ᠪᠠᠷᠠᠭᠤᠨ ᠦᠵᠦᠮᠦᠴᠢᠨ ᠬᠤᠰᠢᠭᠤᠨ ᠤ ᠠᠮᠢᠳᠠᠨ ᠤ ᠦᠬᠦᠳᠡᠯ ᠢ ᠪᠤᠬᠢᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2023/9/26
       ᠪᠠᠷᠠᠭᠤᠨ ᠦᠵᠦᠮᠦᠴᠢᠨ ᠬᠤᠰᠢᠭᠤᠨ ᠤ ᠠᠮᠢᠳᠠᠨ ᠤ ᠦᠬᠦᠳᠡᠯ ᠢ ᠪᠤᠬᠢᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠠᠰᠢᠭᠯᠠᠯᠳᠠ ᠳᠤ ᠤᠷᠤᠪᠠ                                                ᠪᠠᠷᠠᠭᠤᠨ ᠦᠵᠦᠮᠦᠴᠢᠨ ᠬᠤᠰᠢᠭᠤ ᠮᠠᠯ ᠵᠢᠭᠦᠷᠲᠡᠨ ᠤ ᠦᠬᠦᠳᠡᠯ ᠢ ᠪᠤᠬᠢᠷᠳᠠᠯ ᠦᠭᠡᠢ ᠰᠢᠢᠳᠪᠦᠷᠢᠯᠡᠬᠦ ᠪᠠ ᠪᠠᠭᠠᠰᠤ ᠢᠯᠭᠠᠳᠠᠰᠤ ᠶᠢ ᠨᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠴᠢᠬᠤᠯᠠᠴᠢᠯᠠᠨ ᠠᠳᠬᠤᠵᠤ᠂ ᠠᠮᠢᠳᠠᠨ ᠤ ᠦᠬᠦᠳᠡᠯ ᠢ ᠰᠢᠨᠵᠢᠯᠡᠬᠦ ᠤᠬᠠᠭᠠᠠᠴᠢ ᠪᠠᠷ ᠰᠢᠢᠳᠪᠦᠷᠢᠯᠡᠨ ᠬᠢᠵᠢᠭ ᠭᠡᠮ ᠳᠡᠯᠭᠡᠷᠡᠬᠦ ᠶᠢ ᠪᠦᠳᠦᠮᠵᠢᠳᠡᠢ ᠬᠤᠷᠢᠠᠠᠯᠠᠵᠦ᠂ ᠮᠠᠯᠵᠢᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠦ ᠪᠠᠶᠢᠨ᠎ᠠ᠃
 
  ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠨᠢ ᠮᠠᠯ ᠲᠠᠷᠢᠶᠠᠯᠠᠩ ᠤᠨ ᠪᠣᠬᠢᠷᠲᠤᠯ ᠢ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠳᠡᠭᠡᠳᠦ ᠮᠡᠷᠭᠡᠵᠢᠯ ᠤᠨ ᠠᠵᠤ ᠠᠬᠤᠶᠢᠯᠠᠯ ᠪᠤᠯᠬᠤ ᠶᠤᠮ᠃ ᠲᠤᠰ ᠺᠣᠮᠫᠠᠨᠢ ᠶᠢᠨ ᠪᠠᠷᠠᠭᠤᠨ ᠦᠵᠦᠮᠦᠴᠢᠨ ᠬᠤᠰᠢᠭᠤᠨ ᠤ ᠠᠮᠢᠳᠠᠨ ᠤ ᠦᠬᠦᠳᠡᠯ ᠢ ᠪᠤᠬᠢᠷᠳᠠᠯ ᠦᠭᠡᠢ ᠰᠢᠢᠳᠪᠦᠷᠢᠯᠡᠬᠦ ᠦᠢᠯᠡᠳᠪᠦᠷᠢ ᠨᠢ ᠨᠢᠭᠡᠨᠳᠡ ᠠᠰᠢᠭᠯᠠᠯᠳᠠ ᠳᠤ ᠤᠷᠤᠵᠤ᠂ ᠮᠠᠯᠵᠢᠬᠤ ᠤᠷᠤᠨ ᠤ ᠬᠠᠶᠠᠭᠳᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠳᠠᠮᠵᠢᠨ ᠮᠠᠯ ᠠᠵᠤ ᠠᠬᠤᠢ ᠶᠢᠨ ᠡᠷᠡᠭᠦᠯ ᠬᠥᠭᠵᠢᠯᠲᠡ ᠳᠤ ᠪᠠᠳᠤᠯᠠᠭ᠎ᠠ ᠬᠠᠩᠭᠠᠬᠤ ᠪᠤᠯᠤᠨ᠎ᠠ᠃
