ᠪᠤᠶᠠᠨᠲᠤ ᠪᠤᠭᠤᠷᠤᠯ ᠤᠳ ᠤᠨ ᠤᠳᠬ᠎ᠠ ᠲᠡᠭᠦᠯᠳᠡᠷ ᠠᠵᠢᠯᠯᠠᠭ᠎ᠠ
ᠨᠡᠶᠢᠲᠡᠯᠡᠭᠰᠡᠨ ᠴᠠᠭ᠄
2023/9/19
         ᠪᠤᠶᠠᠨᠲᠤ ᠪᠤᠭᠤᠷᠤᠯ ᠤᠳ ᠤᠨ ᠤᠳᠬ᠎ᠠ ᠲᠡᠭᠦᠯᠳᠡᠷ ᠠᠵᠢᠯᠯᠠᠭ᠎ᠠ                                   9 ᠰᠠᠷ᠎ᠠ ᠶᠢᠨ14 ᠤ  ᠡᠳᠦᠷ᠂  ᠪᠠᠷᠠᠭᠤᠨ ᠦᠵᠦᠮᠦᠴᠢᠨ ᠬᠤᠰᠢᠭᠤᠨ ᠤ  ᠵᠢᠷ ᠤᠨ ᠭᠤᠣᠯ ᠪᠠᠯᠭᠠᠰᠤᠨ ᠤ ︽ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠶ᠎ᠠ︾ ᠭᠤᠣᠯ ᠰᠡᠳᠦᠪᠲᠦ ᠰᠢᠷᠢᠰ ᠠᠵᠢᠯᠯᠠᠭ᠎ᠠ ᠵᠢᠴᠢ ᠳᠦᠷᠪᠡᠳᠡᠬᠢ ᠤᠳᠠᠭᠠᠨ ᠤ ︽ᠪᠤᠶᠠᠨᠲᠤ ᠪᠤᠭᠤᠷᠤᠯ︾ ᠨᠠᠰᠤᠲᠠᠶᠢᠴᠤᠳ ᠤᠨ ᠬᠠᠮᠲᠤ ᠶᠢᠨ ᠴᠠᠶᠢᠯᠠᠯᠭ᠎ᠠ ᠤᠳᠬ᠎ᠠ ᠲᠡᠭᠦᠯᠳᠡᠷ ᠶᠠᠪᠤᠭᠳᠠᠯ᠎ᠠ᠃
   ᠲᠤᠰ ᠤᠳᠠᠭᠠᠨ ᠤ ᠠᠵᠢᠯᠠᠯᠭ᠎ᠠ ᠶᠢ  ᠵᠢᠷ ᠤᠨ ᠭᠤᠣᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠨ᠂ ᠵᠢᠷ ᠤᠨ ᠭᠤᠣᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠠᠴᠠ ᠳᠠᠭᠠᠴᠢᠯᠠᠨ ᠡᠷᠬᠢᠯᠡᠵᠦ ᠬᠤᠰᠢᠭᠤ ᠲᠣᠲᠤᠭᠠᠳᠤ ᠶᠢᠨ ᠬᠠᠮᠠᠭᠠᠯᠠᠬᠤ ᠲᠣᠪᠴᠢᠶᠠᠨ ᠤ  ᠠᠵᠢᠯᠲᠠᠨ ᠠᠴᠠ ᠨᠠᠰᠤᠲᠠᠶᠢᠴᠤᠳ ᠲᠤ ᠪᠠᠨ ᠲᠣᠣᠷ ᠰᠦᠯᠵᠢᠶᠡᠨ ᠤ ᠮᠡᠭᠡᠯᠡᠯ ᠠᠴᠠ ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ  ᠲᠠᠶᠢᠯᠤᠮᠵᠢ ᠬᠢᠵᠦ᠂ ᠬᠤᠰᠢᠭᠤ ᠤᠯᠠᠭᠠᠨᠮᠦᠴᠢᠷ ᠤᠨ  ᠲᠣᠭᠯᠠᠭᠴᠢᠳ ᠪᠣᠯᠤᠨ ᠵᠢᠷ ᠤᠨ ᠭᠤᠣᠯ ᠪᠠᠯᠭᠠᠰᠤᠨ ᠤ ᠵᠢᠭᠠᠰᠤᠲᠠᠢ ᠭᠠᠴᠠᠭᠠᠨ ᠤ ᠬᠠᠮᠲᠤ ᠶᠢᠨ ᠳᠠᠭᠤᠨ ᠤ ᠪᠦᠯᠬᠦᠮ   ᠨᠢ  ᠤᠷᠠᠨ ᠰᠠᠶᠢᠬᠠᠨ ᠲᠣᠭᠯᠠᠯᠲᠠ ᠪᠠᠨ ᠡᠷᠭᠦᠨ ᠪᠠᠷᠢᠵᠤ  ᠥᠷᠭᠡᠨ ᠣᠯᠠᠨ ᠨᠠᠰᠤᠲᠠᠶᠢᠴᠤᠳ ᠤᠨ ᠢᠶᠠᠨ ᠪᠠᠶᠠᠷ ᠪᠠᠶᠠᠰᠤᠯ ᠲᠠᠢ ᠦᠲᠡᠯᠦᠭᠡ ᠨᠠᠰᠤ ᠪᠠᠨ ᠵᠣᠯ ᠵᠢᠷᠭᠠᠯᠲᠠᠢ ᠥᠩᠭᠡᠷᠡᠭᠦᠯᠬᠦ ᠶᠢ ᠬᠦᠰᠡᠨ ᠪᠡᠯᠭᠡᠳᠡᠭᠰᠡᠨ ᠪᠠᠶᠢᠨ᠎ᠠ᠃
   ᠠᠵᠢᠯᠯᠠᠭᠠᠨ ᠤ ᠳᠠᠷᠠᠭ᠎ᠠ ᠨᠠᠰᠤᠲᠠᠶᠢᠴᠤᠳ ᠲᠠᠭᠠᠨ ᠱᠠᠭ᠎ᠠ ᠲᠣᠭᠯᠠᠭᠠᠮ  ︵ᠮᠣᠷᠢ ᠤᠷᠤᠯᠳᠤᠬᠤ︶᠂   ︽ᠠᠮᠤᠷ ᠪᠠᠶᠠᠰᠬᠤᠯᠠᠩ︾᠂ ᠰᠡᠶ᠋ᠢᠩ ᠣᠷᠬᠢᠬᠤ ᠵᠡᠷᠭᠡ  ᠲᠠᠪᠤᠨ ᠲᠦᠷᠦᠯ ᠤᠨ ᠤᠷᠤᠯᠳᠤᠭᠠᠨ ᠤ  ᠲᠥᠷᠦᠯ ᠢ ᠵᠣᠬᠢᠶᠠᠨ ᠪᠠᠶᠢᠭᠤᠯᠵᠤ ᠪᠤᠶᠠᠨᠲᠤ ᠪᠤᠭᠤᠷᠤᠯ ᠤᠳ ᠢᠶᠠᠨ ᠪᠠᠶᠠᠰᠬᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号