᠨᠳᠥᠷ ᠪᠦᠲᠦᠮᠵᠢᠲᠡᠶ᠂ ᠨᠡᠶᠢᠳᠡᠮ ᠠᠰᠢᠭ ᠬᠦᠷᠲᠡᠭᠡᠬᠦ︾ ᠠᠵᠢᠯᠯᠠᠭᠠᠨ ᠤ | ᠵᠠᠭᠪᠤᠷ ᠢ ᠬᠡᠷᠡᠭᠵᠢᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ | ᠤ ᠲᠤᠯᠭᠠᠮ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠬᠦ ᠶᠢ ᠪᠠᠲᠤᠯᠠᠬᠤ ᠪᠣᠯᠣᠨ᠎ᠠ᠃ | ᠪᠠᠶᠠᠨᠬᠤᠰᠢᠭᠤ ᠰᠤᠮᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠵᠠᠨ ᠸᠧᠨ᠄ ︽ᠰᠣᠮᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ᠡᠯ᠎ᠡ ᠭᠠᠴᠠᠭ᠎ᠠ ᠨᠢ ᠨᠡᠶᠢᠲᠡ 9 ᠦᠢᠯᠡᠴᠢᠯᠡᠭᠡᠨ ᠤ ᠠᠩᠭᠢ ᠶᠢ ᠵᠤᠬᠢᠶᠠᠨ | ᠪᠠᠶᠢᠭᠤᠯᠵᠤ ᠂ ᠦᠢᠯᠡᠴᠢᠯᠡᠭᠡᠨ ᠤ ᠠᠭᠤᠯᠭ᠎ᠠ ᠨᠢ ᠪᠠᠶᠠᠯᠢᠭ ᠪᠠᠶᠢᠵᠤ᠂ 60 ᠭᠠᠷᠣᠢ ᠦᠢᠯᠡᠴᠢᠯᠡᠭᠡᠨ ᠤ ᠲᠥᠷᠦᠯ ᠵᠦᠢᠯ ᠢ | ᠪᠠᠭᠲᠠᠭᠠᠳᠠᠭ ᠪᠠᠶᠢᠨ᠎ᠠ᠃ ᠦᠢᠯᠡᠴᠢᠯᠡᠭᠡᠨ ᠤ ᠠᠩᠭᠢ ᠶᠢᠨ ᠬᠠᠮᠢᠶᠠᠷᠣᠯᠲᠠ ᠶᠢᠨ ᠲᠠᠯ᠎ᠠ ᠪᠠᠷ ᠰᠤᠮᠣᠨ ᠤ ᠬᠤᠪᠢᠳᠠᠨ | ᠬᠠᠮᠢᠶᠠᠷᠬᠤ ᠤᠳᠤᠷᠢᠳᠤᠯᠭ᠎ᠠ ᠠᠴᠠ ᠭᠤᠤᠯᠯᠠᠨ ᠬᠠᠮᠢᠶᠠᠷᠴᠤ᠂ ᠭᠠᠴᠠᠭᠠᠨ ᠤ ᠣᠳᠣᠷᠢᠳᠣᠯᠭ᠎ᠠ ᠵᠣᠬᠢᠰᠲᠠᠢ ᠲᠤᠬᠢᠷᠠᠭᠤᠯᠳᠠᠭ᠃ | ᠬᠤᠶᠢᠰᠢᠳᠠ ᠮᠠᠨ ᠤ ᠰᠣᠮᠣ ᠨᠢ ᠨᠡᠶᠢᠭᠡᠮᠴᠢᠯᠡᠭᠰᠡᠨ ᠦᠢᠯᠡᠴᠢᠯᠡᠭᠡᠨ ᠤ ᠥᠷᠲᠡᠭᠡ ᠨᠢ ᠠᠷᠠᠳ ᠲᠤ ᠦᠢᠯᠡᠴᠢᠯᠡᠬᠦ ᠶᠠᠰᠣ ᠴᠢᠨᠠᠷ | ᠪᠠ ᠬᠢᠷᠢ ᠳᠦᠪᠰᠢᠨ ᠢᠶᠠᠨ ᠳᠡᠭᠡᠭᠰᠢᠯᠡᠭᠦᠯᠵᠦ᠂ ᠤᠯᠠᠮ ᠨᠠᠷᠢᠯᠢᠭ᠂ ᠤᠯᠠᠮ ᠭᠦᠨᠵᠡᠭᠡᠶᠢᠷᠡᠭᠦᠯᠬᠦ ᠶᠢ ᠠᠬᠢᠭᠤᠯᠬᠤ ᠪᠠᠷ ᠪᠣᠢ ︾ | ᠭᠡᠯᠡ᠃ |