ᠵᠧᠦ ᠪᠢᠩ ᠵᠢᠶᠠᠨ ᠪᠠᠷᠠᠭᠤᠨ ᠦᠵᠦᠮᠦᠴᠢᠨ ᠬᠤᠰᠢᠭᠤᠨ ᠳᠤ ︽ᠶᠡᠷᠦᠩᠬᠡᠶ ᠰᠠᠶᠢᠳ ᠤᠨ ᠬᠡᠷ ᠤᠨ ᠰᠤᠷᠲᠠᠯ ︾ ᠢ | ᠶᠠᠷᠢᠪᠠ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠭᠡᠷ | ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ | ᠵᠢᠯᠣᠭᠤᠳᠴᠤ ᠴᠡᠪᠡᠷ ᠴᠢᠭᠡᠴᠢ ᠭᠡᠷ ᠤᠨ ᠰᠤᠷᠲᠠᠯ ᠢᠶᠠᠷ ᠨᠠᠮ ᠤᠨ ᠰᠤᠷᠲᠠᠯ ᠵᠠᠰᠠᠭ ᠤᠨ ᠰᠤᠷᠲᠠᠯ ᠢ ᠪᠤᠢ ᠪᠤᠯᠭᠠᠬᠤ | ᠶᠢᠨ ᠲᠤᠰᠠᠳᠠ᠂ 9 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤ | ᠵᠧᠦ ᠪᠢᠩ ᠵᠢᠶᠠᠨ ᠢ ᠤᠷᠢᠵᠤ ᠬᠡᠷ ᠪᠦᠯᠢ ᠬᠡᠷ ᠤᠨ ᠰᠤᠷᠭᠠᠯ ᠬᠡᠷ ᠤᠨ ᠰᠤᠷᠲᠠᠯ ᠤᠨ ᠲᠤᠰᠬᠠᠶ ᠰᠡᠳᠦᠪᠲᠦ ᠲᠠᠶᠢᠯᠤᠮᠵᠢ | ᠥᠷᠨᠢᠭᠦᠯᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ | ᠸᠧᠶ ᠭᠦᠸᠧ ᠬᠤᠷᠠᠯ ᠡᠷᠭᠢᠯᠡᠵᠦ᠂ ᠪᠥᠬᠦ ᠬᠤᠰᠢᠭᠤᠨ ᠤ ᠭᠠᠵᠠᠷ ᠤᠨ ᠲᠠᠰ ᠤᠨ ᠣᠳᠣᠷᠢᠳᠣᠯᠭ᠎ᠠ᠂ | ᠰᠠᠯᠠᠭᠠᠨ ᠲᠠᠰ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠵᠠᠶ᠃ | | | ᠵᠧᠦ ᠪᠢᠩ ᠵᠢᠶᠠᠨ ︽ᠬᠦᠨᠳᠦᠳᠬᠡᠨ ᠪᠢᠰᠢᠷᠡᠳᠡᠭ ᠶᠡᠭᠡ ᠠᠪᠠᠭ᠎ᠠ ᠂ ᠬᠠᠶᠢᠷᠠᠯᠠᠨ ᠬᠦᠨᠳᠦᠳᠬᠡᠳᠡᠭ ᠶᠡᠷᠦᠩᠬᠡᠶ | ᠰᠠᠶᠢᠳ︾ ᠭᠡᠬᠦ ᠰᠡᠳᠦᠪ ᠢᠶᠠᠷ᠂ ︽ᠠᠪᠠᠭ᠎ᠠ ᠂ ᠠᠪᠠᠭ᠎ᠠ ᠡᠵᠢ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ | ᠵᠢᠭᠠᠨ ᠰᠤᠷᠭᠠᠬᠤ︾᠂ ︽ᠶᠡᠷᠦᠩᠬᠡᠢ ᠰᠠᠶᠢᠳ ᠤᠨ ᠭᠡᠷ ᠤᠨ ᠬᠥᠮᠦᠰ ᠲᠡᠭᠡᠨ ᠳᠠᠯᠪᠢᠳᠠᠭ ᠱᠠᠭᠠᠷᠳᠠᠯᠭ᠎ᠠ ︾᠂ ︽ | ᠶᠡᠭᠡ ᠠᠪᠠᠭ᠎ᠠ ᠶᠢᠨ ᠨᠠᠳᠠ ᠳᠤ ᠥᠭᠭᠦᠭᠰᠡᠨ ᠰᠤᠷᠭᠠᠯ︾ ᠵᠡᠷᠭᠡ ᠭᠤᠷᠪᠠᠨ ᠲᠠᠯ᠎ᠠ ᠠᠴᠠ ᠬᠥᠮᠦᠰ ᠤᠨ ᠰᠡᠳᠬᠢᠯ ᠢ | ᠬᠥᠳᠡᠯᠭᠡᠮ᠎ᠡ ᠦᠨᠡᠨ ᠪᠣᠳᠠᠲᠠᠢ ᠦᠯᠢᠭᠡᠷ ᠤᠳ ᠢᠶᠠᠷ ᠶᠡᠷᠦᠩᠬᠡᠢ ᠰᠠᠶᠢᠳ ᠵᠧᠦ ᠧᠨ ᠯᠠᠢ ᠶᠢᠨ ᠪᠡᠶ᠎ᠡ ᠪᠠᠨ ᠴᠢᠩᠭ᠎ᠠ | ᠱᠠᠭᠠᠷᠳᠠᠬᠤ ᠲᠠᠯ᠎ᠠ ᠪᠠᠷ ᠬᠢ ᠦᠢᠯᠡ ᠠᠵᠢᠯᠯᠠᠭ᠎ᠠ ᠶᠢ ᠲᠠᠶᠢᠯᠪᠤᠷᠢᠯᠠᠵᠤ᠂ ᠡᠪ ᠬᠠᠮᠲᠤᠴᠤᠳ ᠤᠨ ᠡᠷᠬᠢᠮ ᠳᠡᠭᠡᠳᠦ ᠵᠠᠩ | ᠰᠤᠷᠲᠠᠯ ᠪᠠ ᠠᠬᠤᠢ ᠠᠮᠢᠳᠣᠷᠠᠯ ᠢ ᠢᠯᠡᠷᠡᠭᠦᠯᠵᠦ᠂ ᠢᠯᠡ ᠲᠣᠳᠣ ᠴᠠᠭ ᠦᠶ᠎ᠡ ᠶᠢᠨ ᠦᠨ᠎ᠡ ᠦᠷᠳᠡᠭ ᠢ | ᠬᠠᠷᠠᠭᠤᠯᠥᠠᠠᠰᠠᠨ ᠪᠠᠶᠢᠨ᠎ᠠ᠃ | | | ᠸᠠᠩ ᠸᠧᠶ ᠭᠦᠸᠧ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠄ ᠤᠳᠤᠷᠢᠳᠬᠤ | ᠺᠠᠳ᠋ᠷᠴᠤᠳ ᠤᠨ ᠬᠡᠷ ᠤᠨ ᠰᠤᠷᠭᠠᠯ ᠬᠡᠷ ᠤᠨ ᠰᠤᠷᠲᠠᠯ ᠪᠣᠯ ᠶᠣᠰᠣ ᠰᠤᠷᠲᠠᠬᠤᠨ ᠤ ᠠᠰᠠᠭᠤᠳᠠᠯ ᠪᠣᠯᠬᠤ ᠪᠠᠷ ᠪᠠᠷᠠᠬᠤ | ᠥᠬᠡᠶ ᠨᠠᠩ ᠴᠤ ᠨᠠᠮᠴᠢ ᠴᠢᠨᠠᠷ ᠤᠨ ᠠᠰᠠᠭᠤᠳᠠᠯ ᠮᠥᠨ᠃ ᠬᠡᠷ ᠤᠨ ᠰᠤᠷᠲᠠᠯ ᠤᠨ ᠪᠠᠶᠢᠭᠤᠯᠤᠯᠲᠠ ᠲᠠᠢ | ᠬᠤᠯᠪᠣᠭᠳᠠᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠭᠦᠨᠵᠡᠭᠡᠶ ᠰᠤᠷᠤᠯᠴᠠᠨ | ᠲᠤᠤᠱᠯᠠᠭᠤᠯᠥᠨ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ | ᠦᠶ᠎ᠡ ᠶᠢᠨ ᠬᠡᠷ ᠪᠦᠯᠢ ᠬᠡᠷ ᠤᠨ ᠰᠤᠷᠭᠠᠯ ᠬᠡᠷ ᠤᠨ ᠰᠤᠷᠲᠠᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠣᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠪᠡᠶ᠎ᠡ ᠪᠠᠨ | ᠲᠦᠪ ᠴᠢᠩᠭ᠎ᠠ ᠪᠠᠷ ᠵᠠᠰᠠᠬᠤ ᠶᠢ ᠪᠠᠷᠢᠮᠲᠠᠯᠠᠵᠤ᠂ ᠬᠡᠷ ᠪᠦᠯᠢ ᠬᠡᠷ ᠤᠨ ᠰᠤᠷᠭᠠᠯ ᠬᠡᠷ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠳᠤ᠂ ᠶᠡᠷᠦᠩᠬᠡᠶ ᠰᠠᠶᠢᠳ ᠵᠧᠦ ᠧᠨ ᠯᠠᠶ ᠪᠠᠷ ᠡᠭᠦᠷᠢᠳᠡ ᠶᠢᠨ ᠳᠠᠭᠤᠷᠢᠶᠠᠯ | ᠪᠣᠯᠭᠠᠵᠤ᠂ ᠲᠣᠰ ᠪᠡᠶ᠎ᠡ ᠶᠢᠨ ᠬᠡᠷ ᠪᠦᠯᠢ ᠬᠡᠷ ᠤᠨ ᠰᠤᠷᠭᠠᠯ ᠬᠡᠷ ᠤᠨ ᠰᠤᠷᠲᠠᠯ ᠤᠨ ᠪᠠᠶᠢᠭᠤᠯᠤᠯᠲᠠ ᠪᠠᠨ | ᠲᠦᠷᠦᠭᠦᠯᠡᠨ ᠰᠠᠶᠢᠲᠤᠷ ᠬᠢᠵᠦ᠂ ︽ᠬᠡᠷ ᠪᠦᠯᠢ︾ ᠭᠡᠬᠦ ᠡᠨᠡ ᠬᠦ ᠨᠠᠮ ᠤᠨ ᠭᠡᠰᠢᠭᠦᠨ ᠺᠠᠳ᠋ᠷ ᠤᠨ ᠢᠯᠵᠠᠷᠠᠯ ᠢ | ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠬᠤᠯᠠ ᠪᠤᠭᠤᠮᠲᠠ ᠶᠢ ᠰᠠᠬᠢᠵᠤ᠂ ᠬᠡᠷ ᠤᠨ ᠰᠤᠷᠲᠠᠯ ᠰᠠᠶᠢᠨ᠂ | ᠠᠷᠠᠳ ᠤᠨ ᠰᠤᠷᠲᠠᠯ ᠴᠡᠪᠡᠷ᠂ ᠨᠠᠮ ᠤᠨ ᠰᠤᠷᠲᠠᠯ ᠲᠥᠪ᠂ ᠵᠠᠰᠠᠭ ᠤᠨ ᠰᠤᠷᠲᠠᠯ ᠴᠢᠬᠡᠴᠢ᠂ ᠨᠡᠶᠢᠭᠡᠮ ᠤᠨ ᠰᠤᠷᠲᠠᠯ | ᠲᠥᠪ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠳᠠᠭᠠᠯᠠᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ | ᠬᠠᠩᠭᠠᠬᠤ ᠬᠡᠷᠡᠭᠲᠡᠶ ᠭᠡᠵᠠᠢ᠃ | ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠡᠭᠦᠷ ᠤᠨ ᠱᠦᠵᠢ᠂ | ᠪᠠᠶᠢᠩᠭᠤ ᠶᠢᠨ ᠳᠡᠳ᠋ ᠳᠠᠷᠤᠭ᠎ᠠ ᠪᠤᠤ ᠮᠢᠩ ᠳ᠋ᠦᠩ ᠄ ︽ᠥᠨᠥᠳᠦᠷ ᠵᠧᠦ ᠪᠢᠩ ᠵᠢᠶᠠᠨ ᠨᠥᠬᠦᠷ ᠤᠨ ᠶᠡᠷᠦᠩᠬᠡᠶ | ᠰᠠᠶᠢᠳ ᠵᠧᠦ ᠧᠨ ᠯᠠᠢ ᠶᠢᠨ ᠭᠡᠷ ᠤᠨ ᠰᠤᠷᠭᠠᠯ ᠤᠨ ᠲᠤᠬᠠᠶ ᠤᠢᠢᠯᠠ ᠠᠵᠢᠯᠯᠠᠭ᠎ᠠ ᠶᠢ ᠰᠣᠨᠣᠰᠤᠭᠠᠳ ᠶᠡᠭᠡ | ᠬᠥᠮᠦᠵᠢᠯ ᠬᠦᠷᠳᠡᠯ᠎ᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢ ᠬᠡᠷ ᠪᠦᠯᠢ ᠬᠡᠷ ᠤᠨ ᠰᠤᠷᠭᠠᠯ ᠬᠡᠷ ᠤᠨ | ᠰᠤᠷᠲᠠᠯ ᠤᠨ ᠪᠠᠶᠢᠭᠤᠯᠤᠯᠲᠠ ᠶᠢ ᠲᠦᠷᠦᠭᠦᠯᠡᠨ ᠴᠢᠬᠤᠯᠠᠴᠢᠯᠠᠵᠤ᠂ ᠨᠠᠮ ᠤᠨᠬᠡᠷ ᠪᠦᠯᠢ ᠬᠡᠷ ᠤᠨ ᠰᠤᠷᠭᠠᠯ ᠬᠡᠷ ᠤᠨ | ᠰᠤᠷᠲᠠᠯ ᠤᠨ ᠪᠠᠶᠢᠭᠤᠯᠤᠯᠲᠠ ᠶᠢᠨ ᠲᠤᠬᠠᠶ ᠡᠯ᠎ᠡ ᠵᠦᠶᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ ︾ | ᠭᠡᠯᠡ᠃ | ᠰᠤᠷᠪᠤᠯᠵᠢᠯᠠᠭ᠎ᠠ᠄ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠳᠡᠳ᠋ ᠵᠠᠬᠢᠷᠤᠯ ᠬᠡᠷᠡᠯᠲᠦ᠄ ︽ᠥᠨᠥᠳᠦᠷ ᠦᠳᠡ ᠶᠢᠨ ᠡᠮᠦᠨ᠎ᠡ ᠪᠢᠳᠡ ᠵᠸᠧ ᠪᠢᠩ ᠵᠢᠶᠠᠨ ᠨᠦᠬᠦᠷ ᠤᠨ ᠭᠡᠷ ᠤᠨ | ᠰᠤᠷᠲᠠᠯ ᠭᠡᠷ ᠤᠨ ᠰᠤᠷᠭᠠᠯ ᠤᠨ ᠲᠤᠬᠠᠶ ᠶᠠᠷᠢᠭᠰᠠᠨ ᠦᠯᠢᠭᠡᠷ ᠢ ᠰᠣᠨᠣᠰᠤᠭᠠᠳ ᠶᠡᠬᠡᠳᠡ ᠵᠣᠷᠢᠭᠵᠢᠭᠤᠯᠤᠯ ᠪᠣᠯᠤᠨ | ᠬᠥᠮᠦᠵᠢᠯ ᠭᠥᠷᠳᠡᠭᠰᠡᠨ ᠪᠠᠶᠢᠨ᠎ᠠ᠃ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠪᠢᠳᠡ ᠶᠡᠷᠦᠩᠬᠡᠶ ᠰᠠᠶᠢᠳ | ᠵᠧᠦ ᠧᠨ ᠯᠠᠶ ᠶᠢᠨ ᠬᠡᠷ ᠤᠨ ᠰᠤᠷᠲᠠᠯ ᠬᠡᠷ ᠤᠨ ᠰᠤᠷᠭᠠᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ | ᠬᠡᠷ ᠤᠨ ᠬᠥᠮᠦᠰ ᠪᠣᠯᠤᠨ ᠳᠡᠷᠭᠡᠳᠡᠬᠢ ᠠᠵᠢᠯᠲᠠᠳ ᠢᠶᠠᠨ ᠬᠠᠯᠠᠮᠵᠢᠯᠠᠨ ᠬᠠᠶᠢᠷᠠᠯᠠᠵᠤ᠂ ᠨᠡᠶᠢᠭᠡᠮ ᠤᠨ ᠰᠢᠯᠢᠳᠡᠭ ᠬᠡᠪ | ᠰᠤᠷᠲᠠᠯ ᠢ ᠪᠠᠳᠠᠷᠠᠭᠤᠯᠤᠨ᠂ ᠬᠡᠷ ᠤᠨ ᠰᠤᠷᠲᠠᠯ ᠬᠡᠷ ᠤᠨ ᠰᠤᠷᠭᠠᠯ ᠤᠨ ᠭᠦᠨ ᠵᠤᠵᠠᠭᠠᠨ ᠠᠭᠤᠷ ᠠᠮᠢᠰᠬᠤᠯ ᠢ | ᠲᠦᠷᠦᠭᠦᠯᠡᠨ ᠰᠠᠶᠢᠲᠤᠷ ᠨᠠᠶᠢᠳᠠᠪᠤᠷᠢᠵᠢᠭᠤᠯᠵᠤ ᠪᠣᠶ ᠪᠤᠯᠭᠠᠨ᠎ᠠ︾ ᠭᠡᠯᠡ᠃ | ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ᠂ ᠵᠸᠧ ᠪᠢᠩ ᠵᠢᠶᠠᠨ ᠪᠠᠰᠠ ᠪᠠᠷᠠᠭᠤᠨ ᠦᠵᠦᠮᠦᠴᠢᠨ | ᠬᠤᠰᠢᠭᠤᠨ ᠤ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠲᠤ | ᠨᠢᠭᠡ ᠤᠳᠠᠭᠠᠨ ᠤ ᠠᠮᠢᠳᠤᠯᠢᠭ ᠰᠠᠶᠢᠬᠠᠨ ᠬᠡᠷ ᠤᠨ ᠰᠤᠷᠭᠠᠯ ᠬᠡᠷ ᠤᠨ ᠰᠤᠷᠲᠠᠯ ᠤᠨ ᠬᠢᠴᠢᠶᠡᠯ ᠲᠠᠶᠢᠯᠣᠮᠵᠢ ᠬᠢᠪᠡ᠃ | | | | | |