ᠥᠪᠡᠷᠲᠡᠭᠡᠨ ᠵᠠᠰᠠᠬᠤ ᠣᠷᠣᠨ ᠤ ᠱᠠᠯᠠᠪᠳᠠᠨ ᠪᠠᠶᠢᠴᠠᠭᠠᠬᠤ ᠳᠤᠭᠤᠶᠢᠯᠠᠩ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠵᠦ 2023 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ  ᠱᠠᠯᠠᠪᠳᠠᠨ  ᠪᠠᠶᠢᠴᠠᠭᠠᠪᠠ
ᠨᠡᠶᠢᠲᠡᠯᠡᠭᠰᠡᠨ ᠴᠠᠭ᠄
2023/9/26
ᠥᠪᠡᠷᠲᠡᠭᠡᠨ ᠵᠠᠰᠠᠬᠤ ᠣᠷᠣᠨ ᠤ ᠱᠠᠯᠠᠪᠳᠠᠨ ᠪᠠᠶᠢᠴᠠᠭᠠᠬᠤ ᠳᠤᠭᠤᠶᠢᠯᠠᠩ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠵᠦ 2023 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ  ᠱᠠᠯᠠᠪᠳᠠᠨ  ᠪᠠᠶᠢᠴᠠᠭᠠᠪᠠ                                                 ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 9  ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ 2023 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ‍ᠤᠨ‌ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠵᠢᠷᠭᠤᠳᠤᠭᠠᠷ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠠᠩ ᠴᠦᠨ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ  ᠬᠦᠨᠵᠡᠭᠡᠶᠢᠷᠡᠨ ᠪᠠᠶᠢᠴᠠᠭᠠᠯᠲᠠ ᠬᠢᠪᠡ᠃    ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ ᠦ᠋ ᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠬᠠᠢ ᠱᠠᠨ ᠵᠢᠴᠢ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠬᠠᠷᠢᠭᠤᠴᠠᠯᠭᠠᠲᠠᠳ ᠪᠠᠷ᠎ᠠ ᠪᠤᠯᠤᠯᠴᠠᠪᠠ᠃    ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ  ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠳᠡᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ᠂  ᠤᠳᠤ ᠦᠶ᠎ᠡ ᠶᠢᠨ ᠠᠯᠠᠰᠢᠨ ᠦᠬᠡᠷ ᠤᠨ ᠰᠠᠭᠤᠷᠢᠨ᠂  ᠣᠯᠠᠭᠠᠨᠨᠬᠠᠭᠠᠯᠭ᠎ᠠ  ᠰᠤᠮᠤᠨ ᠤ ᠰᠠᠷᠠᠭᠤᠯᠳᠤᠶᠠᠭ᠎ᠠ ᠭᠠᠴᠠᠭ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠢᠦᠢ ᠪᠦᠦ ᠶᠤᠸᠠᠨ ᠮᠢᠬᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ  ᠹᠧᠩ ᠵᠢᠩ ᠮᠠᠨ ᠶᠤᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ  ᠬᠦᠨᠵᠡᠭᠡᠶᠢᠷᠡᠨ  ᠰᠣᠳᠣᠯᠣᠨ ᠪᠠᠶᠢᠴᠠᠭᠠᠪᠠ      20 ᠤ ᠡᠳᠦᠷ ᠤᠨ ᠦᠳᠡ ᠶᠢᠨ ᠡᠮᠦᠨ᠎ᠡ᠂  ᠱᠠᠯᠠᠪᠳᠠᠨ ᠪᠠᠶᠢᠴᠠᠭᠠᠬᠤ ᠠᠵᠢᠯ ᠤᠨ  ᠰᠠᠭᠤᠳᠠᠯ ᠤᠨ ᠬᠤᠷᠠᠯ  ᠬᠤᠷᠠᠯᠳᠤᠵᠤ  ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋  ᠬᠤᠰᠢᠭᠤ ᠲᠠᠷᠤᠭ᠎ᠠ ᠬᠠᠢ ᠱᠠᠨ ᠬᠤᠷᠠᠯ ᠡᠷᠭᠢᠯᠡᠵᠦ᠂  ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠶᠠᠩ ᠴᠠᠩ ᠴᠦᠨ ᠶᠠᠷᠢᠶᠠᠨ ᠳᠠᠭᠠᠨ᠂  ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ  ᠤ ᠨᠢᠭᠡᠳᠦᠭᠡᠷ ᠲᠣᠭᠠᠲᠤ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ‌ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠨ ᠪᠠᠶᠢᠴᠠᠭᠠᠬᠤ ᠠᠵᠢᠯ  ᠢ ᠥᠷᠨᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ︽ᠬᠥᠳᠡᠭᠡ ᠠᠵᠤ ᠠᠬᠤᠢ ᠬᠥᠳᠡᠭᠡ ᠲᠣᠰᠬᠤᠨ  ᠮᠠᠯᠴᠢᠨ ᠲᠠᠷᠢᠶᠠᠴᠢᠨ︾  ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠣᠳᠣᠬᠠᠨ ᠤ ᠠᠵᠢᠯ ᠤᠨ ᠲᠤᠬᠠᠢ ᠨᠢᠭᠡ ᠤᠳᠠᠭᠠᠨ ᠤ ᠪᠦᠬᠦ ᠲᠠᠯ᠎ᠠ ᠶᠢᠨ ᠪᠠᠶᠢᠴᠠᠭᠠᠯᠲᠠ  ᠬᠢᠵᠦ ᠪᠠᠶᠢᠭ᠎ᠠ ᠶᠠᠪᠤᠳᠠᠯ ᠪᠣᠯᠣᠨ᠎ᠠ ᠭᠡᠵᠡᠢ᠃  ᠲᠡᠷᠡ ᠲᠠᠨᠢᠯᠴᠠᠭᠤᠯᠬᠤ ᠳᠠᠭᠠᠨ᠂ ᠲᠣᠰ ᠤᠳᠠᠭᠠᠨ ᠤ ᠲᠤᠰᠬᠠᠢ ᠱᠠᠯᠠᠪᠳᠠᠨ ᠪᠠᠶᠢᠴᠠᠭᠠᠯᠲᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠡᠰᠡᠭ ᠠᠵᠤ ᠠᠬᠤᠶᠢᠯᠠᠯ ᠪᠠ ᠰᠤᠮᠤ ᠪᠠᠯᠭᠠᠰᠤ᠂  ᠭᠠᠴᠠᠭᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ  ᠪᠠᠶᠢᠴᠠᠭᠠᠨ ᠰᠤᠳᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠡᠷᠢᠬᠦ ᠪᠠᠷ ᠪᠠᠷᠠᠬᠤ ᠦᠭᠡᠢ ᠪᠠᠰᠠ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠᠬᠢ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠢᠯᠡᠷᠡᠭᠦᠯᠬᠦ ᠪᠣᠯᠣᠨ᠎ᠠ ᠭᠡᠵᠡᠢ᠃   ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠮᠠᠨ ᠤ ᠬᠤᠰᠢᠭᠤᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 2023 ᠣᠨ ᠤ ᠨᠢᠭᠡᠳᠦᠭᠡᠷ ᠲᠣᠭᠠᠲᠤ ᠪᠢᠴᠢᠭ‌ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ  ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠳᠤᠮᠳᠠ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠶᠢᠨ ᠵᠣᠬᠢᠴᠠᠭᠤᠯᠬᠤ ᠪᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠣᠶᠢᠯᠠᠭᠠᠪᠠ᠃    ᠬᠠᠢ ᠱᠠᠨ ᠣᠪᠣᠷ ᠢᠶᠠᠨ ᠢᠯᠡᠳᠬᠡᠬᠦ ᠳᠡᠭᠡᠨ᠄ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠲᠣᠰ ᠤᠳᠠᠭᠠᠨ ᠤ ᠲᠤᠰᠬᠠᠢ ᠱᠠᠯᠠᠪᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂  ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠬᠠᠷᠢᠭᠤ ᠲᠤᠰᠬᠠᠭᠰᠠᠨ ᠠᠰᠠᠭᠤᠳᠠᠯ ᠵᠢᠴᠢ ᠵᠢᠯᠤᠭᠤᠳᠬᠤ ᠰᠠᠨᠠᠯ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠠᠰᠠᠭᠤᠳᠠᠯ ᠢ ᠭᠦᠨᠵᠡᠭᠡᠢ ᠰᠤᠳᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ 2023 ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠪᠣᠯᠣᠨ᠎ᠠ ᠬᠡᠵᠠᠢ᠃  ᠬᠤᠷᠠᠯ ᠤᠨ ᠲᠠᠷᠠᠭ᠎ᠠ᠂ ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠭᠤᠣᠯᠳᠠᠯᠭ᠎ᠠ ᠲᠠᠢ ᠠᠵᠢᠯ ᠤᠨ ᠲᠠᠩᠰᠠ ᠡᠪᠬᠡᠮᠡᠯ ᠤᠨ  ᠮᠠᠲ᠋ᠧᠷᠢᠶᠠᠯ ᠢ ᠪᠠᠶᠢᠴᠠᠭᠠᠨ ᠦᠵᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号