ᠮᠥᠩᠭᠦᠨᠱᠠ ᠬᠢᠮᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/9/25
  ᠮᠥᠩᠭᠦᠨᠱᠠ ᠬᠢᠮᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠪᠠ                       9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠮᠥᠩᠭᠦᠨᠱᠠ ᠪᠠᠷᠠᠭᠤᠨ ᠦᠵᠦᠮᠦᠴᠢᠨ ᠬᠤᠰᠢᠭᠤᠨ ᠤ ᠶᠢᠨ ᠲᠢᠶᠠᠨ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠾᠧᠩ ᠲᠠᠢ ᠬᠡᠢ ᠪᠡᠶᠡᠲᠦ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃
  ᠮᠥᠩᠭᠦᠨᠱᠠ ᠵᠢᠭᠠᠬᠤ ᠳᠠᠭᠠᠨ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠷᠪᠠᠨ ᠬᠤᠶᠠᠳᠤᠭᠠᠷ ᠤᠳᠠᠭᠠᠨ ᠤ ᠲᠣᠭᠲᠠᠮᠠᠯ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠩᠭᠢᠨ ᠬᠤᠰᠢᠭᠤᠨ ᠤ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ ᠭᠠᠷᠤᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠦᠢᠯᠡᠳᠪᠦᠷᠢᠯᠡᠯ ᠵᠢᠴᠢ ᠪᠠᠶᠢᠴᠠᠭᠠᠨ ᠰᠡᠯᠪᠢᠬᠦ ᠬᠤᠭᠤᠴᠠᠭᠠᠨ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠬᠦ ᠭᠡᠷᠡᠭᠲᠡᠢ ᠭᠡᠵᠡᠢ᠃
  ᠮᠥᠩᠭᠦᠨᠱᠠ ᠴᠢᠬᠤᠯᠠᠴᠢᠯᠠᠭᠰᠠᠨ ᠨᠢ᠂ ᠨᠢᠭᠡ ᠳᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠨᠢ ᠠᠵᠤ ᠠᠬᠤᠶᠢᠯᠠᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠨ ᠨᠠᠷᠢᠯᠢᠭ ᠣᠨᠣᠪᠴᠢᠲᠠᠢ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠲᠡᠢ᠃ ᠬᠤᠶᠠᠷ ᠲᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠥᠬᠦ ᠬᠤᠰᠢᠭᠤᠨ  ᠳᠤ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠪᠠᠶᠢᠴᠠᠭᠠᠨ ᠰᠡᠯᠪᠢᠬᠦ ᠠᠵᠢᠯ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠪᠠᠶᠢᠴᠠᠭᠠᠨ ᠰᠡᠯᠪᠢᠬᠦ ᠠᠵᠢᠯ ᠤᠨ ᠠᠮᠤᠷ ᠲᠦᠪᠰᠢᠨ ᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠃ ᠭᠤᠷᠪᠠ ᠳᠤ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨ᠎ᠡ ᠠᠵᠢᠯ ᠲᠦᠷᠦᠯ᠂ ᠬᠦᠷᠢᠶ᠎ᠡ ᠬᠡᠪᠴᠢᠶ᠎ᠡ ᠬᠤᠪᠢᠶᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠭᠤᠭᠴᠤᠭ᠎ᠠ ᠶᠢ ᠲᠤᠪᠤᠶᠢᠯᠭᠠᠵᠦ᠂ ᠭᠡᠮ ᠰᠣᠭᠤᠭ ᠢ ᠨᠢᠭᠡ ᠶᠢ ᠴᠤ ᠦᠯᠡᠳᠡᠭᠡᠯ ᠦᠭᠡᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠭᠡᠮ ᠰᠣᠭᠤᠭ ᠤᠨ ᠠᠰᠠᠭᠤᠳᠠᠯ ᠢ ᠪᠣᠳᠠᠲᠠᠢ  ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号