ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ | ᠪᠣᠷᠣᠲᠣᠯᠣᠭᠠᠢ ᠨᠡᠶᠢᠭᠡᠮ ᠲᠣᠭᠤᠷᠢᠭ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠤᠭᠲᠤᠨ᠂ ᠤᠯᠤᠰ ᠤᠨ | ᠪᠠᠶᠠᠷ ᠢ ᠪᠡᠯᠭᠡᠯᠡᠬᠦ ᠦᠳᠡᠰᠢᠯᠡᠭᠡ ᠶᠠᠪᠤᠭᠳᠠᠪᠠ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠨ | ᠂ ︽ᠬᠤᠪᠢᠰᠬᠠᠯᠲᠤ ᠠᠳᠠᠯ ᠠᠬᠤᠢ︾᠂ ︽ᠵᠣᠯ ᠵᠢᠷᠭᠠᠯᠲᠤ ᠪᠠᠷᠠᠭᠤᠨ ᠦᠵᠦᠮᠦᠴᠢᠨ ᠢᠶᠠᠨ ᠴᠢᠳᠠᠮᠠᠭᠠᠢ ᠴᠣᠭᠴᠠᠯᠠᠬᠤ | ︾ ᠪᠠᠷ ᠠᠴᠢᠶᠠᠯᠠᠪᠤᠷᠢ ᠪᠣᠯᠭᠠᠵᠤ᠂ ︽ᠬᠤᠶᠠᠷ ᠢ ᠠᠬᠢᠭᠤᠯᠵᠤ ᠬᠤᠶᠠᠷ ᠲᠤ ᠦᠢᠯᠡᠴᠢᠯᠡᠬᠦ︾ ᠠᠵᠢᠯ ᠢ ᠤᠯᠠᠮ | ᠴᠢᠨᠠᠭᠰᠢᠳᠠ ᠠᠬᠢᠭᠤᠯᠬᠤ ᠶᠢᠨ ᠲᠤᠰᠠᠳᠠ᠂ 9 ᠰᠠᠷ᠎ᠠ ᠶᠢᠨ 22 ᠤ ᠡᠳᠦᠷ᠂ ᠪᠣᠷᠣᠲᠣᠯᠣᠭᠠᠢ ᠨᠡᠶᠢᠭᠡᠮ ᠲᠣᠭᠤᠷᠢᠭ ᠨᠢ | ᠬᠠᠮᠲᠤᠪᠠᠷ ᠪᠠᠶᠢᠭᠤᠯᠬᠤ ᠨᠢᠭᠡᠴᠡ ᠲᠠᠢ ᠬᠤᠯᠪᠣᠭᠠᠯᠠᠨ ︽ᠨᠠᠮ ᠤᠨ ᠭᠡᠰᠢᠭᠦᠨ ᠪᠠ ᠣᠯᠠᠨ ᠲᠦᠮᠡᠨ ᠨᠠᠮ ᠢᠶᠠᠨ | ᠮᠠᠭᠲᠠᠨ ᠳᠠᠭᠤᠯᠠᠵᠤ ᠦᠨᠳᠦᠰᠦᠲᠡᠨ ᠪᠦᠬᠦᠨ ᠨᠢᠭᠡ ᠭᠡᠷ ᠪᠦᠯᠢ ᠮᠡᠲᠦ ᠳᠣᠲᠣᠨᠣ︾ ᠭᠡᠬᠦ ᠨᠠᠢᠮᠠᠨ ᠰᠠᠷ᠎ᠠ ᠶᠢᠨ | ᠲᠡᠷᠭᠡᠯ ᠪᠠᠶᠠᠷ ᠢ ᠤᠭᠲᠤᠨ᠂ ᠤᠯᠤᠰ ᠤᠨ ᠪᠠᠶᠠᠷ ᠢ ᠪᠡᠯᠭᠡᠯᠡᠬᠦ ᠦᠳᠡᠰᠢᠯᠡᠭᠡ ᠡᠷᠬᠢᠯᠡᠨ ᠶᠠᠪᠤᠭᠳᠠᠭᠤᠯᠪᠠ᠃ | ᠬᠠᠮᠲᠤᠪᠠᠷ ᠪᠠᠶᠢᠭᠤᠯᠬᠤ ᠨᠢᠭᠡᠴᠡ ᠶᠢᠨ ᠭᠡᠰᠢᠭᠦᠨ᠂ ᠨᠡᠶᠢᠭᠡᠮ ᠲᠣᠭᠤᠷᠢᠭ ᠤᠨ ᠪᠥᠬᠦ ᠠᠵᠢᠯᠲᠠᠨ ᠵᠢᠴᠢ ᠰᠠᠭᠤᠭᠠᠯᠢ | ᠲᠤᠭᠤᠷᠢᠭ ᠤᠨ ᠠᠷᠠᠳ ᠠᠵᠢᠯᠯᠠᠭ᠎ᠠ ᠳᠤ ᠣᠷᠣᠯᠴᠠᠵᠠᠢ᠃ | ᠦᠳᠡᠰᠢᠯᠡᠭᠡ ᠨᠢ ︽ᠨᠠᠮ ᠳᠠᠭᠠᠨ ᠡᠷᠭᠦᠬᠦ ᠨᠤᠲᠤᠭ ᠤᠨ ᠠᠶᠠᠯᠭᠤ︾ ᠳᠠᠭᠤᠤ ᠪᠠᠷ ᠬᠥᠰᠢᠭᠡ ᠪᠠᠨ ᠰᠡᠬᠦᠵᠦ᠂ | ᠤᠷᠠᠨ ᠪᠦᠵᠢᠭ᠂ ᠤᠶᠠᠩᠭ᠎ᠠ ᠰᠢᠯᠦᠭ᠂ ᠨᠠᠶᠢᠷᠠᠯ ᠬᠥᠭᠵᠢᠮ ᠵᠡᠷᠭᠡ 13 ᠭᠤᠶᠢᠳᠠ ᠰᠠᠶᠢᠬᠠᠨ ᠲᠣᠭᠯᠠᠯᠲᠠ ᠪᠠᠷ | ᠦᠵᠡᠭᠴᠢᠳ ᠢᠶᠠᠨ ᠪᠠᠶᠠᠰᠬᠠᠨ᠂ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠦᠶ᠎ᠡ | ᠦᠶ᠎ᠡ ᠨᠢᠵᠢᠭᠢᠨᠡᠵᠦ᠂ ᠪᠠᠶᠠᠷ ᠪᠠᠶᠠᠰᠤᠯ ᠢᠶᠠᠷ ᠪᠢᠯᠬᠠᠵᠤ ᠪᠠᠶᠢᠯ᠎ᠠ᠃ | ᠦᠳᠡᠰᠢᠯᠡᠭᠡ ᠶᠢᠨ ᠠᠬᠤᠢ ᠲᠠᠯᠠᠪᠤᠷ ᠲᠤ ᠪᠠᠰᠠ︽ᠨᠠᠮ ᠤᠨ ᠲᠡᠦᠬᠡ ᠶᠢᠨ ᠮᠡᠳᠡᠯᠭᠡ︾᠂ ︽ᠠᠶᠤᠯᠭᠦᠢ | ᠦᠢᠯᠡᠳᠪᠦᠷᠢᠯᠡᠯ ᠤᠨ ᠶᠡᠷᠦ ᠶᠢᠨ ᠮᠡᠳᠡᠯᠭᠡ︾᠂ ︽ᠮᠥᠩᠭᠦᠨ ᠭᠦᠢᠯᠭᠡᠭᠡᠨ ᠤ ᠮᠡᠬᠡᠯᠡᠯ ᠠᠴᠠ ᠰᠡᠷᠭᠡᠶᠢᠯᠡᠬᠦ ᠶᠡᠷᠦ ᠶᠢᠨ | ᠮᠡᠳᠡᠯᠭᠡ︾᠂ ︽ᠦᠨᠳᠦᠰᠦᠲᠡᠨ ᠤ ᠪᠦᠯᠬᠦᠮᠳᠡᠯ ᠤᠨ ᠲᠤᠬᠠᠢ ᠮᠡᠳᠡᠪᠡᠰᠦ ᠵᠣᠬᠢᠬᠤ ᠮᠡᠳᠡᠯᠭᠡ︾ ᠵᠡᠷᠭᠡ ᠮᠡᠳᠡᠯᠭᠡ ᠶᠢᠨ | ᠲᠤᠭᠤᠷᠢᠨ ᠳᠤ ᠠᠰᠠᠭᠤᠯᠲᠠ ᠬᠠᠷᠢᠭᠤᠯᠬᠤ ᠱᠠᠩᠨᠠᠯᠲᠤ ᠬᠥᠳᠡᠯᠭᠡᠭᠡᠨ ᠶᠠᠪᠤᠭᠳᠠᠭᠤᠯᠵᠤ᠂ ᠠᠬᠤᠢ ᠲᠠᠯᠠᠪᠤᠷ ᠤᠨ | ᠠᠭᠤᠷ ᠠᠮᠢᠰᠬᠤᠯ ᠢ ᠨᠡᠩ ᠬᠥᠭᠵᠢᠭᠡᠪᠡ᠃ | ᠲᠣᠰ ᠤᠳᠠᠭᠠᠨ ᠤ ᠦᠳᠡᠰᠢᠯᠡᠭᠡ ᠨᠢ ᠨᠡᠶᠢᠭᠡᠮ ᠲᠣᠭᠤᠷᠢᠭ ᠪᠣᠯᠣᠨ ᠬᠠᠮᠲᠤ ᠪᠠᠷ ᠪᠠᠶᠢᠭᠤᠯᠬᠤ ᠨᠢᠭᠡᠴᠡ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ | ᠠᠬᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ | ᠪᠡᠶᠡᠯᠡᠭᠦᠯᠦᠭᠰᠡᠨ ᠪᠥᠭᠡᠳ ᠬᠠᠷᠢᠶ᠎ᠠ ᠣᠷᠣᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠠᠮᠲᠤ ᠳᠠᠭᠠᠨ ᠳᠠᠭᠤᠯᠠᠨ ᠪᠥᠵᠢᠭᠯᠡᠵᠦ᠂ ᠬᠥᠭᠵᠢᠯᠳᠦᠨ | ᠪᠠᠶᠠᠰᠤᠭᠰᠠᠨ ᠪᠦᠯᠬᠦᠮᠳᠡᠯ ᠲᠠᠢ᠂ ᠡᠶ᠎ᠡ ᠵᠣᠬᠢᠴᠠᠯ ᠲᠠᠢ᠂ ᠡᠷᠡᠯᠬᠡᠭᠯᠡᠨ ᠤᠷᠤᠭᠰᠢᠯᠠᠬᠤ ᠠᠭᠤᠷ ᠠᠮᠢᠰᠬᠤᠯ ᠢ ᠪᠣᠶ | ᠪᠣᠯᠭᠠᠭᠰᠠᠨ ᠪᠠᠶᠢᠨ᠎ᠠ᠃ | ᠡᠨᠡ ᠵᠢᠯ ᠪᠣᠷᠣᠲᠣᠯᠣᠭᠠᠢ ᠨᠡᠶᠢᠭᠡᠮ ᠲᠣᠭᠤᠷᠢᠭ ᠤᠨ 14 ᠬᠠᠮᠲᠤᠪᠠᠷ ᠪᠠᠶᠢᠭᠤᠯᠬᠤ ᠨᠢᠭᠡᠴᠡ ᠶᠢᠨ 148 | ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠪᠠᠨ ᠭᠦᠨᠵᠡᠭᠡᠶᠢᠷᠡᠵᠦ᠂ ᠣᠯᠠᠨ | ᠲᠦᠮᠡᠨ ᠤ ︽ᠪᠠᠴᠢᠮ ᠬᠦᠴᠢᠷ ᠲᠤᠯᠭᠠᠮ᠎ᠠ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠯᠠᠨ | ᠲᠦᠮᠡᠨ ᠲᠤᠰᠬᠠᠬᠤ᠂ ᠨᠡᠶᠢᠭᠡᠮ ᠲᠣᠭᠤᠷᠢᠭ ᠠᠴᠠ ᠵᠣᠬᠢᠴᠠᠭᠤᠯᠬᠤ᠂ ᠪᠠᠶᠢᠭᠤᠯᠭ᠎ᠠ ᠨᠢᠭᠡᠴᠡ ᠭᠦᠢᠴᠡᠳᠬᠡᠬᠦ︾ | ᠬᠠᠮᠲᠤ ᠪᠠᠷ ᠪᠠᠶᠢᠭᠤᠯᠬᠤ ᠵᠠᠭᠪᠤᠷ ᠢ ᠬᠡᠷᠡᠭᠯᠡᠨ᠂ ᠬᠠᠮᠲᠤᠪᠠᠷ ᠪᠠᠶᠢᠭᠤᠯᠬᠤ ᠨᠢᠭᠡᠴᠡ ᠯᠦᠭᠡ ︽ᠬᠤᠣᠰ ᠴᠢᠭᠯᠡᠯ︾ ᠤᠨ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠦᠢᠯᠡᠴᠢᠯᠡᠭᠡᠨ ᠤ ᠠᠵᠢᠯ ᠢ ᠬᠠᠮᠲᠤᠷᠠᠨ ᠬᠢᠬᠦ᠂ ᠰᠣᠶᠣᠯ ᠲᠠᠮᠢᠷ ᠤᠨ | ᠠᠵᠢᠯᠯᠠᠭ᠎ᠠ ᠶᠢ ᠬᠠᠮᠲᠤᠷᠠᠨ ᠡᠷᠬᠢᠯᠡᠬᠦ᠂ ᠣᠷᠴᠢᠨ ᠲᠣᠭᠤᠷᠢᠨ ᠢ ᠬᠠᠮᠲᠤᠷᠠᠨ ᠪᠠᠶᠢᠭᠤᠯᠬᠤ︾ ᠠᠵᠢᠯ ᠤᠨ ᠠᠷᠭ᠎ᠠ | ᠬᠡᠯᠪᠡᠷᠢ ᠪᠠᠷ ᠳᠠᠮᠵᠢᠭᠤᠯᠤᠨ᠂ ︽ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤ ᠪᠠᠷ | ᠦᠢᠯᠡᠴᠢᠯᠡᠬᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ | ᠪᠠᠶᠢᠷᠢᠰᠢᠯ ᠢ ᠦᠷᠭᠦᠯᠵᠢᠯᠡᠨ ᠪᠣᠢ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠵᠤ ᠪᠣᠢ ᠃ | | |