ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮᠤᠷ ᠤᠨ ᠤᠯᠠᠷᠢᠯ ᠤᠨ | ᠲᠠᠯ᠎ᠠ ᠨᠤᠳᠤᠭ ᠤᠢ ᠰᠢᠭᠤᠢ ᠶᠢᠨ ᠭᠠᠯ ᠳᠦᠢᠮᠡᠷ ᠢ ᠴᠢᠩᠭ᠎ᠠ ᠰᠡᠷᠭᠡᠶᠢᠯᠡᠭᠦ ᠲᠤᠬᠠᠢ ᠵᠠᠷᠯᠢᠭ | | ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠠᠵᠢᠯ ᠢ | ᠤᠯᠠᠮ ᠨᠢᠭᠡ ᠠᠯᠬᠤᠮ ᠴᠢᠩᠭᠠᠳᠬᠠᠵᠤ᠂ ᠲᠠᠯ᠎ᠠ ᠨᠤᠳᠤᠭ ᠤᠢ ᠰᠢᠭᠤᠢ ᠶᠢᠨ ᠭᠠᠯ ᠲᠤᠶᠢᠮᠠᠷ ᠡᠭᠦᠰᠭᠦ ᠶᠢ ᠡᠷᠡᠰ | ᠬᠤᠷᠢᠭᠯᠠᠨ᠂ ᠠᠷᠠᠳ ᠤᠯᠠᠨ ᠤ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠪᠠ ᠲᠠᠯ᠎ᠠ ᠨᠤᠳᠤᠭ ᠤᠢ | ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ ︽ᠲᠠᠯ᠎ᠠ ᠨᠤᠳᠤᠭ ᠤᠨ ᠭᠠᠯ | ᠰᠡᠷᠭᠡᠶᠢᠯᠡᠭᠦ ᠲᠦᠷᠢᠮ︾᠂ ︽ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾᠂ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾ ᠢ ᠦᠨᠳᠤᠰᠦᠯᠠᠨ | ᠂ ᠮᠠᠨ ᠤ ᠬᠤᠰᠢᠭᠤᠨ ᠤ ᠬᠢ ᠪᠠᠨ ᠪᠤᠳᠠᠳᠠᠢ ᠲᠠᠢ ᠤᠶᠠᠯᠳᠤᠭᠤᠯᠤᠨ᠂ 2023 ᠣᠨ ᠤ ᠨᠠᠮᠤᠷ ᠤᠨ ᠤᠯᠠᠷᠢᠯ ᠤᠨ | ᠲᠠᠯ᠎ᠠ ᠨᠤᠲᠤᠭ ᠣᠶ ᠰᠢᠭᠤᠢ ᠶᠢᠨ ᠭᠠᠯ ᠳᠦᠢᠮᠡᠷ ᠢ ᠴᠢᠩᠭ᠎ᠠ ᠰᠡᠷᠭᠡᠶᠢᠯᠡᠬᠦ ᠵᠠᠷᠯᠢᠭ ᠢ ᠤᠨᠴᠠᠭᠠᠶᠢᠯᠠᠨ ᠨᠡᠶᠢᠲᠡᠯᠡᠶ᠎ᠡ᠄ | ᠨᠢᠭᠡ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭ᠎ᠠ᠄ 2023 ᠤᠨ | ᠤ 9 ᠰᠠᠷ᠎ᠠ ᠶᠢᠨ 20 ᠤ ᠡᠳᠦᠷ — 11 ᠰᠠᠷ᠎ᠠ ᠶᠢᠨ 20 ᠤ ᠡᠳᠦᠷ᠃ | ᠬᠤᠶᠠᠷ᠂ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠤᠷᠤᠨ᠄ ᠡᠯ᠎ᠡ ᠰᠤᠮᠤ ᠪᠠᠯᠭᠠᠰᠤᠨ ᠤ ᠬᠤᠲᠠ | ᠲᠣᠭᠤᠷᠢᠭ ᠵᠢᠴᠢ ᠰᠠᠭᠤᠭᠠᠯᠢ ᠠᠷᠠᠳ ᠤᠨ ᠲᠣᠭᠤᠷᠢᠭ ᠢ ᠭᠠᠷᠭᠠᠪᠠᠯ᠂ ᠪᠠᠷᠠᠭᠤᠨ ᠦᠵᠦᠮᠦᠴᠢᠨ ᠬᠤᠰᠢᠭᠤᠨ ᠤ | ᠬᠠᠷᠢᠶᠠᠨ ᠳᠠᠬᠢ ᠣᠶ ᠰᠢᠭᠤᠢ᠂ ᠲᠠᠯ᠎ᠠ ᠨᠤᠲᠤᠭ ᠨᠢ ᠴᠥᠮ ᠣᠢ ᠰᠢᠭᠤᠢ ᠪᠠ ᠲᠠᠯ᠎ᠠ ᠨᠤᠲᠤᠭ ᠤᠨ ᠭᠠᠯ ᠢ ᠴᠢᠩᠭ᠎ᠠ | ᠰᠡᠷᠭᠡᠶᠢᠯᠡᠬᠦ ᠬᠠᠮᠢᠶᠠᠷᠤᠯᠲᠠ ᠶᠢᠨ ᠤᠷᠤᠨ ᠳᠤ ᠪᠠᠭᠲᠠᠨ᠎ᠠ᠃ | ᠭᠤᠷᠪᠠ᠂ ᠲᠠᠯ᠎ᠠ ᠨᠤᠲᠤᠭ ᠤᠢ ᠰᠢᠭᠤᠢ ᠶᠢᠨ ᠭᠠᠯ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭᠠᠨ ᠳᠤ | ᠂ ᠲᠠᠯ᠎ᠠ ᠨᠤᠳᠤᠭ ᠤᠶᠢᠳᠤ ᠤᠷᠤᠨ ᠳᠤ ᠭᠡᠭᠡᠷ᠎ᠡ ᠭᠠᠳᠠᠨ᠎ᠠ ᠭᠠᠯ ᠭᠡᠷᠡᠭᠯᠡᠭᠦ ᠶᠢ ᠡᠷᠡᠰ ᠴᠠᠭᠠᠵᠠᠯᠠᠵᠤ᠂ ᠡᠯ᠎ᠡ ᠨᠢᠭᠡᠴᠠ | ᠪᠠ ᠰᠠᠭᠤᠭᠠᠯᠢ ᠠᠷᠠᠳ ᠨᠢ ᠠᠮᠢᠳᠤᠷᠠᠯ ᠲᠤᠮᠳᠠ ᠭᠠᠯ ᠭᠡᠷᠡᠭᠯᠡᠭᠦ ᠳᠡᠭᠡᠨ ᠡᠷᠭᠡᠪᠰᠢ ᠴᠢᠩᠭ᠎ᠠ ᠬᠠᠮᠢᠶᠠᠷᠤᠯᠳᠠ ᠶᠢᠨ | ᠵᠠᠷᠯᠢᠭ ᠢ ᠡᠷᠡᠰ ᠭᠡᠷᠡᠭᠵᠢᠭᠦᠯᠦᠨ᠂ ᠲᠠᠪᠤᠨ ᠲᠡᠰ ᠠᠴᠠ ᠲᠡᠭᠡᠭᠰᠢᠬᠢ ᠰᠠᠯᠬᠢᠨ ᠲᠠᠢ ᠡᠳᠦᠷ ᠭᠠᠯ ᠭᠡᠷᠡᠭᠯᠡᠭᠦ ᠠᠵᠢᠯᠯᠠᠭ᠎ᠠ | ᠶᠢ ᠡᠷᠡᠰ ᠴᠠᠭᠠᠵᠠᠯᠠᠨ᠎ᠠ᠃ | ᠲᠦᠷᠪᠡ᠂ ᠲᠠᠯ᠎ᠠ ᠨᠤᠲᠤᠭ ᠣᠢ ᠰᠢᠭᠤᠢ ᠶᠢᠨ ᠭᠠᠯ ᠢ ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠬᠤᠭᠤᠴᠠᠭᠠᠨ | ᠳᠤ᠂ ᠲᠠᠯ᠎ᠠ ᠨᠤᠳᠤᠭ ᠤᠶᠢᠳᠤ ᠤᠷᠤᠨ ᠳᠤ ᠬᠤᠭ ᠨᠤᠪᠰᠢ ᠰᠢᠳᠠᠭᠠᠬᠤ᠂ ᠡᠪᠡᠰᠦ ᠰᠢᠳᠠᠭᠠᠬᠤ᠂ ᠲᠠᠮᠠᠬᠢ ᠲᠠᠳᠠᠬᠤ᠂ | ᠴᠠᠭᠠᠰᠤ ᠰᠢᠳᠠᠭᠠᠬᠤ᠂ ᠰᠢᠷᠠᠮᠠᠯ ᠰᠢᠷᠠᠬᠤ᠂ ᠢᠯᠡ ᠭᠠᠯ ᠢᠶᠠᠷ ᠳᠤᠯᠠᠭᠠᠴᠠᠬᠤ᠂ ᠭᠡᠭᠡᠷ᠎ᠡ ᠭᠠᠳᠠᠨ᠎ᠠ ᠬᠤᠭᠤᠯᠯᠠᠬᠤ ᠪᠠ | ᠫᠤᠤᠵᠢᠩ ᠲᠠᠯᠪᠢᠬᠤ᠂ ᠳ᠋ᠧᠩᠯᠤ ᠠᠰᠠᠭᠠᠬᠤ ᠵᠡᠷᠭᠡ ᠭᠡᠭᠡᠷ᠎ᠡ ᠭᠠᠳᠠᠨ᠎ᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ | ᠴᠠᠭᠠᠵᠠᠯᠠᠨ᠎ᠠ᠃ ᠡᠯ᠎ᠡ ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠭᠠᠵᠠᠷ ᠨᠢ ᠴᠠᠭᠳᠠᠨ ᠪᠠᠶᠢᠴᠠᠭᠠᠯᠳᠠ ᠪᠠᠨ ᠴᠢᠩᠭᠠᠳᠬᠠᠨ᠂ ᠭᠡᠭᠡᠷ᠎ᠡ ᠭᠠᠳᠠᠨ᠎ᠠ ᠭᠠᠯ ᠭᠡᠷᠡᠭᠯᠡᠭᠦ | ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠠᠯ᠎ᠠ ᠨᠤᠳᠤᠭ ᠤᠶᠢᠳᠤ ᠤᠷᠤᠨ ᠳᠤ ᠭᠠᠯ | ᠠᠰᠠᠭᠠᠬᠤ ᠪᠤᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠨ᠎ᠠ᠃ ᠲᠠᠯ᠎ᠠ ᠨᠤᠳᠤᠭ ᠤᠶᠢᠳᠤ ᠤᠷᠤᠨ ᠤ ᠭᠠᠯ | ᠰᠡᠷᠭᠡᠶᠢᠯᠡᠭᠦ ᠴᠢᠩᠭ᠎ᠠ ᠬᠠᠮᠢᠶᠠᠷᠤᠯᠳᠠ ᠶᠢᠨ ᠤᠷᠤᠨ ᠳᠤ ᠭᠠᠯ ᠰᠡᠷᠭᠡᠶᠢᠯᠡᠭᠦ ᠲᠦᠭᠦᠭᠡᠷᠦᠮᠵᠢ ᠤᠭᠰᠠᠷᠠᠭᠰᠠᠨ ᠦᠭᠡᠢ | ᠲᠡᠷᠭᠡ ᠤᠨᠤᠭ᠎ᠠ ᠤᠷᠤᠬᠤ ᠶᠢ ᠴᠠᠭᠠᠵᠠᠯᠠᠵᠦ᠂ ᠭᠠᠯ ᠤᠨ ᠠᠶᠤᠯ ᠤᠨ ᠲᠠᠯᠳᠠ ᠭᠡᠮ ᠰᠤᠭᠤᠭ ᠢ ᠡᠷᠡᠰ ᠬᠤᠷᠢᠭᠯᠠᠬᠤ | ᠭᠡᠷᠡᠭᠲᠡᠢ᠃ | ᠲᠠᠪᠤ᠂ ᠭᠠᠯ ᠢ ᠴᠢᠩᠭ᠎ᠠ ᠰᠡᠷᠭᠡᠶᠢᠯᠡᠨ ᠬᠠᠮᠢᠶᠠᠷᠬᠤ ᠠᠵᠢᠯ ᠢ ᠪᠦᠭᠦ ᠲᠠᠯ᠎ᠠ ᠪᠠᠷ ᠬᠢᠭᠰᠡᠨ ᠰᠠᠭᠤᠷᠢᠨ ᠲᠡᠭᠡᠷ᠎ᠡ᠂ ᠡᠯ᠎ᠡ | ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ᠂ | ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠠ ᠨᠢ ᠠᠭᠤᠯᠠ ᠲᠤᠪᠤᠴᠠᠭ᠂ ᠭᠤᠤ ᠰᠤᠪᠠᠭ᠂ ᠤᠶᠢᠳᠤ ᠤᠷᠤᠨ ᠢ | ᠪᠠᠶᠢᠴᠠᠭᠠᠬᠤ ᠠᠵᠢᠯ ᠢ ᠲᠠᠷᠤᠶᠢᠬᠠᠨ ᠦᠷᠨᠢᠭᠦᠯᠵᠤ᠂ ᠲᠤᠷ᠎ᠠ ᠪᠠᠷ ᠢᠶᠠᠨ ᠴᠢᠩᠭ᠎ᠠ ᠬᠠᠮᠢᠶᠠᠷᠤᠯᠳᠠ ᠶᠢᠨ ᠤᠷᠤᠨ ᠳᠤ | ᠤᠷᠤᠭᠰᠠᠨ ᠰᠤᠯᠠ ᠭᠦᠮᠦᠰ ᠢ ᠪᠦᠭᠦᠨ ᠢ ᠴᠢᠩᠭ᠎ᠠ ᠬᠠᠮᠢᠶᠠᠷᠤᠯᠳᠠ ᠶᠢᠨ ᠤᠷᠤᠨ ᠠᠴᠠ ᠭᠠᠷᠭᠠᠬᠤ ᠬᠡᠷᠡᠭᠲᠡᠢ᠃ | ᠬᠠᠮᠢᠶᠠᠷᠤᠯᠳᠠ ᠶᠢ ᠲᠠᠭᠠᠬᠤ ᠦᠭᠡᠢ ᠪᠤᠶᠤ ᠵᠤᠷᠢᠭᠤᠳᠠ ᠵᠦᠷᠢᠴᠡᠭᠰᠡᠳ ᠢ ᠲᠤᠭᠳᠠᠭᠠᠯ ᠶᠤᠰᠤᠭᠠᠷ ᠴᠢᠩᠭ᠎ᠠ ᠰᠢᠳᠭᠡᠵᠤ | ᠂ ᠪᠠᠶᠢᠳᠠᠯ ᠨᠢ ᠭᠦᠨᠳᠤ ᠨᠤᠴᠢᠳᠠᠢ ᠪᠤᠯ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠭᠦ | ᠭᠡᠷᠡᠭᠲᠡᠢ᠃ | ᠵᠢᠷᠭᠤᠭ᠎ᠠ᠂ ᠲᠠᠯ᠎ᠠ ᠨᠤᠳᠤᠭ ᠤᠢ ᠰᠢᠭᠤᠢ ᠶᠢᠨ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠰᠤᠮᠤ | ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ᠂ ᠨᠡᠶᠢᠭᠡᠮ ᠤᠨ ᠪᠦᠯᠭᠦᠮ᠂ ᠠᠵᠤ ᠠᠬᠤᠶᠢᠯᠠᠯ | ᠠᠵᠢᠯ ᠤᠶᠢᠯᠠᠰ ᠤᠨ ᠨᠢᠭᠡᠴᠠ᠂ ᠭᠠᠯ ᠰᠡᠷᠭᠡᠶᠢᠯᠡᠭᠦ ᠠᠩᠬᠢ ᠵᠢᠴᠢ ᠺᠠᠳ᠋ᠷ ᠤᠯᠠᠨ ᠲᠦᠮᠡᠨ᠂ ᠭᠠᠳᠠᠨ᠎ᠠ ᠠᠴᠠ ᠢᠷᠡᠭᠰᠡᠨ | ᠭᠦᠮᠦᠰ ᠤᠨ ᠲᠠᠯ᠎ᠠ ᠨᠤᠳᠤᠭ ᠤᠶᠢᠳᠤ ᠤᠷᠤᠨ ᠳᠠᠬᠢ ᠠᠯᠢᠪᠠ ᠠᠵᠢᠯᠯᠠᠭ᠎ᠠ ᠨᠢ ᠡᠷᠭᠡᠪᠰᠢ ᠭᠠᠯ ᠰᠡᠷᠭᠡᠶᠢᠯᠡᠭᠦ ᠪᠦᠭᠦ | ᠲᠠᠯ᠎ᠠ ᠶᠢᠨ ᠠᠵᠢᠯ ᠪᠤᠯᠤᠨ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠵᠢᠯᠤᠭᠤᠳᠬᠤ | ᠭᠡᠯᠳᠡᠰ ᠤᠨ ᠨᠢᠭᠡᠳᠦᠯᠳᠠᠢ ᠵᠢᠯᠤᠭᠤᠳᠤᠯᠭ᠎ᠠ ᠶᠢ ᠲᠠᠭᠠᠬᠤ ᠭᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠠ ᠪᠠ ᠬᠤᠪᠢ | ᠭᠦᠮᠦᠨ ᠨᠢ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ ᠢ ᠣᠯᠵᠦ ᠮᠡᠳᠡᠪᠡᠯ᠂ ᠴᠠᠭ ᠲᠤᠬᠠᠢ ᠳᠤᠨᠢ ᠤᠢ | ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠭᠦᠯᠭᠦ ᠤᠳᠠᠰᠤ ᠳᠤ ᠤᠳᠠᠰᠤᠳᠠᠨ ᠮᠡᠳᠡᠬᠦᠯᠵᠦ᠂ ᠤᠢ | ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠵᠢᠯᠤᠭᠤᠳᠬᠤ ᠭᠡᠯᠳᠡᠰ ᠤᠨ ᠠᠯᠪᠠᠨ ᠭᠡᠷ ᠨᠢ | ᠮᠡᠳᠡᠬᠦᠯᠦᠯᠳᠡ ᠶᠢ ᠲᠤᠰᠤᠭᠰᠠᠨ ᠤ ᠲᠠᠷᠠᠭ᠎ᠠ᠂ ᠲᠠᠷᠤᠶᠢᠬᠠᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠭᠦ ᠶᠢᠨ ᠬᠠᠮᠳᠤ ᠬᠠᠮᠢᠶ᠎ᠠ ᠪᠦᠭᠦᠢ ᠠᠷᠭ᠎ᠠ ᠠᠪᠴᠠᠯ ᠢ ᠠᠪᠴᠤ ᠭᠠᠯ ᠢ ᠤᠨᠳᠠᠷᠠᠭᠠᠬᠤ ᠭᠡᠷᠡᠭᠲᠡᠢ᠃ | ᠲᠤᠯᠤᠭ᠎ᠠ᠂ ︽ᠤᠷᠢᠳᠴᠢᠯᠠᠨ ᠰᠡᠷᠭᠡᠶᠢᠯᠡᠭᠦ ᠪᠠᠷ ᠭᠤᠤᠯ ᠪᠤᠯᠭᠠᠵᠤ᠂ ᠴᠠᠭ ᠲᠤᠬᠠᠢ ᠳᠤᠨᠢ ᠭᠠᠯ ᠳᠦᠢᠮᠡᠷ ᠢ | ᠤᠨᠲᠠᠷᠠᠭᠠᠬᠤ︾ ᠴᠢᠭᠯᠡᠯᠳᠠ ᠶᠢ ᠪᠠᠷᠢᠮᠳᠠᠯᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ | ᠲᠤᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠦᠢᠯᠡᠴᠢᠯᠡᠭᠡᠨ ᠲᠥᠪ ᠨᠢ ᠪᠠᠴᠢᠮ | ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠰᠦᠪ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠡᠳ᠋ ᠪᠤᠳᠠᠰ | ᠢ ᠭᠦᠢᠴᠡᠳ ᠨᠦᠭᠡᠴᠡᠯᠡᠨ᠂ ᠭᠠᠯ ᠤᠨᠳᠠᠷᠠᠭᠠᠬᠤ ᠪᠡᠯᠡᠳᠭᠡᠯ ᠠᠵᠢᠯ ᠢ ᠰᠠᠶᠢᠳᠤᠷ ᠬᠢᠭᠦ ᠭᠡᠷᠡᠭᠲᠡᠢ᠃ ᠡᠯ᠎ᠡ ᠰᠤᠮᠤ | ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ ᠨᠢ ᠭᠠᠯ ᠰᠡᠷᠭᠡᠶᠢᠯᠡᠭᠦ ᠠᠵᠢᠯ ᠢ ᠤᠳᠤᠬᠠᠨ ᠤ | ᠠᠵᠢᠯ ᠤᠨ ᠭᠤᠤᠯᠳᠠᠯᠭ᠎ᠠ ᠪᠤᠯᠭᠠᠨ᠂ ᠵᠠᠰᠠᠭ ᠵᠠᠬᠢᠷᠭᠠᠨ ᠤ ︽ᠨᠢᠭᠡᠳᠦᠭᠡᠷ ᠬᠠᠷᠢᠭᠤᠴᠠᠯᠭᠠᠳᠠᠨ︾ ᠬᠠᠷᠢᠭᠤᠴᠠᠬᠤ | ᠲᠦᠷᠢᠮ ᠢᠶᠠᠷ ᠭᠤᠤᠯ ᠪᠤᠯᠭᠠᠭᠰᠠᠨ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠠᠵᠢᠯ ᠤᠨ ᠬᠤᠪᠢᠶᠠᠷᠢ ᠪᠠᠨ ᠨᠠᠷᠢᠯᠢᠭᠵᠢᠭᠤᠯᠵᠤ᠂ ᠡᠯ᠎ᠡ ᠲᠦᠷᠦᠯ ᠤᠨ | ᠬᠠᠷᠢᠭᠤᠴᠠᠯᠭ᠎ᠠ ᠶᠢᠨ ᠠᠷᠭ᠎ᠠ ᠠᠪᠴᠠᠯ ᠢ ᠴᠢᠩᠭ᠎ᠠ ᠰᠡᠷᠭᠡᠶᠢᠯᠡᠯᠳᠠ ᠶᠢᠨ ᠤᠷᠤᠨ ᠪᠠ ᠭᠠᠯ ᠰᠡᠷᠭᠡᠶᠢᠯᠡᠭᠦ ᠠᠵᠢᠯ ᠤᠨ | ᠡᠯ᠎ᠡ ᠭᠤᠭᠴᠤᠭᠠᠨ ᠳᠤ ᠭᠦᠷᠳᠡᠯ᠎ᠠ ᠨᠠᠶᠢᠳᠠᠪᠤᠷᠢᠵᠢᠭᠤᠯᠬᠤ ᠭᠡᠷᠡᠭᠲᠡᠢ᠃ ᠭᠤᠤᠯ ᠤᠳᠤᠷᠢᠳᠤᠯᠭ᠎ᠠ ᠦᠪᠡᠷ ᠤᠨ ᠪᠡᠶ᠎ᠡ | ᠪᠠᠷ ᠢᠶᠠᠨ ᠲᠦᠷᠦᠭᠦᠯᠡᠨ ᠭᠠᠯ ᠰᠡᠷᠭᠡᠶᠢᠯᠡᠭᠦ ᠠᠵᠢᠯ ᠢ ᠪᠠᠶᠢᠷᠢᠯᠠᠭᠤᠯᠵᠤ᠂ ᠡᠯ᠎ᠡ ᠲᠦᠷᠦᠯ ᠤᠨ ᠠᠷᠭ᠎ᠠ ᠠᠪᠴᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠪᠡᠷ ᠤᠨ ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠵᠤ᠂ ᠭᠠᠯ ᠤᠨ ᠠᠶᠤᠯ | ᠭᠠᠷᠪᠠᠯ ᠡᠮᠦᠨ᠎ᠠ ᠹᠷᠤᠨᠲ ᠳᠤ ᠪᠡᠶ᠎ᠡ ᠪᠠᠷ ᠢᠶᠠᠨ ᠵᠢᠯᠤᠭᠤᠳᠤᠨ ᠭᠠᠯ ᠤᠨᠳᠠᠷᠠᠭᠠᠬᠤ ᠭᠡᠷᠡᠭᠲᠡᠢ᠃ | ᠨᠠᠢᠮᠠ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ | ᠶᠢᠨ ᠭᠠᠵᠠᠷ ᠨᠢ ᠭᠠᠯ ᠤᠨ ᠪᠠᠶᠢᠳᠠᠯ ᠢ ᠴᠠᠭ ᠢᠮᠠᠭᠳᠠ ᠪᠦᠬᠦ ᠲᠠᠯ᠎ᠠ ᠪᠠᠷ ᠬᠢᠨᠠᠨ ᠪᠠᠶᠢᠴᠠᠭᠠᠵᠦ᠂ ᠭᠠᠯ ᠡᠭᠦᠰᠦᠭᠰᠡᠨ | ᠰᠢᠯᠳᠠᠭᠠᠨ ᠪᠠ ᠬᠠᠨᠳᠤᠰᠢ ᠶᠢ ᠴᠠᠭ ᠲᠤᠬᠠᠢ ᠳᠤᠨᠢ ᠡᠵᠡᠮᠰᠢᠭᠦ ᠭᠡᠷᠡᠭᠲᠡᠢ᠃ ᠣᠢ ᠰᠢᠭᠤᠢ ᠶᠢᠨ ᠭᠠᠯ ᠤᠨᠲᠠᠷᠠᠭᠠᠬᠤ | ᠶᠡᠭᠡ ᠠᠩᠭᠢ᠂ ᠲᠤᠰᠬᠠᠢ ᠮᠡᠷᠭᠡᠵᠢᠯ ᠤᠨ ᠪᠠ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ ᠨᠢ ᠴᠠᠭ | ᠢᠮᠠᠭᠳ᠋ᠨ ᠪᠡᠯᠡᠬᠡᠨ ᠪᠠᠶᠢᠳᠠᠯ ᠲᠠᠢ ᠪᠠᠶᠢᠵᠦ᠂ ᠡᠯ᠎ᠡ ᠪᠠᠶᠢᠭᠤᠯᠭ᠎ᠠ ᠨᠢᠭᠡᠴᠡ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠤᠳᠠᠰ ᠢᠶᠠᠨ ᠭᠦᠢᠴᠡᠳ ᠪᠡᠯᠡᠳᠬᠡᠨ᠂ ᠭᠠᠯ ᠤᠨᠲᠠᠷᠠᠭᠠᠬᠤ ᠪᠠᠭᠠᠵᠢ ᠳᠦᠬᠦᠭᠡᠷᠦᠮᠵᠢ ᠪᠠᠨ ᠰᠠᠯᠪᠢᠨ ᠵᠠᠰᠠᠵᠦ᠂ ᠭᠠᠯ | ᠲᠤᠶᠢᠮᠠᠷ ᠭᠠᠷᠪᠠᠯ ᠲᠠᠷᠤᠶᠢᠬᠠᠨ ᠬᠦᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠪᠦᠭᠦ ᠭᠦᠴᠦᠨ ᠢᠶᠠᠷ | ᠢᠶᠠᠨ ᠭᠠᠯ ᠢ ᠤᠨᠳᠠᠷᠠᠭᠠᠨ᠂ ᠭᠠᠯ ᠲᠤᠶᠢᠮᠠᠷ ᠠᠴᠠ ᠪᠤᠯᠤᠭᠰᠠᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ | ᠬᠢᠵᠠᠭᠠᠷᠯᠠᠬᠤ ᠬᠡᠷᠡᠭᠳᠡᠢ᠃ ᠭᠠᠯ ᠤᠨᠲᠠᠷᠠᠭᠠᠬᠤ ᠶᠠᠪᠤᠴᠠ ᠳᠤ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠭᠡᠰᠢᠬᠦᠨ | ᠪᠠᠶᠢᠭᠤᠯᠭ᠎ᠠ ᠨᠢᠭᠡᠴᠠ ᠨᠢ ᠰᠠᠶᠢᠳᠤᠷ ᠬᠠᠮᠵᠢᠯᠴᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠪᠤᠷᠠᠨ | ᠳᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ ᠬᠡᠷᠡᠭᠳᠡᠢ᠃ | ᠶᠢᠰᠦ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ | ᠶᠢᠨ ᠭᠠᠵᠠᠷ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠲᠠᠭᠠᠭᠤᠯᠤᠨ ᠵᠢᠵᠢᠭᠦᠷᠯᠡᠭᠦ ᠳᠦᠷᠢᠮ ᠢ | ᠪᠠᠷᠢᠮᠳᠠᠯᠠᠨ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠬᠤ᠂ ᠬᠤᠴᠤᠷᠬᠤ ᠵᠡᠷᠭᠡ ᠪᠠᠶᠢᠳᠠᠯ ᠡᠭᠦᠰᠭᠦ ᠶᠢ | ᠴᠢᠩᠭ᠎ᠠ ᠴᠠᠭᠠᠵᠠᠯᠠᠵᠦ᠂ ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠰᠠᠭᠠᠳ ᠦᠭᠡᠢ | ᠳᠠᠮᠵᠢᠭᠤᠯᠬᠤ ᠶᠢ ᠪᠠᠳᠤᠯᠠᠬᠤ ᠬᠡᠷᠡᠭᠳᠡᠢ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠲᠠᠯ᠎ᠠ | ᠨᠤᠲᠤᠭ ᠤᠢ ᠰᠢᠭᠤᠢ ᠶᠢᠨ ᠭᠠᠯ ᠳᠦᠢᠮᠡᠷ ᠤᠨ ᠮᠡᠳᠡᠭᠦᠯᠦᠯᠳᠡ ᠶᠢᠨ ᠳᠦᠷᠢᠮ ᠢ ᠴᠢᠩᠭ᠎ᠠ ᠭᠡᠷᠡᠭᠵᠢᠭᠦᠯᠵᠤ᠂ | ᠲᠤᠭᠳᠠᠭᠠᠯ ᠶᠤᠰᠤᠭᠠᠷ ᠱᠠᠳᠤ ᠳᠠᠷᠠᠭᠠᠯᠠᠨ ᠳᠡᠭᠡᠭᠰᠢ ᠮᠡᠳᠡᠭᠦᠯᠭᠦ ᠭᠡᠷᠡᠭᠲᠡᠢ᠂ ᠤᠷᠤᠶᠢᠳᠠᠵᠦ ᠮᠡᠳᠡᠬᠦᠯᠬᠦ᠂ ᠨᠢᠭᠤᠵᠦ | ᠮᠡᠳᠡᠬᠦᠯᠬᠦ᠂ ᠬᠤᠳᠠᠯ ᠢᠶᠠᠷ ᠮᠡᠳᠡᠬᠦᠯᠬᠦ ᠨᠡᠩ ᠴᠢᠨᠠᠭᠰᠢᠯᠠᠨ ᠮᠡᠳᠡᠬᠦᠯᠬᠦ ᠦᠭᠡᠢ ᠪᠠᠶᠢᠵᠦ ᠪᠣᠯᠬᠤ ᠦᠭᠡᠢ᠃ ᠶᠠᠮᠠᠷᠪᠠ | ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠭᠠᠷ ᠤᠳᠠᠰᠤᠨ ᠤ ᠤᠬᠤᠷ ᠮᠡᠳᠡᠭᠡ᠂ ᠸᠢᠴᠠᠲ᠂ ᠪᠢᠴᠢᠯ ᠪᠦᠷᠭᠡ | ᠵᠡᠷᠭᠡ ᠪᠠᠷ ᠬᠤᠳᠠᠯ ᠬᠠᠭᠤᠷᠮᠠᠭ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠦ ᠪᠣᠯᠬᠤ ᠦᠭᠡᠢ᠂ ᠭᠡᠷᠪᠡ | ᠪᠠᠶᠢᠴᠠᠭᠠᠨ ᠢᠯᠡᠷᠡᠭᠦᠯᠪᠡᠯ ᠴᠢᠩᠭ᠎ᠠ ᠪᠠᠷ ᠰᠢᠳᠬᠡᠨ᠎ᠡ᠃ ᠤᠬᠠᠭᠤᠯᠭ᠎ᠠ ᠶᠢᠨ ᠵᠠᠭᠤᠴᠢᠯᠠᠭᠤᠷ ᠨᠢ ᠲᠠᠯ᠎ᠠ ᠨᠤᠲᠤᠭ ᠤᠢ | ᠰᠢᠭᠤᠢ ᠶᠢᠨ ᠭᠠᠯ ᠳᠦᠢᠮᠡᠷ ᠢ ᠰᠤᠨᠢᠨ ᠮᠡᠳᠡᠭᠡ ᠪᠠᠷ ᠮᠡᠳᠡᠭᠡᠯᠡᠬᠦ ᠳᠤᠭᠲᠠᠭᠠᠯ ᠢ ᠴᠢᠩᠭ᠎ᠠ ᠵᠢᠷᠤᠮᠯᠠᠨ᠂ ᠤᠬᠠᠭᠤᠯᠭ᠎ᠠ | ᠮᠡᠳᠡᠭᠡᠯᠡᠯ ᠤᠨ ᠵᠥᠪ ᠤᠨᠤᠪᠴᠢᠳᠤ ᠴᠢᠨᠠᠷ ᠢ ᠪᠠᠳᠤᠯᠬᠠᠤ ᠬᠡᠷᠡᠭᠳᠡᠢ᠃ | ᠠᠷᠪᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ | ᠳᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠯ | ᠲᠦᠢᠮᠡᠷ ᠤᠨ ᠬᠡᠷᠡᠭ ᠢ ᠮᠡᠳᠡᠬᠦᠯᠪᠡᠯ ᠳᠠᠷᠤᠢ ᠲᠦᠷᠭᠡᠨ ᠴᠢᠩᠭ᠎ᠠ ᠪᠠᠶᠢᠴᠠᠭᠠᠨ ᠰᠢᠢᠳᠪᠤᠷᠢᠯᠡᠭᠦ ᠬᠡᠷᠡᠭᠲᠡᠶ᠃ ᠭᠠᠯ | ᠳᠦᠢᠮᠡᠷ ᠤᠨ ᠬᠡᠷᠡᠭ ᠢ ᠡᠷᠬᠡᠪᠰᠢ ᠪᠠᠶᠢᠴᠠᠭᠠᠨ ᠳᠤᠳᠤᠯᠠᠬᠤ᠂ ᠭᠠᠯ ᠤᠨ ᠬᠠᠷᠢᠭᠤᠴᠠᠯᠭᠠᠳᠠᠨ ᠳᠤ ᠴᠢᠩᠭ᠎ᠠ ᠰᠢᠳᠬᠡᠯ | ᠥᠭᠬᠦ᠂ ᠵᠠᠰᠠᠨ ᠴᠡᠭᠴᠡᠯᠡᠭᠦ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠂ ᠨᠡᠶᠢᠲᠡᠯᠢᠭ ᠬᠡᠷᠡᠭ | ᠤᠨ ᠵᠢᠱᠢᠶ᠎ᠠ ᠶᠢ ᠢᠯᠡᠴᠢᠯᠠᠵᠤ᠂ ᠤᠯᠠᠨ ᠳᠤ ᠴᠡᠭᠡᠷᠯᠡᠯ ᠪᠣᠯᠭᠠᠬᠤ ᠬᠡᠷᠡᠭᠲᠡᠶ᠃ | ᠠᠷᠪᠠᠨ ᠨᠢᠭᠡ᠂ ᠳᠡᠭᠡᠷ᠎ᠡ ᠳᠤᠷᠠᠳᠤᠭᠰᠠᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠴᠠ ᠵᠦᠷᠢᠴᠡᠭᠰᠡᠳ ᠢ ︽ᠣᠶ | ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠲᠠᠯ᠎ᠠ ᠨᠤᠲᠤᠭ ᠤᠨ ᠭᠠᠯ ᠰᠡᠷᠭᠡᠶᠢᠯᠡᠬᠦ ᠲᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ | ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠦᠢᠯᠡ ᠪᠠᠶᠢᠳᠠᠯ ᠤᠨ ᠭᠦᠨᠳᠤ ᠭᠦᠩᠭᠡᠨ ᠢ | ᠦᠨᠳᠤᠰᠦᠯᠠᠨ᠂ ᠰᠡᠷᠡᠮᠵᠢᠯᠡᠭᠦᠯᠭᠦ᠂ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠤᠯᠭᠤᠨ᠎ᠠ᠃ | ᠲᠠᠯ᠎ᠠ ᠨᠤᠳᠤᠭ ᠣᠶ ᠰᠢᠭᠤᠶ ᠶᠢᠨ ᠭᠠᠯ ᠲᠤᠶᠢᠮᠠᠷ ᠲᠠᠯᠪᠢᠭᠰᠠᠳ ᠲᠠᠯ᠎ᠠ ᠨᠤᠳᠤᠭ ᠣᠶ ᠰᠢᠭᠤᠶ ᠶᠢᠨ ᠬᠤᠬᠢᠷᠠᠯ ᠢ | ᠲᠥᠯᠥᠬᠦ ᠪᠠ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠬᠦ ᠭᠡᠷᠡᠭᠲᠡᠢ᠂ ᠭᠡᠷᠪᠡ ᠶᠠᠯ᠎ᠠ ᠪᠣᠯᠵᠤ ᠪᠦᠷᠢᠯᠳᠦᠭᠰᠡᠨ ᠪᠣᠯ | ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠬᠤᠶᠠᠷ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠲᠠᠯ᠎ᠠ ᠨᠤᠲᠤᠭ ᠣᠢ ᠰᠢᠭᠤᠶ ᠶᠢᠨ | ᠭᠠᠯ ᠲᠦᠢᠮᠡᠷ ᠤᠨ ᠪᠠᠶᠢᠳᠠᠯ ᠢ ᠣᠯᠵᠦ ᠮᠡᠳᠡᠪᠡᠯ᠂ ᠳᠠᠷᠤᠶᠢᠬᠠᠨ ᠮᠠᠨ ᠤ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠪᠤᠶᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠵᠢᠯᠤᠭᠤᠳᠬᠤ ᠭᠡᠯᠳᠡᠰ ᠲᠤ ᠮᠡᠳᠡᠭᠦᠯᠬᠦ ᠬᠡᠷᠡᠭᠲᠡᠶ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠭᠠᠯ | ᠳᠦᠢᠮᠡᠷ ᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠬᠦᠯᠵᠦ᠂ ᠲᠠᠯ᠎ᠠ ᠨᠤᠲᠤᠭ ᠣᠢ ᠰᠢᠭᠤᠶ | ᠶᠢᠨ ᠭᠠᠯ ᠳᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠵᠤ ᠮᠡᠳᠡᠭᠦᠯᠬᠦ | ᠦᠭᠡᠢ ᠵᠡᠷᠭᠡ ᠠᠵᠢᠯᠯᠠᠭ᠎ᠠ ᠶᠢ ᠴᠠᠭᠠᠵᠠᠯᠠᠨ᠎ᠠ᠃ | ᠭᠠᠯ ᠤᠨ ᠠᠶᠤᠯ ᠢ ᠮᠡᠳᠡᠬᠦᠯᠬᠦ ᠤᠲᠠᠰᠤ᠄ ᠬᠤᠰᠢᠭᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ | ᠤᠳᠠᠰᠤ᠄ 12119 | ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠵᠢᠯᠤᠭᠤᠳᠬᠤ ᠭᠡᠯᠳᠡᠰ ᠤᠨ ᠤᠳᠠᠰᠤ᠄ 0479 - 3520101 0479 - 3520100 | | | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2023 ᠣᠨ ᠤ 9 ᠰᠠᠷ᠎ᠠ ᠶᠢᠨ 18 ᠤ ᠡᠳᠦᠷ | | | | | | | | | | | | | |