ᠪᠠᠷᠠᠭᠤᠨ ᠦᠵᠦᠮᠦᠴᠢᠨ ᠬᠤᠰᠢᠭᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ ᠪᠣᠢ
ᠨᠡᠶᠢᠲᠡᠯᠡᠭᠰᠡᠨ ᠴᠠᠭ᠄
2023/9/26
 ᠪᠠᠷᠠᠭᠤᠨ ᠦᠵᠦᠮᠦᠴᠢᠨ ᠬᠤᠰᠢᠭᠤ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ ᠪᠣᠢ                      ᠣᠶᠢᠷ᠎ᠠ ᠶᠢᠨ ᠵᠢᠯ᠂ ᠪᠠᠷᠠᠭᠤᠨ ᠦᠵᠦᠮᠦᠴᠢᠨ ᠬᠤᠰᠢᠭᠤ ᠤᠯᠤᠰ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠣᠷᠣᠰᠢᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠰᠢᠭᠤᠨ ᠤ ᠪᠠᠨ ᠪᠣᠳᠠᠲᠤ ᠪᠠᠶᠢᠳᠠᠯ ᠳᠤ ᠵᠣᠬᠢᠴᠠᠭᠰᠠᠨ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠪᠡ᠃   ᠬᠠᠪᠤᠷ ᠨᠠᠮᠤᠷ ‍ᠤᠨ‌ᠠᠮᠢᠲᠠᠨ ᠤ ᠡᠪᠡᠳᠴᠢᠨ ᠬᠢᠵᠢᠭ ᠤᠨ ᠰᠡᠷᠭᠡᠶᠢᠯᠡᠯᠲᠡ ᠶᠢᠨ ᠲᠠᠷᠢᠯᠭ᠎ᠠ ᠬᠢᠬᠦ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠪᠠᠶᠢᠴᠠᠭᠠᠯᠲᠠ ᠬᠢᠬᠦ᠂ ᠦᠯᠢᠭᠡᠷ ᠠᠪᠴᠤ ᠰᠢᠯᠭᠠᠨ ᠪᠠᠶᠢᠴᠠᠭᠠᠯᠭᠠᠬᠤ ᠪᠠᠷ ᠬᠦᠷᠭᠡᠬᠦ ᠁ ᠵᠡᠷᠭᠡ ᠨᠢ ᠥᠪᠥᠷ ᠮᠣᠩᠭᠤᠯ ᠤᠨ ᠶᠡᠭᠡ ᠰᠠᠶᠢᠨ ᠮᠠᠯ ᠠᠵᠤ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠣᠯᠣᠨ ᠲᠢᠶᠠᠨᠵᠢᠨ ᠤ ᠷᠦᠢ ᠫᠦ᠋ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠭᠠᠴᠠᠭᠠᠨ ᠲᠠᠰ ᠤᠨ ᠬᠢᠵᠢᠭ ᠰᠡᠷᠭᠡᠶᠢᠯᠡᠬᠦ ᠠᠵᠢᠯᠯᠠᠬᠤ ᠠᠩᠭᠢ ᠪᠠᠶᠢᠭᠤᠯᠤᠭᠰᠠᠨ ᠠᠴᠠ ᠨᠠᠰᠢᠬᠢ ᠬᠡᠪ ᠤᠨ ᠠᠵᠢᠯ ᠪᠣᠯᠣᠭᠰᠠᠨ ᠪᠠᠶᠢᠨ᠎ᠠ᠃ ᠡᠨᠡ ᠬᠦ ᠬᠢᠵᠢᠭ ᠰᠡᠷᠭᠡᠶᠢᠯᠡᠬᠦ ᠠᠩᠭᠢ ᠨᠢ ᠦᠢᠯᠡᠴᠢᠯᠡᠭᠡ ᠰᠠᠶᠢᠲᠠᠢ᠂ ᠮᠡᠷᠭᠡᠵᠢᠯ ᠥᠨᠳᠥᠷ ᠪᠣᠯᠬᠤᠷ ᠮᠠᠯᠴᠢᠳ ᠲᠤ ᠪᠠᠭ᠎ᠠ ᠪᠤᠰᠤ ᠶᠠᠷᠰᠢᠭ ᠲᠦᠪᠡᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠪᠥᠭᠡᠳ ᠮᠠᠯᠴᠢᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠶᠡᠭᠡ ᠰᠠᠶᠢᠨ ᠮᠠᠯ ᠠᠵᠤ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠵᠠᠬᠢᠷᠤᠯ   ᠭᠠᠷᠤᠳᠢᠮᠠᠩᠯᠠᠢ᠄ ︽ᠮᠠᠨ ᠤ ᠭᠠᠴᠠᠭᠠᠨ ᠳᠡᠰ ᠤᠨ ᠬᠢᠵᠢᠭ ᠰᠡᠷᠭᠡᠶᠢᠯᠡᠬᠦ ᠠᠵᠢᠯᠯᠠᠬᠤ ᠠᠩᠭᠢ ᠨᠢ 240 ᠬᠦᠮᠦᠨ ᠢᠶᠠᠷ ᠪᠦᠷᠢᠯᠳᠦᠵᠡᠢ᠃ ᠭᠤᠣᠯᠳᠠᠭᠤ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠪᠠᠷ ᠭᠤᠣᠯᠳᠠᠯᠭ᠎ᠠ ᠪᠣᠯᠭᠠᠭᠰᠠᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ ᠪᠠᠶᠢᠨ᠎ᠠ᠃ ᠮᠠᠨ ᠤ ᠬᠢᠵᠢᠭ ᠰᠡᠷᠭᠡᠶᠢᠯᠡᠬᠦ ᠠᠵᠢᠯᠯᠠᠬᠤ ᠠᠩᠭᠢ ᠨᠢ ᠪᠠᠶᠢᠭᠤᠯᠤᠭᠳᠠᠭᠰᠠᠨ ᠠᠴᠠ ᠨᠠᠰᠢ᠂ ᠦᠨᠳᠦᠰᠦᠨ ᠱᠠᠲᠤᠨ ᠤ ᠮᠠᠯᠴᠢᠳ ᠤᠨ ᠮᠠᠯ ᠲᠡᠵᠢᠭᠡᠪᠦᠷᠢ ᠶᠢᠨ ᠡᠪᠡᠳᠴᠢᠨ ᠬᠢᠵᠢᠭ ᠢ ᠡᠮᠨᠡᠨ ᠵᠠᠰᠠᠬᠤ ᠳᠤ ᠲᠤᠯᠭᠠᠷᠠᠵᠤ ᠪᠠᠶᠢᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠠᠰᠠ ᠦᠨᠳᠦᠰᠦᠨ ᠱᠠᠲᠤᠨ ᠤ ᠠᠮᠢᠲᠠᠨ ᠤ ᠡᠪᠡᠳᠴᠢᠨ ᠬᠢᠵᠢᠭ ᠤᠨ ᠰᠡᠷᠭᠡᠶᠢᠯᠡᠯᠲᠡ ᠶᠢᠨ ᠲᠦᠷᠭᠡᠨ ᠰᠢᠢᠳᠪᠦᠷᠢᠯᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠡᠢ᠃ ᠬᠤᠶᠢᠰᠢᠳᠠ᠂ ᠪᠢᠳᠡ ᠦᠢᠯᠡᠴᠢᠯᠡᠭᠡᠨ ᠤ ᠬᠡᠯᠪᠡᠷᠢ ᠪᠠᠨ ᠦᠷᠭᠦᠯᠵᠢᠯᠡᠨ ᠰᠢᠨᠡᠴᠢᠯᠡᠵᠦ᠂ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠪᠣᠳᠠᠲᠠᠢ ᠠᠵᠢᠯ ᠬᠢᠵᠦ ᠥᠭᠬᠦ ᠦᠢᠯᠡᠴᠢᠯᠡᠭᠡ ᠪᠠᠷ ᠢᠶᠠᠨ ᠮᠠᠯᠴᠢᠳ ᠤᠨ ᠰᠡᠳᠬᠢᠯ ᠳᠤ ᠬᠦᠷᠬᠦ ᠪᠠᠷ ᠴᠢᠷᠮᠠᠶᠢᠨ᠎ᠠ︾ ᠭᠡᠯ᠎ᠡ᠃    ᠤᠤᠯ ᠨᠢ ᠮᠠᠯᠵᠢᠬᠤ ᠣᠷᠣᠨ ᠳᠤ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠴᠥᠬᠡᠨ ᠮᠥᠷᠲᠡᠭᠡᠨ ᠡᠮ ᠤᠨ ᠬᠠᠩᠭᠠᠯᠭ᠎ᠠ ᠬᠦᠷᠦᠯᠴᠡᠬᠦ ᠦᠭᠡᠢ ᠪᠠᠶᠢᠭᠰᠠᠨ ᠠᠴᠠ ᠤᠲᠤ ᠪᠦᠭᠦ ᠬᠤᠰᠢᠭᠤᠨ ᠤ ᠬᠡᠪᠴᠢᠶᠡᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠲᠠᠢ ᠪᠣᠯᠵᠤ᠂ ᠡᠨᠡᠬᠦ ᠦᠢᠯᠡᠴᠢᠯᠡᠭᠡᠨ ᠤ ᠵᠠᠭᠪᠤᠷ ᠨᠢ ᠨᠢᠭᠡᠨᠲᠡ ᠪᠠᠷᠠᠭᠤᠨ ᠦᠵᠦᠮᠦᠴᠢᠨ ᠬᠤᠰᠢᠭᠤᠨ ᠤ ᠣᠳᠣᠬᠢᠴᠢᠯᠠᠭᠰᠠᠨ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤᠮᠳᠠᠬᠢ ︽ᠲᠣᠳᠣ ᠴᠡᠭ︾ ᠪᠣᠯᠤᠭᠰᠠᠨ ᠪᠠᠶᠢᠨ᠎ᠠ᠃    ᠡᠪᠡᠰᠦ ᠪᠣᠷᠳᠤᠭ᠎ᠠ ᠳᠦᠭᠦᠷᠡᠩ ᠠᠴᠢᠭᠰᠠᠨ ᠠᠴᠢᠶᠠᠨ ᠤ ᠮᠠᠰᠢᠨ ᠲᠡᠷᠭᠡ ᠨᠦᠭᠦᠳ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠬᠤᠰᠢᠭᠤ ᠲᠡᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠠᠴᠠ ᠡᠯ᠎ᠡ ᠰᠤᠮᠤ ᠪᠠᠯᠭᠠᠰᠤᠨ ᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠵᠦᠭ ᠳᠠᠪᠬᠢᠭᠤᠯᠤᠨ ᠲᠡᠭᠡᠭᠡᠪᠦᠷᠢ ᠶᠢᠨ ᠠᠵᠢᠯ ᠳᠤ ᠶᠠᠭᠠᠷᠠᠵᠤ ᠪᠠᠶᠢᠯ᠎ᠠ᠃  ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠬᠤᠰᠢᠭᠤ ᠲᠠᠰ  ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 2᠂ ᠰᠤᠮᠤ ᠪᠠᠯᠭᠠᠰᠤᠨ ᠤ ᠲᠠᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 6᠂ ᠭᠠᠴᠠᠭᠠᠨ ᠲᠠᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 30 ᠶᠢ ᠥᠷᠭᠡᠳᠬᠡᠨ ᠪᠠᠶᠢᠭᠤᠯᠵᠤ᠂ ᠤᠤᠯ ᠤᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠬᠡᠯᠪᠡᠷᠢ ᠶᠢ ᠳᠦᠷᠢᠮᠲᠦ ᠴᠢᠨᠠᠷᠲᠠᠢ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠡᠯᠪᠡᠷᠢ ᠳᠠᠰᠢ ᠬᠤᠪᠢᠷᠠᠭᠤᠯᠬᠤ ᠶᠢ ᠪᠡᠶᠡᠯᠡᠭᠦᠯᠵᠦ ᠪᠠᠶᠢᠨ᠎ᠠ᠃ ᠡᠭᠦᠨ ᠤ ᠬᠠᠮᠲᠤ ᠪᠠᠰᠠ 2 ᠡᠪᠡᠰᠦ ᠪᠣᠷᠳᠤᠭ᠎ᠠ ᠡᠳ᠋ᠰᠢᠭᠦᠯᠬᠦ ᠣᠳᠣᠬᠢᠴᠢᠯᠠᠭᠰᠠᠨ ᠬᠡᠯᠪᠡᠷᠢ ᠶᠢᠨ ᠲᠠᠰᠤᠭ  ᠂ 1 ᠣᠶᠤᠨᠴᠢᠯᠠᠭᠰᠠᠨ ᠠᠷᠠᠯᠵᠢᠶᠠᠨ ᠤ ᠲᠠᠩᠬᠢᠮ ᠶᠢ ᠪᠠᠶᠢᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠣᠯᠠᠨ ᠶᠠᠩᠵᠤ ᠶᠢᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠪᠡ᠃   ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠲᠣᠪᠴᠢᠶᠠᠨ ᠳᠠᠷᠤᠭ᠎ᠠ  ᠠᠯᠲᠠᠨᠬᠠᠳᠠ᠄ ︽ᠪᠠᠷᠠᠭᠤᠨ ᠦᠵᠦᠮᠦᠴᠢᠨ ᠬᠤᠰᠢᠭᠤ ᠨᠢ ᠲᠠᠷᠢᠶᠠᠯᠠᠩ ᠮᠠᠯ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠠᠵᠢᠯ ᠢ ᠨᠠᠷᠢᠨ ᠬᠢᠨᠠᠮᠠᠭᠠᠢ ᠥᠷᠨᠢᠭᠦᠯᠵᠦ ᠪᠠᠶᠢᠨ᠎ᠠ᠃ ᠪᠣᠳᠠᠲᠠᠢ ᠶᠠᠷᠢᠪᠠᠯ ᠬᠤᠶᠠᠷ ᠲᠠᠯ᠎ᠠ ᠪᠠᠷ ᠠᠩᠭᠢᠯᠠᠵᠤ ᠪᠣᠯᠣᠨ᠎ᠠ᠃ ᠨᠢᠭᠡ ᠨᠢ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠪᠣᠯᠣᠨ᠎ᠠ᠃ 2021 ᠣᠨ ᠠᠴᠠ᠂ ᠲᠢᠶᠠᠨᠵᠢᠨ ᠤ ᠷᠦᠢ ᠫᠦ᠋ ᠺᠣᠮᠫᠠᠨᠢ ᠪᠣᠯᠣᠨ ᠥᠪᠥᠷ ᠮᠣᠩᠭᠤᠯ ᠤᠨ ᠶᠡᠭᠡ ᠰᠠᠶᠢᠨ ᠺᠣᠮᠫᠠᠨᠢ ᠶᠢ ᠤᠷᠢᠨ ᠬᠡᠷᠡᠭᠯᠡᠵᠦ᠂ ᠮᠠᠨ ᠤ ᠬᠤᠰᠢᠭᠤᠨ ᠤ 93 ᠭᠠᠴᠠᠭᠠᠨ ᠳᠤ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠦᠭᠰᠡᠨ ᠪᠠᠶᠢᠨ᠎ᠠ᠃ ᠤᠤᠯ ᠤᠨ 240 ᠨᠡᠷ᠎ᠡ ᠭᠠᠴᠠᠭᠠᠨ ᠤ ᠡᠪᠯᠡᠯ ᠤᠨ ᠭᠡᠰᠢᠭᠦᠳ ᠢ ᠲᠤᠰ ᠬᠤᠶᠠᠷ ᠺᠣᠮᠫᠠᠨᠢ ᠲᠠᠢ ᠵᠣᠬᠢᠴᠠᠭᠤᠯᠤᠨ᠂ ᠵᠢᠯ ᠤᠨ ᠪᠦᠷᠢ ᠶᠢᠨ ᠬᠠᠪᠤᠷ ᠨᠠᠮᠤᠷ ᠬᠤᠶᠠᠷ ᠤᠯᠠᠷᠢᠯ ᠤᠨ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠣᠢ ᠃ ᠡᠨᠡᠬᠦ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ᠂ ᠮᠠᠯ ᠲᠡᠵᠢᠭᠡᠪᠦᠷᠢ ᠶᠢᠨ ᠡᠪᠡᠳᠴᠢᠨ ᠬᠢᠵᠢᠭ ᠢ ᠰᠡᠷᠭᠡᠶᠢᠯᠡᠬᠦ ᠴᠢᠳᠠᠪᠤᠷᠢ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠥᠨᠥ ᠵᠢᠯ ᠠᠴᠠ ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠠᠴᠠ ᠠᠮᠢᠲᠠᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠪᠠᠶᠢᠨ᠎ᠠ᠃ ᠠᠮᠢᠲᠠᠨ ᠤ ᠡᠮᠨᠡᠯᠭᠡ ᠨᠢ ᠠᠮᠢᠲᠠᠨ ᠤ ᠡᠪᠡᠳᠴᠢᠨ ᠬᠢᠵᠢᠭ ᠢ ᠡᠮᠨᠡᠨ ᠵᠠᠰᠠᠬᠤ ᠳᠤ ᠪᠦᠬᠦ ᠲᠠᠯ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠩᠭᠠᠬᠤ ᠪᠣᠯᠣᠨ᠎ᠠ᠃ ᠡᠪᠡᠳᠴᠢᠨ ᠢᠶᠠᠷ ᠦᠬᠦᠭᠰᠡᠨ ᠮᠠᠯ ᠤᠨ ᠦᠬᠦᠳᠡᠯ ᠢ ᠪᠣᠬᠢᠷᠲᠤᠯ ᠦᠭᠡᠢ ᠰᠢᠢᠳᠪᠦᠷᠢᠯᠡᠬᠦ ᠲᠠᠯᠠᠪᠤᠷ ᠢ ᠪᠠᠰᠠ ᠪᠠᠶᠢᠭᠤᠯᠤᠨ ᠪᠦᠷᠢᠨᠰᠢᠭᠦᠯᠵᠦ ᠪᠣᠢ᠃ ᠮᠥᠨ ᠴᠤ ᠲᠤᠰᠬᠠᠢ ᠮᠡᠷᠭᠡᠵᠢᠯ ᠤᠨ ᠠᠵᠤ ᠠᠬᠤᠶᠢᠯᠠᠯ ᠢ ᠤᠷᠢᠨ ᠬᠡᠷᠡᠭᠯᠡᠵᠦ ᠲᠤᠰ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠬᠦ ᠪᠣᠯᠣᠨ᠎ᠠ᠃ ᠨᠥᠭᠦᠭᠡ ᠨᠢᠭᠡ ᠨᠢ᠂ ᠡᠪᠡᠰᠦ ᠪᠣᠷᠳᠣᠭᠠᠨ ᠤ ᠨᠡᠶᠢᠭᠡᠮᠴᠢᠯᠡᠭᠰᠡᠨ ᠦᠢᠯᠡᠴᠢᠯᠡᠭᠡ ᠪᠣᠯᠣᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠯᠪᠡᠷᠢ ᠪᠠᠷ ᠬᠤᠶᠠᠷ ᠠᠵᠤ ᠠᠬᠤᠶᠢᠯᠠᠯ ᠢ ᠤᠷᠢᠨ ᠠᠪᠴᠢᠷᠠᠵᠤ᠂ ᠬᠤᠰᠢᠭᠤᠨ ᠳᠠᠬᠢ ᠡᠪᠡᠰᠦ ᠪᠣᠷᠳᠣᠭᠠᠨ ᠤ ᠠᠵᠤ ᠦᠢᠯᠡᠰ ᠤᠨ ᠬᠦᠷᠢᠶᠡᠯᠡᠩ ᠢ ᠠᠵᠤ ᠠᠬᠤᠶᠢᠯᠠᠯ ᠳᠤ ᠨᠠᠶᠢᠳᠠᠨ ᠠᠵᠢᠯᠯᠠᠭᠤᠯᠵᠤ ᠪᠣᠢ᠃ ᠠᠵᠤ ᠦᠢᠯᠡᠰ ᠤᠨ ᠬᠦᠷᠢᠶᠡᠯᠡᠩ ᠨᠢ ᠪᠦᠲᠦᠭᠡᠭᠳᠡᠬᠦᠨ ᠤ ᠪᠠᠨ ᠲᠥᠷᠥᠯ ᠵᠦᠢᠯ ᠢ ᠨᠡᠮᠡᠭᠳᠡᠭᠦᠯᠦᠨ᠂ ᠴᠢᠨᠠᠷ ᠢ ᠪᠠᠲᠤᠯᠠᠵᠤ᠂ ᠬᠥᠬᠡ ᠡᠪᠡᠰᠦ᠂ ᠨᠣᠭᠤᠭᠠᠨ ᠳᠠᠷᠤᠰᠢ ᠵᠡᠷᠭᠡ ᠡᠪᠡᠰᠦ ᠪᠣᠷᠳᠣᠭᠠᠨ ᠤ ᠨᠥᠭᠡᠴᠡ᠂ ᠡᠳ᠋ᠰᠢᠭᠦᠯᠦᠯᠲᠡ᠂ ᠠᠷᠠᠯᠵᠢᠶ᠎ᠠ ᠵᠡᠷᠭᠡ ᠲᠠᠯ᠎ᠠ ᠪᠠᠷ ᠨᠢᠭᠡ ᠴᠣᠭᠴᠠᠵᠢᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠨ᠎ᠠ᠃ ᠡᠪᠡᠰᠦ ᠪᠣᠷᠳᠣᠭᠠᠨ ᠤ ᠠᠵᠤ ᠦᠢᠯᠡᠰ ᠤᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ᠂ ᠡᠪᠦᠯ ᠤᠨ ᠵᠤᠳ ᠭᠠᠮᠰᠢᠭ ᠲᠠᠢ ᠲᠡᠮᠡᠴᠡᠬᠦ᠂ ᠬᠠᠪᠤᠷ ᠤᠨ ᠪᠡᠯᠴᠢᠭᠡᠷ ᠰᠡᠷᠭᠦᠭᠡᠬᠦ ᠵᠢᠴᠢ ᠮᠠᠯᠴᠢᠳ ᠤᠨ ᠡᠳᠦᠷ ᠳᠤᠲᠤᠮ ᠤᠨ ᠮᠠᠯᠵᠢᠬᠤ ᠦᠢᠯᠡᠳᠪᠦᠷᠢᠯᠡᠯ ᠳᠤᠮᠳᠠᠬᠢ ᠡᠪᠡᠰᠦ ᠪᠣᠷᠳᠣᠭᠠᠨ ᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ︾ ᠭᠡᠯ᠎ᠡ᠃    ᠪᠠᠷᠠᠭᠤᠨ ᠦᠵᠦᠮᠦᠴᠢᠨ ᠬᠤᠰᠢᠭᠤ ︽2023 ᠣᠨ ᠤ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢᠨ ᠱᠠᠭᠠᠷᠳᠠᠯᠭ᠎ᠠ  ᠶᠢ ᠦᠨᠳᠦᠰᠦᠯᠡᠨ᠂ 2393 ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦ ᠶᠢᠨ ᠪᠣᠳᠣᠯᠭ᠎ᠠ ᠶᠢᠨ ᠴᠢᠨᠠᠷᠲᠠᠢ  ᠳᠡᠮᠵᠢᠯᠭᠡ ᠶᠢᠨ ᠲᠦᠷᠦᠯ ᠵᠦᠢᠯ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠦᠷᠦᠯ ᠵᠦᠢᠯ᠂ ᠡᠷᠦᠬᠡ ᠶᠢᠨ ᠵᠣᠷᠯᠣᠩ ᠢ ᠴᠡᠪᠡᠷᠯᠡᠬᠦ ᠦᠢᠯᠡᠴᠢᠯᠡᠭᠡᠨ ᠤ ᠲᠦᠷᠦᠯ ᠵᠦᠢᠯ᠂ ᠤᠳᠤ ᠦᠶ᠎ᠡ ᠶᠢᠨ ᠡᠪᠡᠰᠦ ᠪᠣᠷᠳᠣᠭᠠᠨ ᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠦᠷᠦᠯ ᠵᠦᠢᠯ᠂ ᠳᠠᠩᠰᠠᠯᠠᠵᠤ ᠺᠠᠷᠲᠴᠢᠯᠠᠭᠰᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠤᠰᠤᠨ ᠤ ᠬᠡᠷᠡᠭᠴᠡᠭᠡ ᠶᠢ ᠥᠭᠡᠷᠡᠴᠢᠯᠡᠨ ᠰᠠᠶᠢᠵᠢᠷᠠᠭᠤᠯᠬᠤ ᠲᠥᠬᠦᠭᠡᠷᠦᠮᠵᠢ ᠶᠢᠨ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠢᠴᠢ ᠵᠢᠭᠰᠠᠭᠠᠨ ᠪᠠᠶᠢᠴᠠᠭᠠᠬᠤ ᠲᠦᠷᠦᠯ ᠵᠦᠢᠯ ᠵᠡᠷᠭᠡ 7 ᠲᠦᠷᠦᠯ ᠵᠦᠢᠯ ᠢ ᠰᠢᠨ᠎ᠡ ᠪᠠᠷ ᠡᠭᠦᠳᠴᠦ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ 74 ᠡᠩᠨᠡᠭᠡ ᠶᠢ ᠵᠣᠬᠢᠶᠠᠨ ᠪᠠᠶᠢᠭᠤᠯᠵᠤ ᠂ ᠨᠡᠶᠢᠲᠡ 7708 ᠤᠳᠠᠭ᠎ᠠ ᠦᠢᠯᠡᠴᠢᠯᠡᠭᠡ ᠬᠠᠩᠭᠠᠨ᠂ 10 ᠲᠦᠮᠡ ᠭᠠᠷᠤᠢ ᠬᠥᠮᠥᠨ ᠤᠳᠠᠭ᠎ᠠ ᠂ 93 ᠭᠠᠴᠠᠭ᠎ᠠ ᠶᠢ ᠬᠠᠮᠤᠷᠴᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ︽ᠶᠠᠰᠤ ᠴᠢᠨᠠᠷ︾ ᠤᠨ ᠳᠠᠪᠰᠢᠯᠲᠠ ᠶᠢ ᠪᠡᠶᠡᠯᠡᠭᠦᠯᠪᠡ᠃ ᠳᠠᠷᠠᠭ᠎ᠠ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤ ᠦᠷᠭᠦᠯᠵᠢᠯᠡᠨ ᠮᠠᠯᠴᠢᠨ ᠲᠦᠮᠡᠨ ᠳᠤ ᠨᠠᠩ ᠣᠯᠠᠨ ᠨᠠᠩ ᠰᠠᠶᠢᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠠᠷᠠᠳ ᠲᠦᠮᠡᠨ ᠳᠤ ᠪᠣᠳᠠᠲᠠᠢ ᠠᠵᠢᠯ ᠬᠢᠬᠦ ᠨᠡᠶᠢᠭᠡᠮᠴᠢᠯᠡᠭᠰᠡᠨ ᠦᠢᠯᠡᠴᠢᠯᠡᠭᠡ ᠪᠠᠷ ᠮᠠᠯᠴᠢᠨ ᠲᠦᠮᠡᠨ ᠳᠤ ᠳᠦᠭᠦᠮ ᠦᠵᠡᠭᠦᠯᠦᠨ ᠠᠰᠢᠭ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号