︽ᠠᠴᠢᠲᠦ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠤᠨ ᠢ ᠪᠦᠲᠦᠭᠡᠨ ᠪᠠᠶᠢᠭᠤᠯᠬᠤ ᠳᠤ ᠳᠠᠭᠤᠷᠢᠶᠠᠯ ᠦᠵᠡᠭᠦᠯᠦᠶ᠎ᠡ︾ ᠭᠤᠤᠯ ᠰᠡᠳᠦᠪᠲᠦ ᠤᠷᠠᠨ ᠪᠢᠴᠢᠯᠭᠡ ᠵᠢᠷᠤᠭ ᠤᠨ ᠦᠵᠡᠭᠦᠯᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2023/9/26
︽ᠠᠴᠢᠲᠦ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠤᠨ ᠢ ᠪᠦᠲᠦᠭᠡᠨ ᠪᠠᠶᠢᠭᠤᠯᠬᠤ ᠳᠤ ᠳᠠᠭᠤᠷᠢᠶᠠᠯ ᠦᠵᠡᠭᠦᠯᠦᠶ᠎ᠡ︾ ᠭᠤᠤᠯ ᠰᠡᠳᠦᠪᠲᠦ ᠤᠷᠠᠨ ᠪᠢᠴᠢᠯᠭᠡ ᠵᠢᠷᠤᠭ ᠤᠨ ᠦᠵᠡᠭᠦᠯᠦᠯᠭᠡ ᠶᠠᠪᠤᠭᠳᠠᠪᠠ                                          ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠳᠤ ᠳᠡᠯᠪᠢᠭ᠌ᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠳᠤᠰᠠᠳᠠ᠂ 9 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤ ᠤᠳᠬ᠎ᠠ ᠤᠷᠠᠯᠢᠭ ᠤᠨ  ᠬᠢᠨ ᠤ ᠬᠤᠯᠪᠣᠭ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠳᠠᠭᠠᠭᠠᠴᠢᠯᠠᠨ ᠡᠷᠬᠢᠯᠡᠭᠰᠡᠨ  ᠪᠥᠬᠦ ᠬᠤᠰᠢᠭᠤᠨ ᠤ 40 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢᠨ ᠴᠢᠬᠤᠯᠠ‌ᠠᠭᠤᠯᠭ᠎ᠠ ᠪᠣᠯᠬᠤ  ︽ᠠᠴᠢᠲᠦ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠤᠨ ᠢ ᠪᠦᠲᠦᠭᠡᠨ ᠪᠠᠶᠢᠭᠤᠯᠬᠤ ᠳᠤ ᠳᠠᠭᠤᠷᠢᠶᠠᠯ ᠦᠵᠡᠭᠦᠯᠦᠶ᠎ᠡ︾ ᠭᠤᠤᠯ ᠰᠡᠳᠦᠪᠲᠦ ᠤᠷᠠᠨ ᠪᠢᠴᠢᠯᠭᠡ ᠵᠢᠷᠤᠭ ᠤᠨ ᠦᠵᠡᠭᠦᠯᠦᠯᠭᠡ ᠶᠢᠨ ᠡᠬᠢᠯᠡᠯᠲᠡ ᠶᠢᠨ ᠶᠣᠰᠣᠯᠠᠯ ᠬᠤᠰᠢᠭᠤ ᠰᠣᠶᠣᠯ ᠲᠠᠮᠢᠷ ᠤᠨ ᠠᠰᠠᠷ ᠤᠨ ᠦᠵᠡᠭᠦᠯᠦᠯᠭᠡ ᠶᠢᠨ ᠲᠢᠩᠬᠢᠮ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠤᠷᠠᠨ ᠪᠢᠴᠢᠯᠭᠡ ᠵᠢᠷᠤᠭ ᠤᠨ ᠦᠵᠡᠭᠦᠯᠦᠯᠭᠡ ᠶᠢᠨ ᠡᠬᠢᠯᠡᠯᠲᠡ ᠶᠢᠨ ᠶᠣᠰᠣᠯᠠᠯ ᠳᠤ  ᠣᠷᠣᠯᠴᠠᠵᠤ ᠶᠠᠷᠢᠶ᠎ᠠ ᠲᠠᠯᠪᠢᠵᠠᠢ᠃
  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ  ︽ᠠᠴᠢᠲᠦ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠤᠨ ᠢ ᠪᠦᠲᠦᠭᠡᠨ ᠪᠠᠶᠢᠭᠤᠯᠬᠤ ᠳᠤ ᠳᠠᠭᠤᠷᠢᠶᠠᠯ ᠦᠵᠡᠭᠦᠯᠦᠶ᠎ᠡ︾ ᠭᠤᠤᠯ ᠰᠡᠳᠦᠪᠲᠦ ᠤᠷᠠᠨ ᠪᠢᠴᠢᠯᠭᠡ ᠵᠢᠷᠤᠭ ᠤᠨ ᠦᠵᠡᠭᠦᠯᠦᠯᠭᠡ  ᠶᠢ  ᠰᠣᠨᠢᠷᠬᠠᠭᠤᠯᠬᠤ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ  ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠪᠠᠲᠤᠳᠬᠠᠵᠤ ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ︽ᠪᠠᠷᠠᠭᠤᠨ ᠦᠵᠦᠮᠦᠴᠢᠨ ᠢᠶᠠᠨ ᠬᠠᠶᠢᠷᠠᠯᠠᠬᠤ · ᠪᠠᠷᠠᠭᠤᠨ ᠦᠵᠦᠮᠦᠴᠢᠨ  ᠳᠤ ᠬᠤᠪᠢ ᠨᠡᠮᠡᠷᠢ ᠪᠠᠨ ᠦᠵᠡᠭᠦᠯᠬᠦ︾ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃
     ᠲᠤᠰ ᠤᠳᠠᠭᠠᠨ ᠤ ᠤᠷᠠᠨ ᠪᠢᠴᠢᠯᠭᠡ ᠵᠢᠷᠤᠭ ᠤᠨ   ᠦᠵᠡᠭᠦᠯᠦᠯᠭᠡ ᠳᠤ ᠨᠡᠶᠢᠲᠡ 80 ᠭᠠᠷᠤᠢ ᠪᠦᠲᠦᠭᠡᠯ ᠢ ᠳᠡᠯᠭᠡᠨ ᠦᠵᠡᠭᠦᠯᠵᠦ᠂ 35 ᠣᠷᠤᠯᠴᠠᠭᠴᠢ ᠳᠤ ᠢᠷᠠᠭᠤ ᠠᠯᠳᠠᠷ ᠤᠨ ᠱᠠᠩᠨᠠᠯ ᠭᠠᠷᠳᠠᠭᠤᠯᠵᠠᠢ᠃ ᠦᠵᠡᠭᠦᠯᠦᠯᠭᠡ  ᠨᠢ ᠪᠥᠬᠦ ᠬᠤᠰᠢᠭᠤᠨ ᠤ ᠤᠷᠠᠨ ᠪᠢᠴᠢᠯᠭᠡ ᠵᠢᠷᠤᠭ ᠤᠨ ᠤᠷᠠᠯᠢᠭ ᠤᠨ ᠨᠢᠭᠡ ᠤᠳᠠᠭᠠᠨ ᠤ ᠥᠨᠳᠥᠷ ᠲᠦᠪᠰᠢᠨ ᠤ ᠲᠥᠪᠯᠡᠷᠡᠩᠭᠦᠢ ᠦᠵᠡᠭᠦᠯᠦᠯᠭᠡ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠶᠢᠨ ᠴᠢᠬᠤᠯᠠ ᠠᠴᠢᠶᠠᠯᠠᠪᠤᠷᠢ ᠪᠠᠶᠢᠵᠤ᠂ ᠤᠷᠠᠨ ᠪᠥᠲᠦᠭᠡᠯᠴᠢᠳ ᠨᠢ ᠠᠳᠠᠯᠢ ᠪᠤᠰᠤ ᠤᠷᠠᠯᠢᠭ ᠤᠨ ᠬᠠᠷᠠᠭᠠᠰᠤ ᠠᠴᠠ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠶᠢᠨ ᠰᠠᠶᠢᠨ ᠰᠠᠶᠢᠬᠠᠨ ᠳᠦᠷᠰᠦ ᠪᠠᠶᠢᠳᠠᠯ ᠢ ᠲᠤᠰᠬᠠᠵᠤ᠂ ᠵᠣᠬᠢᠶᠠᠨ ᠪᠦᠲᠦᠭᠡᠯᠭᠡ ᠶᠢᠨ ᠬᠢᠷᠢ ᠲᠦᠪᠰᠢᠨ ᠪᠠ ᠰᠣᠶᠣᠯ ᠤᠨ ᠪᠣᠯᠪᠠᠰᠤᠷᠠᠯ ᠢ  ᠢᠡᠯᠷᠡᠭᠦᠯᠦᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号