︽ᠠᠯᠲᠠᠨ ᠨᠠᠮᠤᠷ ᠤᠨ ᠠᠶᠠᠯᠠᠯ︾ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠸ᠋ᠮᠷᠲᠦ | ᠵᠠᠰᠠᠮᠠᠯ ᠵᠠᠮ︾ ᠢ ᠲᠤᠭᠤᠯᠬᠤ ᠮᠠᠰᠢᠨ ᠮᠣᠲ᠋ᠣᠷ ᠢᠶᠠᠷ ᠬᠡᠭᠡᠷᠡᠯᠡᠨ ᠠᠶᠠᠯᠠᠬᠤ ᠠᠵᠢᠯᠯᠠᠭ᠎ᠠ ᠠᠮᠵᠢᠯᠲᠠᠲᠠᠢ ᠶᠠᠪᠤᠭᠳᠠᠪᠠ | | | 9 ᠰᠠᠷ᠎ᠠ ᠶᠢᠨ 23 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠮᠢᠩᠭᠠᠨ ᠲᠡᠷᠭᠡ ᠲᠦᠮᠡᠨ ᠬᠥᠮᠥᠨ ᠤ | ᠠᠯᠲᠠᠨ ᠨᠠᠮᠤᠷ ᠤᠨ ᠠᠶᠠᠯᠠᠯ ︱ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ | ᠵᠠᠰᠠᠮᠠᠯ ᠵᠠᠮ︾ ᠢ ᠲᠤᠭᠤᠯᠬᠤ ᠮᠠᠰᠢᠨ ᠮᠣᠲ᠋ᠣᠷ ᠢᠶᠠᠷ ᠬᠡᠭᠡᠷᠡᠯᠡᠨ ᠠᠶᠠᠯᠠᠬᠤ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠶᠢᠨ ᠴᠡᠭ ᠲᠤ ᠬᠦᠭᠵᠢᠶᠡᠨᠲᠡᠢ ᠶᠠᠪᠤᠭᠳᠠᠪᠠ᠃ | ᠲᠣᠰ ᠤᠳᠠᠭᠠᠨ ᠤ ᠬᠡᠭᠡᠷᠡᠯᠡᠨ ᠠᠶᠠᠯᠠᠬᠤ ᠠᠵᠢᠯᠯᠠᠭ᠎ᠠ ᠶᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠪᠡᠶ᠎ᠡ ᠲᠠᠮᠢᠷ | ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠭᠦᠯᠦᠯᠲᠡ ᠶᠢᠨ | ᠲᠥᠪ ᠠᠴᠠ ᠳᠠᠭᠠᠭᠠᠴᠢᠯᠠᠨ ᠡᠷᠬᠢᠯᠡᠵᠦ᠂ ᠡᠯ᠎ᠡ ᠭᠠᠵᠠᠷ ᠣᠷᠣᠨ ᠠᠴᠠ ᠢᠷᠡᠭᠰᠡᠨ 400 ᠭᠠᠷᠤᠢ ᠮᠠᠰᠢᠨ | ᠮᠣᠲ᠋ᠣᠷ ᠤᠨ ᠪᠠᠭ᠋ᠠᠲᠠᠳ ᠪᠠ ᠵᠢᠭᠤᠯᠴᠢᠯᠠᠭᠴᠢᠳ ᠠᠵᠢᠯᠯᠠᠭ᠎ᠠ ᠳᠤ ᠣᠷᠣᠯᠴᠠᠵᠤ᠂ ᠲᠠᠯ᠎ᠠ ᠨᠤᠲᠤᠭ ᠤᠨ ︽99 | ᠨᠣᠮᠧᠷᠲᠤ ᠵᠠᠰᠠᠮᠠᠯ ᠵᠠᠮ︾ ᠢᠶᠠᠷ ᠬᠠᠮᠲᠤ ᠳᠠᠭᠠᠨ ᠠᠶᠠᠯᠠᠨ᠂ ᠠᠯᠲᠠᠨ ᠨᠠᠮᠤᠷ ᠤᠨ ᠦᠵᠦᠮᠦᠴᠢᠨ ᠨᠤᠲᠤᠭ ᠤᠨ | ᠦᠩᠭᠡ ᠦᠵᠡᠮᠵᠢ ᠶᠢ ᠪᠠᠭ᠋ᠠᠳᠤᠨ ᠰᠣᠨᠢᠷᠬᠠᠭᠰᠠᠨ ᠪᠠᠶᠢᠨ᠎ᠠ᠃ | | | ᠵᠢᠷᠤᠭ ᠤᠨ ᠲᠠᠶᠢᠯᠤᠮᠵᠢ᠄ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ | ᠭᠠᠩ ︽99 ᠨᠣᠮᠧᠷᠲᠤ ᠵᠠᠰᠠᠮᠠᠯ ᠵᠠᠮ︾ ᠢ ᠲᠤᠭᠤᠯᠬᠤ ᠮᠠᠰᠢᠨ ᠮᠣᠲ᠋ᠣᠷ ᠢᠶᠠᠷ ᠬᠡᠭᠡᠷᠡᠯᠡᠨ ᠠᠶᠠᠯᠠᠬᠤ ᠠᠵᠢᠯᠯᠠᠭ᠎ᠠ | ᠵᠢᠩᠬᠢᠨᠢ ᠪᠠᠷ ᠡᠬᠢᠯᠡᠭᠰᠡᠨ ᠢ ᠵᠠᠷᠯᠠᠪᠠ | | ᠵᠢᠷᠤᠭ ᠤᠨ ᠲᠠᠨᠢᠯᠴᠠᠭᠤᠯᠭ᠎ᠠ᠄ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠪᠠᠶᠠᠷ ᠤᠨ ᠦᠭᠡ ᠬᠡᠯᠡᠵᠦ ᠂ ᠡᠯ᠎ᠡ | ᠭᠠᠵᠠᠷ ᠤᠨ ᠵᠢᠭᠤᠯᠴᠢᠯᠠᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ | | | | | | ᠠᠯᠲᠠᠨ ᠨᠠᠮᠤᠷ ᠤᠨ ᠨᠡᠷᠡᠨ ᠤ ᠰᠠᠴᠤᠷᠠᠭ ᠥᠷᠭᠡᠨ ᠰᠢᠷᠭᠠᠯ ᠲᠠᠯ᠎ᠠ ᠶᠢ ᠡᠮᠵᠢᠶᠡᠯᠡᠵᠦ᠂ ᠰᠣᠯᠣᠩᠭᠠᠨ | ᠦᠩᠭᠡ ᠪᠠᠷ ᠮᠢᠷᠠᠯᠵᠠᠭᠰᠠᠨ ︽99 ᠨᠣᠮᠧᠷᠲᠤ ᠵᠠᠰᠠᠮᠠᠯ ᠵᠠᠮ︾ ᠲᠠᠯ᠎ᠠ ᠶᠢᠨ ᠭᠦᠨ ᠢ ᠵᠣᠷᠢᠵᠤ᠂ ᠬᠤᠯᠠ | ᠤᠶᠢᠷ᠎ᠠ ᠠᠴᠠ ᠬᠦᠷᠦᠯᠴᠡᠨ ᠢᠷᠡᠭᠰᠡᠨ ᠭᠡᠶᠢᠴᠢᠨ ᠵᠣᠴᠢᠳ ᠢᠶᠠᠨ ᠤᠭᠲᠤᠨ᠎ᠠ᠃ ︽99 ᠨᠣᠮᠧᠷᠲᠤ ᠵᠠᠰᠠᠮᠠᠯ ᠵᠠᠮ︾ | ᠨᠢ ᠪᠠᠷᠠᠭᠤᠨ ᠦᠵᠦᠮᠦᠴᠢᠨ ᠬᠤᠰᠢᠭᠤᠨ ᠤ ᠲᠠᠪᠤᠨ ᠶᠡᠭᠡ ᠦᠵᠡᠮᠵᠢ ᠶᠢᠨ ᠣᠷᠣᠨ ᠢ ᠬᠤᠯᠪᠣᠵᠤ᠂ ᠰᠡᠷᠭᠦᠯᠡᠩ | ᠬᠠᠷᠠᠭᠠᠲᠤ ᠠᠭᠤᠯᠠ ᠠᠴᠠ ᠡᠬᠢᠯᠡᠨ ᠮᠣᠩᠭᠤᠯ ᠬᠠᠨ ᠬᠤᠲᠠ᠂ ᠨᠡᠭᠦᠳᠡᠯᠴᠢᠨ ᠠᠶᠢᠮᠠᠭ᠂ ᠴᠠᠭᠠᠨ ᠬᠤᠰᠤᠨ | ᠣᠶ ᠶᠢ ᠦᠩᠭᠡᠷᠡᠨ ᠶᠤᠯᠤ ᠬᠠᠶᠢᠷᠬᠠᠨ ᠳᠤ ᠬᠦᠷᠴᠦ᠂ ᠵᠢᠭᠤᠯᠴᠢᠯᠠᠭᠴᠢᠳ ᠵᠠᠮ ᠳᠠᠭᠠᠤ ᠠᠯᠲᠠᠨ ᠨᠠᠮᠤᠷ ᠤᠨ | ᠭᠤᠶᠢᠳᠠ ᠰᠠᠶᠢᠬᠠᠨ ᠦᠩᠭᠡ ᠦᠵᠡᠮᠵᠢ ᠶᠢ ᠰᠣᠨᠢᠷᠬᠠᠨ᠂ ᠦᠵᠦᠮᠦᠴᠢᠨ ᠨᠤᠲᠤᠭ ᠤᠨ ᠳᠠᠩᠰᠤᠭ ᠢᠳᠡᠭᠡᠨ ᠢ | ᠠᠮᠰᠠᠵᠤ᠂ ᠵᠢᠷᠤᠭ ᠰᠡᠭᠦᠳᠡᠷ ᠳᠠᠲᠠᠭᠤᠯᠤᠨ ᠮᠠᠷᠲᠠᠭᠳᠠᠰᠢ ᠦᠭᠡᠢ ᠳᠣᠷᠠᠳᠬᠠᠯ ᠦᠯᠡᠳᠡᠭᠡᠵᠡᠢ᠃ | | | | | | | ᠪᠡᠭᠡᠵᠢᠩ ᠤᠨ ︽ᠯᠢᠦᠢ ᠶᠧ︾ ᠲᠡᠷᠭᠡᠨ ᠠᠩᠭᠢ ᠶᠢᠨ ᠰᠦᠨ ᠰᠢᠶᠣᠣ ᠴᠢᠩ᠄ ︽ᠪᠢ ᠪᠣᠯ ᠪᠡᠭᠡᠵᠢᠩ ᠤᠨ ᠯᠢᠦᠢ | ᠶᠧ ᠮᠠᠰᠢᠨ ᠲᠡᠷᠭᠡᠨ ᠠᠩᠭᠢ ᠶᠢᠨ ᠬᠡᠰᠢᠭᠦᠨ ᠪᠠᠶᠢᠨ᠎ᠠ ᠃ ᠡᠨᠡ ᠤᠳᠠᠭᠠᠨ ᠤ ᠠᠶᠠᠯᠠᠯ ᠳᠤ ᠪᠢᠳᠡ ᠵᠠᠮ ᠳᠠᠭᠠᠤ | ᠮᠠᠰᠢ ᠣᠯᠠᠨ ᠭᠤᠶᠣ ᠰᠠᠶᠢᠬᠠᠨ ᠭᠠᠵᠠᠷ ᠢᠶᠠᠷ ᠦᠩᠭᠡᠷᠡᠵᠦ᠂ ᠭᠤᠶᠢᠳᠠ ᠰᠠᠶᠢᠬᠠᠨ ᠥᠩᠭᠡ ᠦᠵᠡᠮᠵᠢ ᠰᠣᠨᠢᠷᠬᠠᠵᠠᠢ᠃ | ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ ᠳᠤ ᠢᠷᠡᠭᠡᠳ ᠠᠯᠲᠠᠨ ᠨᠠᠮᠤᠷ ᠤᠨ ᠲᠠᠯ᠎ᠠ ᠨᠤᠲᠤᠭ ᠤᠨ | ᠥᠩᠭᠡ ᠦᠵᠡᠮᠵᠢ ᠶᠢ ᠣᠯᠵᠤ ᠬᠠᠷᠠᠨ᠂ ᠮᠠᠰᠢ ᠰᠡᠳᠭᠢᠯ ᠲᠤᠭᠳᠤᠯᠵᠤ ᠪᠠᠶᠢᠨ᠎ᠠ ᠃ ᠮᠠᠨ ᠤ ᠲᠡᠷᠭᠡᠨ ᠠᠩᠭᠢ ᠶᠢᠨ | ᠨᠠᠶᠢᠵᠠ ᠨᠠᠷ ᠨᠢ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠦᠵᠡᠰᠬᠦᠯᠡᠩᠲᠦ ᠰᠠᠶᠢᠬᠠᠨ | ᠦᠵᠦᠮᠦᠴᠢᠨ ᠤ ᠲᠠᠯ᠎ᠠ ᠨᠤᠲᠤᠭ ᠂ ᠰᠢᠯᠢ ᠶᠢᠨ ᠭᠤᠣᠯ ᠳᠤ ᠢᠷᠡᠬᠦ ᠶᠢ ᠣᠷᠢᠵᠤ ᠪᠠᠶᠢᠨ᠎ᠠ᠃ ᠠᠳᠡ ᠢᠷᠡᠵᠦ 99 | ᠨᠣᠮᠧᠷᠲᠤ ᠵᠠᠰᠠᠮᠠᠯ ᠵᠠᠮ ᠢᠶᠠᠷ ᠠᠶᠠᠯᠠᠵᠤ ᠵᠤᠭᠠᠯᠠᠭᠠᠷᠠᠢ︾ ᠭᠡᠯᠡ᠃ | | | | | |