   ᠰᠤᠷᠪᠤᠯᠵᠢᠯᠠᠭ᠎ᠠ᠄ ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠳᠠᠬᠢ ᠲᠡᠳ᠋ ᠵᠠᠬᠢᠷᠤᠯ ᡁᠢ ᠬᠤᠩ ᠸᠧᠢ — ᠮᠠᠨ ᠤ ᠺᠤᠮᠫᠠᠨᠢ  ᠨᠢ ᠮᠠᠯ ᠲᠡᠵᠢᠭᠡᠪᠦᠷᠢ ᠶᠢᠨ ᠪᠣᠬᠢᠷᠲᠤᠯ ᠢ ᠰᠢᠢᠳᠪᠦᠷᠢᠯᠡᠬᠦ ᠪᠤᠶᠤ ᠡᠬᠢ ᠪᠠᠶᠠᠯᠢᠭᠵᠢᠭᠤᠯᠤᠨ ᠠᠰᠢᠭᠯᠠᠬᠤ ᠰᠢᠨ᠎ᠡ ᠮᠡᠷᠭᠡᠵᠢᠯ ᠤᠨ ᠺᠤᠮᠫᠠᠨᠢ ᠶᠤᠮ᠃ ᠤᠯᠤᠰ ᠤᠨ ᠲᠡᠭᠡᠳᠦ ᠮᠡᠷᠭᠡᠵᠢᠯ ᠳᠤ ᠲᠦᠰᠢᠭᠯᠡᠨ ᠮᠠᠯ ᠲᠡᠵᠢᠭᠡᠪᠦᠷᠢ ᠶᠢᠨ ᠦᠬᠦᠳᠡᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠᠷ ᠲᠠᠮᠵᠢᠭᠤᠯᠤᠨ ᠪᠤᠬᠢᠷᠳᠠᠯ ᠪᠤᠳᠠᠰ ᠢ ᠦᠨᠳᠦᠰᠦᠨ ᠠᠴᠠ ᠨᠢ ᠠᠷᠢᠯᠭᠠᠵᠦ ᠂ ᠡᠨᠡ ᠨᠢ ᠬᠢᠵᠢᠭ ᠭᠡᠮ ᠲᠡᠯᠭᠡᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠮᠠᠯᠵᠢᠬᠤ ᠤᠷᠤᠨ ᠤ ᠠᠮᠢ ᠠᠬᠤᠢ ᠶᠢᠨ ᠬᠠᠮᠠᠭᠠᠯᠠᠯᠳᠠ ᠳᠤ ᠠᠰᠢᠠᠠᠳᠠᠢ ᠪᠠᠶᠢᠳᠠᠭ᠃ ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠨᠢ ᠮᠠᠯ ᠲᠡᠵᠢᠭᠡᠪᠦᠷᠢ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠵᠤ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠭᠡᠮᠡᠯᠵᠢᠭᠦᠯᠵᠦ ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠬᠡᠯᠪᠡᠷᠢ ᠪᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠲᠡᠵᠢᠭᠡᠪᠦᠷᠢ ᠶᠢᠨ ᠦᠬᠦᠳᠡᠯ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠠ ᠮᠠᠯ ᠵᠢᠭᠦᠷᠲᠡᠨ ᠤ ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠮᠠᠯ ᠲᠡᠵᠢᠭᠡᠪᠦᠷᠢ ᠶᠢᠨ ᠦᠬᠦᠳᠡᠯ ᠢᠯᠭᠠᠳᠠᠰᠤ ᠶᠢ ᠵᠦᠢ ᠵᠤᠬᠢᠰᠳᠠᠢ ᠰᠢᠢᠳᠪᠦᠷᠢᠯᠡᠬᠦ᠂ ᠬᠠᠶᠠᠭᠳᠠᠯ ᠪᠤᠳᠠᠰ ᠢ ᠪᠣᠷᠳᠣᠭᠤᠷ ᠪᠤᠯᠭᠠᠨ ᠠᠰᠢᠠᠠᠯᠠᠬᠤ ᠠᠵᠢᠯ ᠢ ᠪᠡᠶᠡᠯᠡᠭᠦᠯᠵᠦ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠢᠳᠡᠭᠡᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠤᠭᠳᠠᠯ ᠦᠵᠡᠬᠦᠯᠬᠦ ᠪᠤᠯᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号