ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠬᠤᠷᠠᠯᠳᠤᠭᠤᠯᠪᠠ                                 9 ᠰᠠᠷ᠎ᠠ ᠶᠢᠨ 21 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠲᠤᠰᠬᠠᠢ ᠰᠡᠳᠦᠪᠲᠦ  ᠵᠥᠪᠯᠡᠯᠭᠡᠨ ᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠪᠠᠶᠢᠩᠭᠤ ᠶᠢᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋  ᠲᠡᠷᠢᠭᠦᠯᠡᠭᠴᠢ ᠣᠳᠬᠠᠨᠪᠠᠭᠠᠲᠤᠷ ᠬᠤᠷᠠᠯ ᠢ ᠡᠷᠭᠢᠯᠡᠪᠡ᠃    ᠬᠤᠷᠠᠯ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠨ ᠵᠢᠴᠢ ᠬᠤᠭᠤᠯᠠᠲᠤ ᠶᠢᠨ ᠭᠤᠣᠯ ᠪᠠᠯᠭᠠᠰᠤ᠂ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂  ᠪᠠᠶ᠋ᠬᠠᠠᠭᠤᠯᠠ‌‍ᠬᠡᠦᠬᠡᠳ ᠤᠨ ᠴᠡᠴᠡᠷᠯᠢᠭ᠂ ᠬᠤᠰᠢᠭᠤ ᠠᠷᠠᠳ ᠤᠨ ᠰᠢᠭᠦᠬᠦ ᠬᠤᠷᠢᠶ᠎ᠠ ᠵᠡᠷᠭᠡ ᠨᠢᠭᠡᠴᠡ ᠶᠢᠨ ᠬᠠᠷᠢᠭᠤᠴᠠᠯᠭᠠᠲᠠᠳ ᠲᠤᠰᠬᠠᠢ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠵᠠᠢ᠃ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠭᠡᠰᠢᠭᠦᠨ ᠵᠢᠴᠢ ᠬᠠᠮᠢᠶ᠎ᠠ ᠪᠦᠬᠦᠢ ᠨᠢᠭᠡᠴᠡ ᠶᠢᠨ  ᠬᠠᠷᠢᠭᠤᠴᠠᠯᠭᠠᠲᠠᠳ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠶᠠᠷᠢᠯᠴᠠᠨ ᠵᠥᠪᠳᠡᠯᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠳᠣᠮᠳᠠ  ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠠᠵᠢᠯ ᠳᠤ ᠬᠠᠨᠳᠤᠭᠤᠯᠤᠨ᠂ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃   ᠬᠤᠷᠠᠯ ᠠᠴᠠ ᠵᠢᠭᠠᠵᠤ ᠭᠠᠷᠭᠠᠭᠰᠠᠨ ᠨᠢ᠄ ᠮᠠᠨ ᠤ ᠬᠤᠰᠢᠭᠤ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠣᠨ᠎ᠠ᠃ ᠦᠨᠳᠦᠰᠦᠲᠡᠨ ᠤ ᠠᠵᠢᠯ ᠨᠢ ᠡᠯ᠎ᠡ ᠲᠠᠯ᠎ᠠ ᠳᠤ ᠬᠤᠯᠪᠣᠭᠳᠠᠵᠤ᠂ ᠦᠨᠳᠦᠰᠦᠲᠡᠨ ᠤ ᠪᠦᠯᠬᠦᠮᠳᠡᠯ ᠨᠢ ᠦᠨᠳᠦᠰᠦᠲᠡᠨ ᠤ ᠠᠵᠢᠯ ᠤᠨ ᠠᠮᠢᠨ ᠰᠤᠳᠠᠰᠤ ᠪᠣᠯᠵᠣ ᠪᠠᠶᠢᠳᠠᠭ᠃ ᠪᠣᠶ ᠪᠦᠬᠦᠢ ᠠᠵᠢᠯ ᠢ ᠥᠷᠨᠢᠭᠦᠯᠬᠦ ᠳᠡᠭᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠳᠤ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠦᠨᠳᠦᠰᠦᠲᠡᠨ ᠨᠦᠭᠦᠳ ᠤᠨ ᠪᠦᠯᠭᠦᠮᠳᠡᠨ ᠲᠡᠮᠡᠴᠡᠵᠦ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃   ᠬᠤᠷᠠᠯ ᠠᠴᠠ ᠱᠠᠭᠠᠷᠳᠠᠭᠰᠠᠨ ᠨᠢ᠄ ᠡᠯ᠎ᠡ ᠭᠡᠰᠢᠭᠦᠨ ᠨᠢᠭᠡᠴᠡ᠂ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠥᠷᠭᠡᠨ ᠢᠶᠠᠷ ᠳᠠᠶᠢᠴᠢᠯᠠᠵᠤ᠂ ᠡᠭᠦᠳᠦᠨ ᠪᠠᠶᠢᠭᠤᠯᠬᠤ ᠠᠵᠢᠯ ᠢ ᠭᠠᠴᠠᠭ᠎ᠠ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠪᠠᠶᠢᠭᠤᠯᠭ᠎ᠠ ᠵᠡᠷᠭᠡ ᠦᠨᠳᠦᠰᠦᠨ ᠱᠠᠲᠤᠨ ᠤ ᠨᠢᠭᠡᠴᠡ᠂ ᠵᠣᠬᠢᠶᠠᠨ ᠪᠠᠶᠢᠭᠤᠯᠤᠯᠲᠠ ᠳᠤ ᠨᠠᠶᠢᠳᠠᠪᠤᠷᠢᠵᠢᠭᠤᠯᠵᠤ᠂ ᠡᠯ᠎ᠡ ᠠᠵᠢᠯ ᠲᠥᠷᠥᠯ ᠢ ᠬᠠᠮᠤᠷᠤᠭᠤᠯᠤᠨ᠂ ᠥᠷᠭᠡᠨ ᠣᠯᠠᠨ ᠲᠦᠮᠡᠨ ᠤ ᠰᠠᠨᠠᠭᠠᠴᠢᠯᠠᠭᠠᠲᠤ ᠴᠢᠨᠠᠷ ᠪᠠ ᠢᠳᠡᠪᠬᠢᠲᠡᠢ ᠣᠷᠣᠯᠴᠠᠬᠤ  ᠶᠢ ᠬᠥᠭᠵᠢᠭᠡᠬᠦ ᠬᠡᠷᠡᠭᠲᠡᠢ᠃   ᠡᠯ᠎ᠡ ᠭᠡᠰᠢᠭᠦᠨ ᠨᠢᠭᠡᠴᠡ᠂ ᠡᠯ᠎ᠡ ᠰᠠᠯᠠᠭ᠎ᠠ ᠮᠥᠴᠢᠷ ᠨᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠤᠬᠠᠮᠰᠠᠷ ᠢᠶᠠᠨ ᠴᠢᠩᠭᠠᠳᠬᠠᠵᠤ᠂ ᠥᠪᠡᠷᠮᠢᠴᠡ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠬᠥᠭᠵᠢᠯᠲᠡ  ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠡᠢ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号