ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠴᠣᠭᠴᠠᠯᠠᠨ ᠪᠠᠶᠢᠭᠤᠯᠤᠶ᠎ᠠ- ᠪᠠᠷᠠᠭᠤᠨ ᠦᠵᠦᠮᠦᠴᠢᠨ ᠬᠤᠰᠢᠭᠤ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/25
 ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠴᠣᠭᠴᠠᠯᠠᠨ ᠪᠠᠶᠢᠭᠤᠯᠤᠶ᠎ᠠ- ᠪᠠᠷᠠᠭᠤᠨ ᠦᠵᠦᠮᠦᠴᠢᠨ ᠬᠤᠰᠢᠭᠤ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ                         ᠢᠳᠡᠭᠡᠨ ᠤ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠳᠤ ᠬᠤᠣᠷᠳᠠᠭᠳᠠᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠥᠪ ᠣᠨᠣᠪᠴᠢᠲᠠᠶ ᠳᠦᠷᠢᠮᠵᠢᠭᠦᠯᠦᠨ ᠵᠢᠯᠣᠭᠤᠳᠬᠤ ᠶᠢᠨ ᠲᠤᠰᠠᠳᠠ᠂ 9 ᠰᠠᠷ᠎ᠠ ᠶᠢᠨ 19 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠸᠠ ᠷᠦᠨ ᠴᠠᠬᠢᠯᠭᠠᠨ ᠬᠦᠴᠦᠨ ︵ᠰᠢᠯᠢ ᠶᠢᠨ ᠭᠤᠣᠯ︶ ᠤ ᠬᠢᠵᠠᠭᠠᠷᠲᠤ ᠺᠣᠮᠫᠠᠨᠢ᠂ ᠵᠢᠷ ᠤᠨ ᠭᠤᠣᠯ ᠪᠠᠯᠭᠠᠰᠤᠨ ᠤ ᠵᠠᠰᠠᠭ ᠤᠨ ᠣᠷᠳᠣᠨ᠂  ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠢᠷ ᠤᠨ ᠭᠤᠣᠯ ᠪᠠᠯᠭᠠᠰᠤᠨ ᠤ  ᠪᠠᠶᠠᠩᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ᠃   ᠲᠣᠰ ᠤᠳᠠᠭᠠᠨ ᠤ ᠰᠣᠷᠢᠯᠲᠠ ᠶᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠡᠪᠡᠳᠴᠢᠲᠡᠨ ᠤ ᠪᠠᠶᠢᠳᠠᠯ ᠢ ᠰᠢᠢᠳᠪᠦᠷᠢᠯᠡᠬᠦ᠂ ᠣᠷᠣᠨ ᠪᠦᠰᠡ ᠶᠢ ᠲᠤᠰᠠᠭᠠᠷᠯᠠᠬᠤ᠂ ᠢᠳᠡᠭᠡᠨ ᠢ ᠪᠢᠲᠡᠭᠦᠮᠵᠢᠯᠡᠨ ᠬᠠᠳᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠬᠤᠪᠢ ᠬᠥᠮᠥᠨ ᠤ ᠬᠠᠮᠠᠭᠠᠯᠠᠯᠲᠠ ᠵᠢᠴᠢ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠤᠯᠪᠤᠭᠠᠯᠠᠨ ᠬᠥᠳᠡᠯᠦᠯᠴᠡᠬᠦ ᠵᠡᠷᠭᠡ ᠶᠢᠨ ᠠᠬᠤᠢ ᠪᠠᠶᠢᠳᠠᠯ ᠢ ᠳᠠᠭᠤᠷᠢᠶᠠᠬᠤ ᠬᠡᠯᠪᠡᠷᠢ ᠪᠠᠷ ᠶᠠᠪᠤᠭᠳᠠᠭᠤᠯᠵᠠᠢ᠃ ᠪᠦᠬᠦᠶᠢᠯᠡ ᠰᠣᠷᠢᠯᠲᠠ   ᠶᠢᠨ ᠶᠠᠪᠤᠴᠠ ᠨᠢ ᠡᠮᠬᠢ ᠵᠢᠷᠤᠮ ᠲᠠᠢ ᠪᠠᠶᠢᠵᠤ᠂ ᠭᠡᠨᠡᠳᠲᠡ   ᠶᠢᠨ ᠬᠡᠷᠡᠭ ᠢ ᠲᠦᠷᠭᠡᠨ ᠪᠥᠭᠡᠳ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠣᠳᠠᠲᠤ ᠰᠣᠷᠢᠯᠲᠠ ᠪᠠᠷ ᠬᠠᠷᠠᠭᠤᠯᠵᠠᠢ᠃︽ᠠᠮᠤ ᠬᠦᠨᠡᠰᠦ ᠪᠣᠯ ᠠᠷᠠᠳ ᠢᠷᠭᠡᠳ ᠤᠨ ᠲᠡᠷᠢᠭᠦᠨ ᠬᠡᠷᠡᠭᠴᠡᠭᠡ᠂ ᠠᠮᠤᠷ ᠲᠦᠪᠰᠢᠨ ᠪᠣᠯ ᠠᠮᠤ ᠬᠦᠨᠡᠰᠦ ᠶᠢᠨ ᠴᠢᠬᠤᠯᠠ ᠪᠠᠲᠤᠯᠠᠭ᠎ᠠ︾ ᠪᠣᠯᠣᠨ᠎ᠠ᠃ ᠣᠳᠣᠬᠠᠨ ᠳᠤ ᠮᠠᠨ ᠤ ᠬᠤᠰᠢᠭᠤ ᠶᠠᠭ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠪᠠᠶᠢᠭᠤᠯᠵᠤ  ᠪᠠᠶᠢᠭ᠎ᠠ ᠶᠤᠮ᠃ ᠢᠳᠡᠭᠡᠨ ᠤ ᠠᠮᠤᠷ ᠲᠦᠪᠰᠢᠨ ᠨᠢ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠲᠣᠰ ᠤᠳᠠᠭᠠᠨ ᠤ ᠰᠣᠷᠢᠯᠲᠠ ᠢᠶᠠᠷ ᠳᠠᠮᠵᠢᠭᠤᠯᠤᠨ᠂ ︽ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠣᠭᠲᠠᠭᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠨᠤᠲᠠᠯᠠᠵᠤ᠂ ᠢᠳᠡᠭᠡᠨ ᠳᠤ ᠬᠤᠣᠷᠳᠠᠭᠳᠠᠭᠰᠠᠨ ᠭᠡᠨᠡᠳᠲᠡ ᠶᠢᠨ ᠬᠡᠷᠡᠭ ᠢ ᠵᠣᠬᠢᠴᠠᠭᠤᠯᠬᠤ ᠴᠢᠳᠠᠪᠤᠷᠢ᠂ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ  ᠳᠡᠭᠡᠭᠰᠢᠯᠡᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号