ᠪᠠᠷᠠᠭᠤᠨ ᠦᠵᠦᠮᠦᠴᠢᠨ ᠬᠤᠰᠢᠭᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠭᠠᠯ ᠤᠨᠲᠠᠷᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ | | 9 ᠰᠠᠷ᠎ᠠ ᠶᠢᠨ 18 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠨᠠᠮᠤᠷ ᠤᠨ ᠤᠯᠠᠷᠢᠯ ᠤᠨ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ | ᠬᠤᠷᠠᠯᠳᠤᠭᠤᠯᠵᠤ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠢ ᠡᠷᠭᠢᠯᠡᠵᠦ᠂ ᠪᠠᠷᠠᠭᠤᠨ ᠦᠵᠦᠮᠦᠴᠢᠨ | ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ | ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃ ᠡᠯ᠎ᠡ ᠰᠤᠮᠤ ᠪᠠᠯᠭᠠᠰᠤ᠂ ᠬᠤᠰᠢᠭᠤ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠪᠦᠷᠢᠯᠳᠦᠭᠦᠨ | ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠄ | ᠣᠳᠣᠬᠠᠨ ᠳᠤ ᠮᠠᠨ ᠤ ᠬᠤᠰᠢᠭᠤ ᠨᠢᠭᠡᠨᠲᠡ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ | ᠣᠷᠣᠭᠰᠠᠨ ᠪᠠᠶᠢᠨ᠎ᠠ᠃ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠣᠶᠢᠷᠠᠳᠴᠤ ᠪᠠᠶᠢᠭ᠎ᠠ ᠲᠠᠰᠢᠷᠮᠠ | ᠳᠤ᠂ ᠡᠯ᠎ᠡ ᠰᠤᠮᠤ ᠪᠠᠯᠭᠠᠰᠤ᠂ ᠡᠯ᠎ᠡ ᠪᠦᠷᠢᠯᠳᠦᠭᠦᠨ ᠨᠢᠭᠡᠴᠡ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠳᠠᠯ ᠢ ᠲᠣᠳᠣᠷᠬᠠᠢ ᠲᠠᠨᠢᠨ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠭᠤᠷᠠᠢ ᠲᠠᠯ᠎ᠠ ᠶᠢ ᠰᠡᠷᠭᠡᠭ ᠢᠶᠠᠷ | ᠲᠠᠨᠢᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ | ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠤᠯᠠᠮ ᠰᠠᠶᠢᠨ ᠨᠠᠶᠢᠳᠠᠪᠤᠷᠢᠵᠢᠭᠤᠯᠵᠤ᠂ ᠨᠠᠮᠤᠷ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠷᠡᠮᠵᠢᠯᠡᠨ ᠪᠣᠯᠭᠤᠮᠵᠢᠯᠠᠬᠤ ᠤᠬᠠᠮᠰᠠᠷ ᠢᠶᠠᠨ ᠦᠨᠡᠨᠬᠦ ᠴᠢᠩᠭᠠᠳᠬᠠᠨ᠂ | ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠭᠠᠯ ᠤᠨᠲᠠᠷᠠᠭᠠᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠄ | ᠨᠢᠭᠡ ᠳᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠪᠣᠯᠣᠨ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠡᠵᠡᠩᠨᠡᠯᠲᠡ ᠶᠢᠨ ᠨᠢᠭᠡᠴᠡ ᠶᠢᠨ ᠭᠠᠯ | ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠢ᠃ ᠬᠤᠶᠠᠷ ᠲᠤ᠂ ᠡᠷᠲᠡ ᠠᠴᠠ ᠰᠤᠳᠤᠯᠤᠨ ᠮᠠᠭᠠᠳᠯᠠᠵᠤ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ | ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠴᠢᠩᠭᠠᠳᠬᠠᠵᠤ᠂ | ᠳᠡᠭᠡᠷ᠎ᠡ ᠳᠣᠣᠷ᠎ᠠ ᠱᠠᠲᠤ ᠬᠠᠷᠢᠯᠴᠠᠨ ᠨᠡᠪᠲᠡᠷᠡᠯᠴᠡᠭᠰᠡᠨ᠂ ᠵᠣᠬᠢᠴᠠᠩᠭᠤᠢ᠂ ᠲᠤᠰᠬᠠᠯ ᠲᠦᠷᠭᠡᠨ ᠵᠢᠯᠤᠭᠤᠳᠬᠤ | ᠰᠢᠰᠲ᠋ᠧᠮ ᠪᠣᠯᠣᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠲᠠᠰᠤᠷᠠᠯᠳᠡ | ᠦᠭᠡᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠢᠶᠠᠷ | ᠵᠢᠵᠢᠭᠦᠷᠯᠡᠬᠦ ᠪᠠ ᠤᠳᠤᠷᠢᠳᠤᠯᠭ᠎ᠠ ᠠᠴᠠ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠤᠨ ᠭᠠᠮᠰᠢᠭ ᠤᠨ ᠮᠡᠳᠡᠭᠦᠯᠦᠯᠲᠡ ᠶᠢᠨ ᠳᠦᠷᠢᠮ ᠢ ᠡᠷᠡᠰ ᠬᠡᠷᠡᠭᠵᠢᠭᠦᠯᠬᠦ ᠬᠡᠷᠡᠭᠲᠡᠢ᠃ | ᠳᠥᠷᠪᠡ ᠳᠤ᠂ ᠲᠣᠭᠤᠷᠢᠨ ᠬᠠᠮᠠᠭᠠᠯᠠᠬᠤ ᠲᠣᠭᠤᠷᠢᠨ ᠪᠠᠶᠢᠴᠠᠭᠠᠬᠤ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠴᠢᠬᠤᠯᠠ ᠴᠠᠭ ᠬᠤᠭᠤᠴᠠᠭ᠎ᠠ᠂ ᠭᠤᠣᠯᠳᠠᠯᠭ᠎ᠠ ᠲᠠᠢ ᠣᠷᠣᠨ | ᠪᠦᠰᠡ ᠶᠢᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠳᠬᠠᠵᠤ᠂ ᠦᠷᠭᠦᠯᠵᠢᠯᠡᠨ ᠴᠢᠩᠭ᠎ᠠ ᠰᠡᠷᠭᠡᠶᠢᠯᠡᠨ ᠰᠠᠬᠢᠬᠤ ᠶᠢ | ᠪᠡᠶᠡᠯᠡᠭᠦᠯᠬᠦ ᠬᠡᠷᠡᠭᠲᠡᠢ᠃ ᠲᠠᠪᠤ ᠳᠤ᠂ ᠡᠯ᠎ᠡ ᠲᠥᠷᠥᠯ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠳ᠋ ᠪᠣᠳᠠᠰ ᠢ | ᠢᠳᠡᠪᠬᠢᠲᠡᠢ ᠨᠦᠬᠦᠪᠦᠷᠢᠯᠡᠨ᠂ ᠪᠠᠰᠠ ᠰᠠᠶᠢᠲᠤᠷ ᠠᠷᠠᠴᠢᠯᠠᠨ ᠬᠠᠮᠠᠭᠠᠯᠠᠬᠤ ᠶᠢᠨ ᠬᠠᠮᠲᠤ ᠪᠠᠶᠢᠴᠠᠭᠠᠨ ᠵᠠᠰᠠᠵᠤ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ᠵᠢᠷᠭᠤᠭ᠎ᠠ ᠳᠤ᠂ ᠭᠠᠯ ᠰᠡᠷᠭᠡᠶᠢᠯᠡᠬᠦ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯ ᠢ | ᠰᠠᠶᠢᠲᠤᠷ ᠬᠢᠵᠦ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠭᠠᠯ | ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠲᠤᠯᠤᠭ᠎ᠠ ᠳᠤ᠂ ᠬᠠᠤᠯᠢ ᠶᠣᠰᠣᠭᠠᠷ | ᠭᠠᠯ ᠢ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠬᠡᠷᠡᠭᠲᠡᠢ ᠭᠡᠵᠡᠢ᠃ | | |