ᠣᠯᠠᠨ ᠰᠠᠯᠠᠭ᠎ᠠ ᠮᠥᠴᠢᠷ ᠬᠠᠮᠲᠤᠷᠠᠨ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢᠭᠦᠢᠴᠡᠳᠬᠡᠵᠦ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠢ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠥᠷᠨᠢᠭ᠊
ᠨᠡᠶᠢᠲᠡᠯᠡᠭᠰᠡᠨ ᠴᠠᠭ᠄
2023/9/25
 ᠣᠯᠠᠨ ᠰᠠᠯᠠᠭ᠎ᠠ ᠮᠥᠴᠢᠷ ᠬᠠᠮᠲᠤᠷᠠᠨ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ  ᠭᠦᠢᠴᠡᠳᠬᠡᠵᠦ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠢ ᠴᠠᠭᠳᠠᠨ ᠪᠠᠶᠢᠴᠠᠭᠠᠵᠤ  ᠬᠢᠨᠠᠯᠲᠠ ᠲᠠᠯᠪᠢᠬᠤ ᠠᠵᠢᠯ ᠢ ᠥᠷᠨᠢᠭᠦᠯᠪᠡ                             ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠲᠦᠮᠵᠢᠲᠡᠢ ᠴᠢᠩᠭᠠᠳᠬᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠬᠠᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ ᠬᠢᠨᠠᠯᠲᠠ ᠲᠠᠯᠪᠢᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠥᠷᠨᠢᠭᠦᠯᠬᠦ ᠶᠢᠨ ᠲᠤᠰᠠᠳᠠ ᠣᠶᠢᠷ᠎ᠠ ᠶᠢᠨ ᠡᠳᠦᠷ᠂ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠴᠠᠭᠳᠠᠭ᠎ᠠ ᠶᠢᠨ ᠰᠠᠯᠪᠤᠷᠢ ᠠᠩᠭᠢ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠨᠢ ᠬᠠᠤᠯᠢ ᠴᠠᠭᠠᠵᠠ ᠶᠢᠨ ᠴᠠᠭᠳᠠᠭ᠎ᠠ ᠶᠢᠨ ᠶᠡᠭᠡ ᠠᠩᠭᠢ᠂ ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠴᠠᠭᠳᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠡᠢ᠃   ᠲᠣᠰ ᠤᠳᠠᠭᠠᠨ ᠤ ᠪᠠᠶᠢᠴᠠᠭᠠᠯᠲᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ  ᠪᠡᠯᠴᠢᠭᠡᠷ ᠰᠡᠷᠭᠦᠭᠡᠬᠦ ᠳᠦᠷᠢᠮ︾ ᠪᠠ ︽ᠰᠢᠯᠢ ᠶᠢᠨ ᠭᠤᠣᠯ ᠠᠶᠢᠮᠠᠭ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠬᠠᠤ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠰᠤᠮᠤ ᠪᠠᠯᠭᠠᠰᠤᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠨᠤᠲᠤᠭ ᠪᠡᠯᠴᠢᠭᠡᠷ ᠲᠤ ᠲᠦᠷ ᠴᠠᠭ ᠤᠨ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃   ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠯᠣᠭᠤᠴᠢ ᠦᠭᠡᠢ ᠨᠢᠰᠬᠡᠯ ᠵᠡᠷᠭᠡ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠠᠵᠢᠯ ᠳᠤ ᠠᠰᠢᠭᠯᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠢ ᠬᠤᠪᠢᠶᠠᠷᠢᠯᠠᠨ ᠲᠤᠰᠠᠭᠠᠷᠯᠠᠭᠰᠠᠨ ᠲᠣᠣᠷ ᠬᠦᠷᠢᠶ᠎ᠡ ᠨᠢ ᠡᠪᠳᠡᠭᠳᠡᠭᠰᠡᠨ ᠡᠰᠡᠬᠦ᠂ ᠭᠠᠵᠠᠷ ᠤᠨ ᠵᠠᠭᠠᠭ ᠤᠨ ᠲᠡᠮᠳᠡᠭ ᠪᠠ ᠰᠡᠷᠡᠮᠵᠢᠯᠡᠭᠦᠯᠬᠦ ᠲᠡᠮᠳᠡᠭ ᠲᠠᠯᠪᠢᠭᠰᠠᠨ ᠡᠰᠡᠬᠦ᠂ ᠪᠡᠯᠴᠢᠭᠡᠷᠯᠡᠭᠦᠯᠬᠦ ᠶᠢ ᠵᠣᠭᠰᠣᠭᠠᠬᠤ ᠨᠤᠲᠤᠭ ᠪᠡᠯᠴᠢᠭᠡᠷ ᠲᠤ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠭᠦᠯᠦᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠵᠢᠯᠣᠭᠤᠴᠢ ᠦᠭᠡᠢ ᠨᠢᠰᠬᠡᠯ ᠢᠶᠠᠷ ᠰᠡᠭᠦᠳᠡᠷᠯᠡᠨ ᠬᠠᠷᠢᠴᠠᠭᠤᠯᠬᠤ ᠪᠠᠷ ᠳᠡᠮᠵᠢᠨ᠂ ᠨᠤᠲᠤᠭ ᠪᠡᠯᠴᠢᠭᠡᠷ ᠤᠨ ᠣᠷᠴᠢᠨ ᠲᠣᠭᠤᠷᠢᠨ ᠢ ᠨᠠᠩ ᠰᠢᠭᠤᠳ᠂ ᠭᠦᠨᠵᠡᠭᠡᠢ ᠣᠶᠢᠯᠠᠭᠠᠵᠤ᠂ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠪᠠᠶᠢᠴᠠᠭᠠᠯᠲᠠ ᠶᠢᠨ ᠠᠵᠢᠯ ᠤᠨ ᠲᠠᠯ᠎ᠠ ᠳᠤ ᠮᠠᠰᠢ ᠳᠦᠭᠦᠮ ᠦᠵᠡᠭᠦᠯᠦᠭᠰᠡᠨ ᠪᠠᠶᠢᠨ᠎ᠠ᠃ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠭᠤ ᠶᠢ ᠪᠠᠶᠢᠴᠠᠭᠠᠬᠤ ᠡᠭᠦᠷᠭᠡ ᠴᠢᠳᠠᠪᠬᠢ ᠪᠠᠨ ᠤᠯᠠᠮ ᠨᠢᠭᠡ ᠠᠯᠬᠤᠮ ᠪᠠᠳᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠳᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠰᠠᠨᠠᠭᠤᠯᠭ᠎ᠠ ᠶᠢ ᠴᠠᠭ ᠲᠤᠬᠠᠢ ᠳᠤᠨᠢ ᠲᠣᠭᠲᠠᠭᠠᠨ ᠨᠡᠶᠢᠲᠡᠯᠡᠵᠦ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠨ ᠵᠠᠰᠠᠬᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠡᠬᠡ ᠤᠯᠤᠰ ᠤᠨ ᠤᠮᠠᠷᠠᠳᠤ ᠬᠢᠯᠢ ᠶᠢᠨ ᠲᠠᠯ᠎ᠠ ᠨᠤᠲᠤᠭ ᠲᠤ ᠨᠡᠩ ᠬᠦᠴᠦᠲᠡᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠬᠠᠩᠭᠠᠵᠤ᠂ ᠬᠠᠤᠯᠢ ᠴᠠᠭᠠᠵᠠ ᠶᠢᠨ ᠬᠢᠨᠠᠯᠲᠠ ᠪᠠᠷ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号