ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ  ︽ᠠᠯᠲᠠᠨ ᠨᠠᠮᠤᠷ ᠤᠨ ᠠᠶᠠᠯᠠᠯ ︾  ᠠᠯᠬᠤᠬᠤ ᠣᠷᠣᠯᠳᠣᠭᠠᠨ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/9/26
   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ  ︽ᠠᠯᠲᠠᠨ ᠨᠠᠮᠤᠷ ᠤᠨ ᠠᠶᠠᠯᠠᠯ  ︾  ᠠᠯᠬᠤᠬᠤ ᠣᠷᠣᠯᠳᠣᠭᠠᠨ ᠠᠮᠵᠢᠯᠲᠠᠲᠠᠢ ᠶᠠᠪᠤᠭᠳᠠᠪᠠ    9 ᠰᠠᠷ᠎ᠠ ᠶᠢᠨ22 ᠤ ᠡᠳᠦᠷ᠂  ᠪᠠᠷᠠᠭᠤᠨ ᠦᠵᠦᠮᠦᠴᠢᠨ ᠬᠤᠰᠢᠭᠤᠨ ᠤ 99  ᠨᠣᠮᠧᠷᠲᠤ ᠵᠠᠰᠠᠮᠠᠯ ᠵᠠᠮ ᠢ ᠲᠣᠭᠤᠯᠬᠤ  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠬᠤᠨᠳᠠᠭᠠᠲᠤ ᠠᠯᠬᠤᠬᠤ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ᠃
    ᠲᠤᠰ ᠤᠳᠠᠭᠠᠨ ᠤ ᠤᠷᠤᠯᠳᠤᠭᠠᠨ ᠢ  ᠪᠠᠷᠠᠭᠤᠨ ᠦᠵᠦᠮᠦᠴᠢᠨ ᠬᠤᠰᠢᠭᠤᠨ ᠤ ᠤᠬᠠᠭᠤᠯᠬᠤ ᠬᠡᠯᠲᠡᠰ᠂ ᠪᠠᠷᠠᠭᠤᠨ ᠦᠵᠦᠮᠦᠴᠢᠨ ᠬᠤᠰᠢᠭᠤᠨ ᠤ  ᠨᠢᠭᠡᠳᠦᠮᠡᠯ ᠹᠠᠷᠣᠨᠲ ᠤᠨ ᠬᠡᠯᠲᠡᠰ᠂  ᠬᠤᠰᠢᠭᠤ  ᠰᠢᠭᠤᠳ ᠬᠠᠷᠢᠶ᠎ᠠ ᠪᠠᠶᠢᠭᠤᠯᠤᠮᠵᠢ ᠶᠢᠨ ᠨᠠᠮ ᠤᠨ ᠠᠵᠢᠯᠯᠠᠬᠤ ᠵᠦᠪᠯᠡᠯ᠂ ᠪᠠᠷᠠᠭᠤᠨ ᠦᠵᠦᠮᠦᠴᠢᠨ ᠬᠤᠰᠢᠭᠤᠨ ᠤ  ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠦᠢᠯᠡᠴᠢᠯᠡᠭᠡᠨ ᠤ ᠲᠦᠪ᠂ ᠪᠠᠷᠠᠭᠤᠨ ᠦᠵᠦᠮᠦᠴᠢᠨ ᠬᠤᠰᠢᠭᠤᠨ ᠤ  ᠰᠣᠶᠣᠯ ᠵᠢᠭᠤᠯᠴᠢᠯᠠᠯ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠦᠪ  ᠠᠴᠠ  ᠬᠠᠮᠲᠤᠷᠠᠨ ᠡᠷᠬᠢᠯᠡᠵᠦ᠂  ᠤᠷᠤᠯᠳᠤᠭᠠᠨ ᠳᠤ 400  ᠭᠠᠷᠤᠢ ᠲᠠᠮᠢᠷᠴᠢᠳ  ᠢᠳᠡᠪᠬᠢᠲᠠᠢ ᠣᠷᠣᠯᠴᠠᠭᠰᠠᠨ ᠪᠠᠶᠢᠨ᠎ᠠ  ᠃ ᠤᠷᠤᠯᠳᠤᠭᠠᠨ ᠤ  ᠵᠠᠢ ᠶᠢ 14 km ᠢᠶᠠᠷ  ᠲᠣᠬᠢᠷᠠᠭᠤᠯᠵᠤ᠂  ᠡᠷᠡᠭᠲᠡᠢ ᠡᠮᠡᠭᠲᠡᠢ ᠬᠤᠶᠠᠷ ᠳᠤᠭᠤᠶᠢᠯᠠᠩ ᠬᠤᠪᠢᠶᠠᠨ᠂  ᠤᠷᠤᠯᠳᠤᠭᠠᠨ  ᠤ  ᠠᠬᠤᠢ ᠲᠠᠯᠠᠪᠠᠢ ᠳᠤ  ᠲᠤᠰ ᠲᠤᠰ ᠪᠠᠴᠢᠮ ᠪᠠᠶᠢᠳᠠᠯ ᠢ  ᠠᠷᠭᠠᠴᠠᠬᠤ  ᠠᠪᠤᠷᠠᠨ ᠲᠤᠰᠠᠯᠠᠬᠤ ᠴᠡᠭ ᠲᠣᠬᠢᠷᠠᠭᠤᠯᠤᠨ ᠠᠮᠤᠷ ᠲᠦᠪᠰᠢᠨ ᠤ ᠪᠠᠲᠤᠯᠠᠭ᠎ᠠ ᠶᠢ  ᠬᠠᠩᠭᠠᠭᠰᠠᠨ ᠪᠠᠶᠢᠨ᠎ᠠ᠃
   ᠤᠷᠤᠯᠳᠤᠭᠠᠨ ᠤ ᠵᠠᠮ ᠤᠨ ᠲᠥᠯᠦᠪᠯᠡᠭᠡ ᠪᠠᠷ᠂  ᠲᠠᠮᠢᠷᠴᠢᠳ  ᠮᠢᠷᠠᠯᠵᠠᠨ ᠰᠣᠯᠤᠩᠭᠠᠷᠠᠭᠰᠠᠨ 99  ᠨᠣᠮᠧᠷᠲᠤ ᠵᠠᠰᠠᠮᠠᠯ ᠵᠠᠮ ᠳᠠᠭᠠᠤ ᠲᠠᠬᠢ ᠭᠤᠶᠢᠳᠠ ᠰᠠᠶᠢᠬᠠᠨ ᠦᠵᠡᠮᠵᠢ  ᠰᠣᠨᠢᠷᠬᠠᠵᠠᠭᠠᠨ᠂  ᠰᠡᠳᠬᠢᠯ ᠰᠠᠨᠠᠭ᠎ᠠ ᠪᠠᠨ ᠪᠠᠶᠠᠰᠬᠠᠨ  ᠂  ᠬᠠᠭᠠᠰ ᠡᠳᠦᠷ ᠤᠨ  ᠤᠷᠤᠯᠳᠤᠭᠠᠨ ᠤ ᠠᠶᠠᠯᠠᠯ ᠢᠶᠠᠨ ᠭᠠᠨᠵᠤᠭ᠎ᠠ ᠳᠦᠭᠦᠷᠡᠩ᠂  ᠪᠠᠶᠠᠰᠤᠯ ᠣᠯᠵᠠᠷᠬᠠᠯ ᠲᠠᠢ  ᠲᠡᠮᠳᠡᠭᠯᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号