ᠤᠯᠤᠰ ᠤᠨ ᠵᠠᠮ ᠤᠨ 306 ᠱᠤᠭᠤᠮ ‍ᠤᠨ‌‍ᠪᠠᠯᠭᠠᠷᠭᠤᠣᠯ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠭᠤᠣᠯ ᠴᠣᠭᠴᠠ ᠵᠢᠨ‌ᠢᠨᠵᠧᠨᠧᠷᠢᠩ ᠤᠨ ᠪᠥᠬᠦ ᠱᠤᠭᠤᠮ ᠤᠨ ᠲᠡᠷᠭᠡ ᠨᠡᠪᠲᠡᠷᠡᠬᠦ ᠨᠥᠬᠦᠴᠡᠯ ᠢ ᠤᠷᠢᠳᠴᠢᠯᠠᠨ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2023/9/25
ᠤᠯᠤᠰ ᠤᠨ ᠵᠠᠮ ᠤᠨ 306 ᠱᠤᠭᠤᠮ ‍ᠤᠨ‌‍ᠪᠠᠯᠭᠠᠷᠭᠤᠣᠯ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠭᠤᠣᠯ ᠴᠣᠭᠴᠠ ᠵᠢᠨ‌ᠢᠨᠵᠧᠨᠧᠷᠢᠩ ᠤᠨ ᠪᠥᠬᠦ ᠱᠤᠭᠤᠮ ᠤᠨ ᠲᠡᠷᠭᠡ ᠨᠡᠪᠲᠡᠷᠡᠬᠦ ᠨᠥᠬᠦᠴᠡᠯ ᠢ ᠤᠷᠢᠳᠴᠢᠯᠠᠨ ᠪᠡᠶᠡᠯᠡᠭᠦᠯᠦᠨ᠎ᠡ                                 9 ᠰᠠᠷ᠎ᠠ ᠶᠢᠨ 17 ᠤ ᠡᠳᠦᠷ᠂ ᠬᠠᠮᠤᠭ ᠰᠡᠭᠦᠯᠴᠢ ᠶᠢᠨ ᠨᠢᠭᠡ ᠲᠡᠷᠭᠡ ᠪᠠᠷᠤᠭᠰᠢᠨ ᠬᠤᠯᠢᠮᠠᠭ ᠮᠠᠲ᠋ᠧᠷᠢᠶᠠᠯ ᠢ ᠪᠠᠭᠤᠯᠭᠠᠨ ᠳᠡᠪᠢᠰᠦᠭᠰᠡᠨ ᠢᠶᠠᠷ ᠤᠯᠤᠰ ᠤᠨ ᠵᠠᠮ ᠤᠨ 306 ᠱᠤᠭᠤᠮ ᠤᠨ ᠪᠠᠯᠭᠠᠷᠭᠤᠣᠯ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠣᠯ ᠢᠨᠵᠧᠨᠧᠷᠢᠩ ᠤᠨ ᠪᠥᠬᠦ ᠱᠤᠭᠤᠮ ᠤᠨ ᠲᠡᠷᠭᠡ ᠨᠡᠪᠲᠡᠷᠡᠬᠦ ᠨᠦᠭᠦᠴᠡᠯ ᠨᠢᠭᠡᠨᠲᠡ  ᠪᠦᠷᠢᠯᠳᠦᠵᠦ᠂ ᠬᠤᠶᠠᠷ ᠵᠢᠯ ᠤᠨ ᠬᠤᠭᠤᠴᠠᠭ᠎ᠠ ᠲᠠᠢ ᠡᠨᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠱᠠᠲᠤᠴᠢ ᠴᠢᠨᠠᠷᠲᠠᠢ ᠠᠮᠵᠢᠯᠲᠠ ᠣᠯᠣᠭᠰᠠᠨ ᠪᠠᠶᠢᠨ᠎ᠠ᠃ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠶᠢᠨ ᠬᠠᠮᠲᠤ   ᠶᠢᠨ ᠴᠢᠷᠮᠠᠶᠢᠯᠭ᠎ᠠ ᠪᠠᠷ᠂ ᠤᠤᠯ ᠤᠨ ᠵᠢᠱᠢᠯᠲᠡ ᠪᠠᠷ ᠲᠣᠭᠲᠠᠭᠠᠭᠰᠠᠨ ᠠᠵᠢᠯ ᠲᠤᠰᠢᠶᠠᠬᠤ ᠬᠤᠭᠤᠴᠠᠭ᠎ᠠ ᠠᠴᠠ ᠤᠷᠢᠳᠴᠢᠯᠠᠨ ᠲᠡᠷᠭᠡ ᠨᠡᠪᠲᠡᠷᠡᠬᠦ ᠪᠠᠷ ᠪᠤᠯᠤᠭᠰᠠᠨ ᠪᠠᠶᠢᠨ᠎ᠠ᠃   ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠤᠭᠰᠠᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠵᠠᠮ ᠲᠡᠭᠡᠭᠡᠪᠦᠷᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠶᠠᠰᠤ ᠴᠢᠨᠠᠷ᠂ ᠠᠬᠢᠴᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠲᠣᠭᠲᠠᠭᠤᠨ ᠢᠶᠠᠷ ᠠᠬᠢᠬᠤ ᠶᠢ  ᠪᠠᠲᠤᠯᠠᠵᠠᠢ᠃   ᠲᠣᠰ ᠲᠥᠷᠥᠯ ᠵᠦᠢᠯ ᠢ 2022 ᠣᠨ ᠤ 8 ᠰᠠᠷ᠎ᠠ ᠶᠢᠨ 15 ᠤ ᠡᠳᠦᠷ ᠠᠴᠠ ᠡᠬᠢᠯᠡᠨ  ᠪᠠᠶᠢᠭᠤᠯᠪᠠ᠃ ᠡᠨᠡ  ᠨᠢ ᠤᠯᠤᠰ ᠤᠨ ᠡᠩ ᠤᠨ ᠵᠠᠮ ᠤᠨ ᠲᠣᠣᠷ ᠤᠨ 306 ᠱᠤᠭᠤᠮ ᠤᠨ ᠰᠦᠢᠶᠤᠸᠠᠨ ᠤ ᠳᠤᠮᠳᠠ ᠬᠡᠰᠡᠭ ᠠᠴᠠ ᠵᠡᠭᠦᠨ ᠬᠠᠲᠠᠪᠴᠢ ᠬᠦᠷᠬᠦ ᠵᠠᠰᠠᠮᠠᠯ ᠵᠠᠮ ᠤᠨ ᠨᠢᠭᠡ ᠬᠡᠰᠡᠭ ᠪᠠᠶᠢᠵᠤ᠂ ᠪᠦᠲᠦᠭᠡᠨ ᠪᠠᠶᠢᠭᠤᠯᠤᠭᠰᠠᠨ ᠵᠠᠮ ᠤᠨ ᠣᠷᠳᠣ ᠨᠢ 111.4 ᠺᠢᠯᠣᠮᠧᠲᠷ᠂ ᠪᠥᠬᠦ ᠱᠤᠭᠤᠮ ᠢ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠢᠷᠤᠵᠤ ᠲᠥᠯᠥᠪᠯᠡᠪᠡ᠃ ᠵᠠᠮ ᠤᠨ ᠰᠠᠭᠤᠷᠢ ᠶᠢᠨ ᠥᠷᠭᠡᠨ ᠨᠢ 12 ᠮᠧᠲᠷ᠂ ᠪᠠᠷᠤᠭᠰᠢᠨ ᠪᠧᠲ᠋ᠤᠨ ᠵᠠᠮ ᠤᠨ ᠥᠷᠭᠡᠨ ᠨᠢ 10.5 ᠮᠧᠲᠷ ᠪᠣᠯᠣᠨ᠎ᠠ᠃ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠪᠠ ᠣᠷᠣᠨ ᠪᠦᠰᠡ ᠶᠢᠨ ᠵᠠᠮ ᠤᠨ ᠲᠣᠣᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠪᠣᠯᠬᠤ ᠶᠤᠮ᠃   ᠣᠲᠣ᠂ ᠲᠣᠰ ᠲᠥᠷᠥᠯ ᠵᠦᠢᠯ ᠤᠨ ᠵᠠᠮ ᠤᠨ ᠰᠠᠭᠤᠷᠢ᠂ ᠬᠥᠭᠦᠷᠭᠡ ᠭᠤᠯᠳᠤᠩ᠂  ᠦᠨᠳᠦᠰᠦᠨ ᠱᠦᠢᠨᠢ ᠳᠠᠪᠬᠤᠷᠭ᠎ᠠ᠂  ᠪᠠᠷᠤᠭᠰᠢᠨ ᠨᠢᠭᠤᠷ ᠤᠨ ᠳᠠᠪᠬᠤᠷᠭ᠎ᠠ ᠶᠢ ᠨᠢᠭᠡᠨᠲᠡ ᠪᠦᠬᠦᠨ ᠢ ᠳᠡᠪᠢᠰᠦᠨ᠂  ᠭᠤᠣᠯ ᠴᠣᠭᠴᠠ ᠶᠢᠨ ᠢᠨᠵᠧᠨᠧᠷᠢᠩ ᠤᠨ ᠪᠥᠬᠦ ᠱᠤᠭᠤᠮ ᠨᠢᠭᠡᠨᠲᠡ ᠨᠡᠪᠲᠡᠷᠡᠪᠡ᠃ ᠣᠲᠣ ᠪᠠᠷᠢᠯᠭ᠎ᠠ ᠶᠢᠨ ᠨᠢᠭᠡᠴᠡ ᠨᠢ ᠲᠣᠬᠢᠷᠠᠮᠵᠢᠲᠠᠢ ᠴᠠᠭ ᠠᠭᠤᠷ ᠢ ᠠᠮᠵᠢᠨ᠂ ᠬᠥᠭᠦᠷᠭᠡ ᠶᠢᠨ ᠳᠠᠭᠠᠯᠲᠠ ᠪᠠᠷᠢᠯᠭ᠎ᠠ᠂ ᠵᠠᠮ ᠤᠨ ᠰᠠᠭᠤᠷᠢ ᠶᠢᠨ ᠬᠠᠮᠠᠭᠠᠯᠠᠯᠲᠠ᠂  ᠤᠰᠤ ᠵᠠᠯᠠᠬᠤ ᠂ ᠰᠠᠯᠠᠭ᠎ᠠ ᠵᠠᠮ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠢ ᠬᠢᠵᠦ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号