ᠦᠨᠳᠦᠰᠦᠲᠡᠨ ᠨᠦᠭᠦᠳ ᠪᠥᠯᠬᠦᠮᠳᠡᠵᠦ᠂ ᠨᠢᠭᠡ ᠭᠡᠷ ᠮᠡᠲᠤ ᠳᠣᠲᠣᠨᠣ ᠪᠠᠶᠢᠬᠤ | ᠵᠠᠯᠠᠭᠤ ᠠᠵᠢᠯᠲᠠᠳ ᠤᠨ ᠨᠦᠬᠦᠷᠯᠡᠯ ᠤᠨ ᠠᠵᠢᠯᠯᠠᠭ᠎ᠠ ᠶᠠᠪᠤᠭᠳᠠᠪᠠ | | ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠪᠠᠷ ᠭᠦᠢᠴᠡᠳᠬᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ | ᠪᠣᠯᠭᠠᠵᠤ᠂ ᠦᠨᠳᠦᠰᠦᠲᠡᠨ ᠨᠦᠭᠦᠳ ᠤᠨ ᠵᠠᠯᠠᠭᠤ ᠠᠵᠢᠯᠲᠠᠨ ᠳᠤ ᠨᠥᠬᠦᠷᠯᠡᠬᠦ᠂ ᠶᠠᠪᠤᠯᠴᠠᠬᠤ᠂ ᠰᠣᠯᠢᠯᠴᠠᠬᠤ | ᠲᠠᠪᠴᠠᠩ ᠪᠠᠶᠢᠭᠤᠯᠵᠤ ᠦᠭᠬᠦ ᠶᠢᠨ ᠳᠤᠰᠠᠳᠠ᠂ 9 ᠰᠠᠷ᠎ᠠ ᠶᠢᠨ 16 ᠤ ᠡᠳᠦᠷ᠂ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠡᠪᠯᠡᠯ ᠤᠨ ᠬᠤᠷᠢᠶ᠎ᠠ ᠠᠴᠠ ᠭᠤᠣᠯᠯᠠᠨ | ᠡᠷᠭᠢᠯᠡᠵᠦ᠂ ᠪᠠᠶᠠᠨᠬᠤᠸᠠ ᠮᠧᠩ ᠳ᠋ᠦᠩ ᠵᠡᠭᠦᠨ ᠬᠡᠰᠡᠭ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠡᠪᠯᠡᠯ ᠤᠨ | ᠬᠤᠷᠢᠶ᠎ᠠ ᠠᠴᠠ ᠵᠠᠯᠠᠭᠤ ᠠᠵᠢᠯᠲᠠᠳ ᠤᠨ ᠨᠦᠬᠦᠷᠯᠡᠯ ᠤᠨ ᠠᠵᠢᠯᠯᠠᠭ᠎ᠠ ᠶᠢ ᠳᠠᠭᠠᠭᠠᠴᠢᠯᠠᠨ ᠶᠠᠪᠤᠭᠳᠠᠭᠤᠯᠵᠠᠢ᠃ | ᠠᠵᠢᠯᠯᠠᠭ᠎ᠠ ᠳᠤ ᠨᠡᠶᠢᠲᠡ 70 ᠭᠠᠷᠤᠢ ᠰᠢᠯᠢᠳᠡᠭ ᠵᠠᠯᠠᠭᠤ ᠠᠵᠢᠯᠲᠠᠨ ᠣᠷᠤᠯᠴᠠᠵᠤ᠂ ᠠᠭᠤᠯᠭ᠎ᠠ ᠪᠠᠶᠠᠯᠢᠭ᠂ | ᠠᠮᠢᠳᠤᠯᠢᠭ ᠠᠷᠭ᠎ᠠ ᠬᠡᠯᠪᠡᠷᠢ ᠪᠠᠷ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠭᠰᠡᠨ ᠢᠶᠠᠷ᠂ ᠵᠠᠯᠠᠭᠤᠴᠤᠳ | ᠲᠣᠭᠯᠠᠭᠠᠮ ᠤᠨ ᠳᠤᠮᠳᠠ ᠴᠢᠯᠦᠭᠡᠲᠠᠢ ᠲᠠᠨᠢᠯᠴᠠᠨ᠂ ᠬᠠᠮᠲᠤᠪᠠᠷ ᠲᠣᠭᠯᠠᠨ ᠪᠠᠶᠠᠰᠴᠤ᠂ ᠠᠳᠡ ᠰᠠᠨᠠᠭ᠎ᠠ ᠰᠡᠳᠬᠢᠯ | ᠲᠠᠭᠠᠷᠠᠭᠰᠠᠨ ᠨᠢᠭᠡᠨ ᠲᠠᠢ ᠪᠠᠨ ᠤᠴᠠᠷᠠᠵᠤ᠂ ᠬᠤᠶᠢᠰᠢᠳᠠ ᠨᠡᠩ ᠰᠠᠶᠢᠨ ᠦᠶᠡᠷᠬᠡᠨ ᠨᠠᠶᠢᠵᠠᠯᠠᠵᠤ ᠴᠢᠳᠠᠬᠤ ᠶᠢ | ᠬᠦᠰᠡᠵᠦ ᠪᠠᠶᠢᠨ᠎ᠠ ᠭᠡᠵᠦ ᠵᠠᠯᠠᠭᠤᠴᠤᠳ ᠢᠯᠡᠷᠬᠡᠶᠢᠯᠡᠵᠦ ᠪᠠᠶᠢᠯ᠎ᠠ᠃ | ᠠᠵᠢᠯᠯᠠᠭ᠎ᠠ ᠨᠢ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠵᠠᠯᠠᠭᠤᠴᠤᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠠᠨᠬᠤᠸᠠ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠠᠯᠠᠭᠤ ᠨᠠᠰᠤᠨ ᠤ ᠬᠦᠴᠦᠨ ᠴᠢᠳᠠᠯ ᠢ | ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ | ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠵᠦ᠂ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠴᠠᠭ | ᠦᠶ᠎ᠡ ᠶᠢᠨ ᠬᠦᠭ ᠠᠶᠠᠰ ᠢ ᠴᠢᠪᠬᠠᠳᠠᠨ᠎ᠠ᠃ | | | |