︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠵᠠᠭᠠᠶ᠎ᠠ︾ ᠭᠡᠬᠦ ᠭᠤᠣᠯ ᠰᠡᠳᠦᠪᠲᠦ ᠪᠠᠭ᠎ᠠ ᠰᠤᠷᠭᠠᠭᠤᠯᠢ ᠶᠢᠨ  ᠰᠤᠷᠤᠭᠴᠢᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠬᠦᠭᠵᠢᠶᠡᠨᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/9/26
︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠶᠠᠷᠢᠵᠠᠭᠠᠶ᠎ᠠ︾ ᠭᠡᠬᠦ ᠭᠤᠣᠯ ᠰᠡᠳᠦᠪᠲᠦ ᠪᠠᠭ᠎ᠠ ᠰᠤᠷᠭᠠᠭᠤᠯᠢ ᠶᠢᠨ  ᠰᠤᠷᠤᠭᠴᠢᠳ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠬᠦᠭᠵᠢᠶᠡᠨᠲᠠᠢ ᠶᠠᠪᠤᠭᠳᠠᠪᠠ                                                     9 ᠰᠠᠷ᠎ᠠ ᠶᠢᠨ 22  ᠤ  ᠦᠳᠡ ᠶᠢᠨ ᠬᠤᠶᠢᠨ᠎ᠠ᠂ ᠬᠤᠰᠢᠭᠤ ᠬᠤᠶᠢᠴᠢ ᠦᠶ᠎ᠡ  ᠶᠢ ᠬᠠᠯᠠᠮᠵᠢᠯᠠᠬᠤ ᠠᠵᠢᠯ ᠤᠨ ᠵᠥᠪᠯᠡᠯ᠂  ᠬᠤᠰᠢᠭᠤ ᠰᠤᠷᠭᠠᠨ ᠬᠥᠮᠦᠵᠢᠯ ᠤᠨ  ᠲᠤᠪᠴᠢᠶᠠᠨ   ᠠᠴᠠ ᠭᠤᠣᠯᠯᠠᠨ ᠡᠷᠬᠢᠯᠡᠵᠦ  ᠂ ᠬᠤᠰᠢᠭᠤ ᠭᠤᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ  ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠤᠨ ︽ ᠠᠴᠢᠲᠤ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂  ᠪᠥᠬᠦ ᠲᠠᠯ᠎ᠠ ᠪᠠᠷ  ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠳᠤ ᠲᠠᠭᠤᠷᠢᠶᠠᠯ ᠦᠵᠡᠬᠦᠯᠦᠶ᠎ᠡ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠨᠢᠭᠡ ᠪᠣᠯᠬᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ  ᠶᠠᠷᠢᠵᠠᠭᠠᠶ᠎ᠠ︾  ᠬᠡᠬᠦ ᠪᠦᠬᠦ ᠬᠤᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢᠳ  ᠤᠨ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠬᠤᠰᠢᠭᠤ  ᠭᠤᠷᠪᠠᠳᠤᠭᠠᠷ ᠪᠠᠭ᠎ᠠ ᠰᠤᠷᠭᠠᠭᠤᠯᠢ ᠳᠤ  ᠬᠦᠭᠵᠢᠶᠡᠨᠲᠡᠢ ᠶᠠᠪᠤᠭᠳᠠᠪᠠ᠃   ᠲᠤᠰ ᠤᠳᠠᠭᠠᠨ ᠤ ᠤᠷᠤᠯᠳᠤᠭᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠪᠣᠳᠠᠲᠠᠶᠢᠵᠢᠭᠤᠯᠵᠤ ᠨᠠᠷᠢᠯᠢᠭ ᠪᠥᠭᠡᠳ ᠪᠥᠬᠦ ᠲᠠᠯ᠎ᠠ ᠪᠠᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠭᠰᠡᠨ ᠬᠡᠮᠵᠢᠶ᠎ᠡ ᠵᠢᠴᠢ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠪᠠᠷ ᠵᠣᠷᠢᠯᠭ᠎ᠠ  ᠪᠤᠯᠭᠠᠵᠠᠢ᠃ ᠤᠷᠤᠯᠳᠤᠭᠠᠨ ᠤ ᠶᠠᠪᠤᠴᠠ ᠳᠤ᠂ ᠰᠤᠷᠤᠭᠴᠢᠳ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠳᠠᠯᠢ ᠪᠤᠰᠤ ᠬᠠᠷᠠᠭᠠᠰᠤ ᠂ ᠠᠳᠠᠯᠢ ᠪᠤᠰᠤ ᠳᠡᠰ ᠳᠠᠪᠬᠤᠷᠭ᠎ᠠ ᠠᠴᠠ ᠳᠡᠷᠭᠡᠳᠡ ᠨᠢ ᠡᠭᠦᠰᠦᠭᠰᠡᠨ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠦᠯᠢᠭᠡᠷ ᠢ ᠶᠠᠷᠢᠵᠤ᠂ ᠴᠢᠩ ᠦᠨᠡᠨᠴᠢ ᠬᠠᠶᠢᠷ᠎ᠠ ᠰᠡᠳᠬᠢᠯᠭᠡ ᠪᠠ ᠪᠣᠷᠣᠭᠵᠢᠭᠤᠨ ᠦᠭᠡ ᠶᠠᠷᠢᠶ᠎ᠠ ᠪᠠᠷ ᠦᠨᠳᠦᠰᠦᠲᠡᠨ ᠤ ᠪᠦᠯᠬᠦᠮᠳᠡᠯ ᠤᠨ ᠲᠤᠬᠠᠢ ᠣᠶᠢᠯᠠᠭᠠᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠶᠠᠷᠢᠵᠤ᠂ ᠰᠢᠨ᠎ᠡ ᠴᠠᠭ ᠦᠶ᠎ᠡ ᠶᠢᠨ ᠪᠠᠭᠠᠴᠤᠳ ᠪᠣᠯᠤᠭᠰᠠᠨ ᠤ ᠬᠤᠪᠢ ᠳᠤ ᠨᠡᠩ ᠴᠤ ᠪᠠᠭ᠎ᠠ ᠠᠴᠠ ᠪᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠡᠭᠦᠷᠭᠡ ᠶᠢ ᠭᠦᠢᠴᠡᠳᠬᠡᠪᠡᠯ ᠵᠣᠬᠢᠬᠤ ᠶᠢ ᠢᠯᠡᠳᠬᠡᠵᠡᠢ᠃ ᠬᠤᠷᠴᠠ ᠰᠢᠷᠦᠬᠦᠨ ᠦᠷᠢᠰᠦᠯᠳᠦᠬᠡᠨ ᠢᠶᠠᠷ ᠲᠠᠮᠵᠢᠨ᠂ ᠬᠢᠨᠠᠭᠴᠢᠳ ᠠᠴᠠ  ᠶᠠᠷᠢᠶᠠᠨ ᠤ ᠠᠭᠤᠯᠭ᠎ᠠ᠂ ᠦᠭᠡ ᠬᠡᠯᠡᠨ ᠤ ᠢᠯᠡᠳᠬᠡᠯ᠂ ᠳᠦᠷᠢ ᠪᠠᠶᠢᠳᠠᠯ᠂ ᠶᠠᠷᠢᠶᠠᠨ ᠤ ᠦᠷ᠎ᠡ ᠳ᠋ᠦᠩ ᠵᠡᠷᠭᠡ ᠲᠠᠯ᠎ᠠ ᠪᠠᠷ ᠡᠯ᠎ᠡ ᠪᠠᠭ᠎ᠠ ᠰᠤᠷᠭᠠᠭᠤᠯᠢ  ᠠᠴᠠ ᠢᠷᠡᠭᠰᠡᠨ ᠨᠡᠶᠢᠲᠡ 20  ᠤᠷᠤᠯᠴᠠᠭᠴᠢ ᠳᠤ ᠬᠤᠪᠢ ᠲᠣᠭᠲᠠᠭᠠᠵᠤ᠂   ᠤᠷᠤᠯᠳᠤᠭᠠᠨ  ᠳᠤ ᠤᠷᠤᠯᠴᠠᠭᠰᠠᠨ ᠡᠯ᠎ᠡ ᠣᠨ‌‍ᠤ ᠳᠤᠭᠤᠶᠢᠯᠠᠩ ᠤᠨ ᠨᠢᠭᠡᠳᠦᠭᠡᠷ ᠳᠡᠰ ᠲᠤ 1 ᠨᠡᠷ᠎ᠡ᠂ ᠬᠤᠶᠠᠳᠤᠭᠠᠷ ᠳᠡᠰ ᠲᠤ 2 ᠨᠡᠷ᠎ᠡ᠂ ᠭᠤᠷᠪᠠᠳᠤᠭᠠᠷ ᠳᠡᠰ ᠲᠤ 3  ᠨᠡᠷ᠎ᠡ ᠶᠢ ᠲᠤᠰ ᠲᠤᠰ ᠰᠢᠯᠭᠠᠷᠠᠭᠤᠯᠤᠭᠰᠠᠨ ᠪᠠᠶᠢᠨ᠎ᠠ᠃    ᠲᠣᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠢᠶᠠᠷ ᠳᠠᠮᠵᠢᠭᠤᠯᠤᠨ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠬᠢᠵᠢᠬᠦᠯᠬᠦ ᠲᠤᠬᠠᠢ ᠣᠶᠢᠯᠠᠭᠠᠯᠲᠠ   ᠶᠢ ᠤᠯᠠᠮ  ᠬᠦᠨᠵᠡᠭᠡᠶᠢᠷᠡᠬᠦᠯᠦᠭᠰᠡᠨ ᠪᠠᠶᠢᠨ᠎ᠠ᠃   ᠬᠤᠰᠢᠭᠤ ᠬᠤᠶᠢᠴᠢ ᠦᠶ᠎ᠡ ᠶᠢ ᠬᠠᠯᠠᠮᠵᠢᠯᠠᠬᠤ ᠵᠥᠪᠯᠡᠯ᠂  ᠬᠤᠰᠢᠭᠤ  ᠰᠤᠷᠭᠠᠨ ᠬᠥᠮᠦᠵᠢᠯ ᠤᠨ  ᠲᠤᠪᠴᠢᠶᠠᠨ  ᠤ   ᠬᠠᠮᠢᠶᠠᠲᠠᠢ ᠬᠠᠷᠢᠭᠤᠴᠠᠯᠭᠠᠲᠠᠨ ᠵᠢᠴᠢ ᠬᠡᠰᠡᠭ ᠭᠡᠷ ᠤᠨ ᠠᠬᠠᠮᠠᠳ ᠰᠤᠷᠤᠭᠴᠢᠳ ᠤᠷᠤᠯᠳᠤᠭᠠᠨ ᠢ ᠰᠣᠨᠢᠷᠬᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号