ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ | ᠪᠠᠷᠠᠭᠤᠨ ᠦᠵᠦᠮᠦᠴᠢᠨ ᠬᠤᠰᠢᠭᠤᠨ ᠤ ᠪᠠᠶᠠᠩᠭᠤᠣᠯ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠢᠨ᠎ᠡ ᠬᠠᠭᠤᠳᠠᠰᠣ ᠶᠢ ᠵᠢᠷᠤᠭᠯᠠᠨ᠎ᠠ | | ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠶᠠᠠᠩᠭᠤᠣᠯ ᠨᠡᠶᠢᠭᠡᠮ ᠲᠣᠭᠤᠷᠢᠭ ᠨᠢ ᠬᠤᠰᠢᠭᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠡᠯᠪᠡᠭ ᠪᠠᠶᠠᠯᠢᠭ ᠠᠭᠤᠯᠭ᠎ᠠ ᠲᠠᠢ᠂ ᠣᠯᠠᠨ ᠬᠡᠯᠪᠡᠷᠢ | ᠶᠠᠩᠵᠤ ᠪᠦᠬᠦᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ | ᠪᠠᠷᠠᠭᠤᠨ ᠦᠵᠦᠮᠦᠴᠢᠨ ᠬᠤᠰᠢᠭᠤᠨ ᠤ ᠪᠠᠶᠠᠩᠭᠤᠣᠯ ᠨᠡᠶᠢᠭᠡᠮ ᠲᠣᠭᠤᠷᠢᠭ ᠲᠤ ᠬᠢᠲᠠᠳ᠂ ᠮᠣᠩᠭᠤᠯ᠂ ᠬᠤᠲᠣᠩ᠂ | ᠮᠠᠨᠵᠤ ᠵᠡᠷᠭᠡ 11 ᠦᠨᠳᠦᠰᠦᠲᠡᠨ ᠤ ᠰᠠᠭᠤᠭᠠᠯᠢ ᠠᠷᠠᠳ ᠰᠠᠭᠤᠷᠢᠰᠢᠨ ᠰᠠᠭᠤᠵᠤ᠂ ᠬᠠᠷᠢᠯᠴᠠᠨ ᠬᠠᠯᠠᠮᠵᠢᠯᠠᠨ | ᠬᠠᠪᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠤᠨ ᠡᠶ᠎ᠡ ᠨᠠᠶᠢᠷᠠᠮᠳᠠᠭᠤ ᠣᠷᠴᠢᠨ ᠢ ᠴᠣᠭᠴᠠᠯᠠᠵᠤ ᠪᠠᠶᠢᠳᠠᠭ᠃ | ᠪᠠᠶᠠᠩᠭᠤᠣᠯ ᠨᠡᠶᠢᠭᠡᠮ ᠲᠣᠭᠤᠷᠢᠭ ᠨᠢ 2022 ᠣᠨ ᠤ 1 ᠰᠠᠷ᠎ᠠ ᠳᠤ ᠪᠠᠶᠢᠭᠤᠯᠤᠭᠳᠠᠵᠤ᠂ ᠪᠠᠷᠠᠭᠤᠨ ᠦᠵᠦᠮᠦᠴᠢᠨ | ᠬᠤᠰᠢᠭᠤᠨ ᠤ ᠪᠠᠯᠭᠠᠷᠭᠤᠣᠯ ᠪᠠᠯᠭᠠᠰᠤᠨ ᠤ ᠭᠤᠣᠯ ᠬᠡᠰᠡᠭ ᠲᠤ ᠪᠠᠶᠢᠷᠢᠯᠠᠵᠤ᠂ ᠨᠡᠶᠢᠲᠡ 4694 ᠡᠷᠦᠭᠡ᠂ 11400 | ᠬᠥᠮᠥᠨ ᠠᠮᠠ ᠲᠠᠢ᠃ ᠪᠠᠶᠢᠭᠤᠯᠤᠭᠳᠠᠭᠰᠠᠨ ᠠᠴᠠ ᠨᠠᠰᠢ᠂ ᠲᠤᠰ ᠨᠡᠶᠢᠭᠡᠮ ᠲᠣᠭᠤᠷᠢᠭ ᠨᠢ ︽ᠣᠯᠠᠨ ᠲᠦᠮᠡᠨ ᠠᠴᠠ | ᠲᠤᠰᠬᠠᠬᠤ᠂ ᠨᠡᠶᠢᠭᠡᠮ ᠲᠣᠭᠤᠷᠢᠭ ᠠᠴᠠ ᠵᠣᠬᠢᠴᠠᠭᠤᠯᠬᠤ᠂ ᠨᠠᠮ ᠤᠨ ᠭᠡᠰᠢᠭᠦᠨ ᠭᠦᠢᠴᠡᠳᠬᠡᠬᠦ︾ ︽ᠭᠤᠷᠪᠠᠨ | ᠬᠠᠭᠤᠳᠠᠰᠤ ᠶᠢᠨ ᠳᠦᠷᠢᠮ︾ ᠤᠨ ᠵᠠᠭᠪᠤᠷ ᠢ ᠬᠡᠷᠡᠭᠵᠢᠭᠦᠯᠵᠦ᠂ 14 ᠦᠢᠯᠡᠴᠢᠯᠡᠭᠡᠨ ᠤ ᠰᠠᠯᠪᠤᠷᠢ ᠠᠩᠭᠢ ᠶᠢ ᠵᠣᠬᠢᠶᠠᠨ | ᠪᠠᠶᠢᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠵᠦ᠂ ᠬᠥᠳᠡᠯᠵᠦ ᠪᠠᠷᠢᠬᠤ ᠳᠤ ᠳᠥᠭᠦᠮ ᠦᠭᠡᠢ | ᠰᠠᠭᠤᠭᠠᠯᠢ ᠠᠷᠠᠳ ᠲᠤ ᠡᠮ ᠲᠠᠩ᠂ ᠨᠣᠭᠤᠭ᠎ᠠ ᠵᠡᠷᠭᠡ ᠶᠢ ᠬᠦᠷᠭᠡᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠠᠵᠢᠯ ᠣᠯᠭᠤᠯᠲᠠ ᠶᠢᠨ ᠲᠠᠯ᠎ᠠ ᠪᠠᠷ ᠬᠠᠪᠰᠤᠷᠤᠨ ᠲᠡᠳᠬᠦᠬᠦ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ | ᠨᠠᠰᠤᠲᠠᠶᠢᠴᠤᠳ ᠤᠨ ᠠᠰᠠᠷᠠᠮᠵᠢ᠂ ᠬᠠᠤᠯᠢ ᠴᠠᠭᠠᠵᠠ ᠶᠢᠨ ᠡᠷᠬᠡ ᠶᠢᠨ ᠬᠠᠮᠠᠭᠠᠯᠠᠯᠲᠠ ᠵᠡᠷᠭᠡ ᠦᠢᠯᠡᠴᠢᠯᠡᠭᠡ ᠶᠢ ᠰᠠᠶᠢᠲᠤᠷ | ᠬᠢᠵᠦ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠳᠡᠳᠬᠦᠵᠦ᠂ ᠬᠡᠷᠡᠭᠴᠡᠭᠡ ᠱᠠᠭᠠᠷᠳᠠᠯᠭ᠎ᠠ ᠶᠢ ᠨᠢ ᠴᠢᠷᠮᠠᠶᠢᠨ | ᠪᠡᠶᠡᠯᠡᠭᠦᠯᠵᠦ ᠪᠣᠢ᠃ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠴᠢᠩ ᠠᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠥᠬᠢᠨ ᠳᠡᠭᠡᠨ | ᠬᠠᠨᠢ ᠪᠣᠯᠬᠤ ᠶᠢᠨ ᠳᠠᠭᠠᠤ ᠬᠥᠯᠥᠰᠥᠨ ᠠᠵᠢᠯ ᠬᠢᠵᠦ ᠠᠮᠢᠳᠤᠷᠠᠯ ᠢᠶᠠᠨ ᠠᠷᠭᠠᠴᠠᠭᠠᠳᠠᠭ᠃ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠠᠩᠭᠢ ᠨᠢ ᠲᠡᠭᠦᠨ ᠤ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠳᠠᠭᠠᠭᠠᠴᠢᠯᠠᠨ ᠬᠤᠯᠪᠣᠭᠠᠯᠠᠭᠰᠠᠨ | ᠪᠠᠶᠢᠭᠤᠯᠤᠯᠭ᠎ᠠ ᠪᠣᠯᠣᠨ ᠰᠤᠷᠭᠠᠭᠤᠯᠢ ᠲᠠᠢ ᠢᠳᠡᠪᠬᠢᠲᠡᠢ ᠬᠠᠷᠢᠯᠴᠠᠵᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠪᠡᠯᠡ | ᠮᠥᠩᠭᠦ ᠴᠤᠭᠯᠠᠭᠤᠯᠵᠤ ᠯᠢ ᠴᠢᠩ ᠠᠢ ᠳᠤ ᠲᠤᠰᠠᠯᠠᠨ᠂ ᠨᠢᠳᠦᠨ ᠡᠮᠦᠨᠡᠬᠢ ᠬᠦᠴᠢᠷ ᠠᠰᠠᠭᠤᠳᠠᠯ ᠢ ᠨᠢ ᠰᠢᠢᠳᠪᠦᠷᠢᠯᠡᠵᠦ | ᠥᠭᠪᠡ᠃ ᠣᠶᠢᠷ᠎ᠠ ᠳᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠩᠭᠢ ᠨᠢ ᠳᠠᠬᠢᠨ ᠯᠢ ᠴᠢᠩ ᠠᠢ ᠶᠢᠨ ᠭᠡᠷ ᠲᠤ | ᠬᠦᠷᠴᠦ ᠲᠣᠬᠤᠨᠢᠭᠤᠯᠤᠭᠠ ᠶᠢᠨ ᠮᠥᠩᠭᠦ ᠪᠠ ᠪᠣᠳᠠᠰ ᠬᠦᠷᠭᠡᠭᠰᠡᠨ ᠳᠤ ᠲᠡᠷᠡ ᠪᠠᠶᠠᠷᠯᠠᠨ ᠲᠠᠯᠠᠷᠬᠠᠵᠤ ᠪᠠᠶᠢᠭ᠎ᠠ ᠪᠠᠨ ᠳᠠᠬᠢᠨ | ᠳᠠᠬᠢᠨ ᠢᠯᠡᠳᠬᠡᠵᠦ ᠪᠠᠶᠢᠯ᠎ᠠ᠃ ᠯᠢᠦ ᠢᠦᠢ ᠴᠢᠨ ᠪᠣᠯ ᠨᠢᠭᠡᠨ ᠵᠡᠮᠳᠡᠭ ᠬᠥᠮᠥᠨ ᠶᠤᠮ ᠃ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠠᠩᠭᠢ ᠨᠢ ᠲᠡᠭᠦᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠢ ᠬᠦᠷᠭᠡᠵᠦ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠤᠨ᠂ ᠬᠠᠶᠢᠷ᠎ᠠ | ᠬᠠᠯᠠᠮᠵᠢ ᠪᠠᠷ ᠦᠨᠳᠦᠰᠦᠲᠡᠨ ᠤ ᠪᠦᠯᠬᠦᠮᠳᠡᠯ ᠤᠨ ᠬᠥᠭᠦᠷᠭᠡ ᠶᠢ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠥᠬᠦᠷᠰᠡᠭ ᠰᠡᠳᠬᠢᠯ ᠢ ᠠᠮᠢᠳᠤᠯᠢᠭ ᠪᠢᠴᠢᠭᠯᠡᠭᠰᠡᠨ ᠪᠠᠶᠢᠨ᠎ᠠ᠃ | ᠪᠠᠶᠠᠩᠭᠤᠣᠯ ᠨᠡᠶᠢᠭᠡᠮ ᠲᠣᠭᠤᠷᠢᠭ ᠨᠢ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠴᠢᠨᠠᠷᠲᠠᠢ ᠣᠶᠤᠨ ᠤ ᠰᠣᠶᠣᠯ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ︽ᠪᠣᠯᠪᠠᠰᠤᠨ ᠤ ᠦᠢᠯᠡᠳᠦᠯᠭᠡ ᠶᠢᠨ ᠬᠡᠯᠪᠡᠷᠢ︾ ᠶᠢᠨ ᠨᠠᠮ ᠤᠨ | ᠪᠠᠶᠢᠭᠤᠯᠤᠯᠲᠠ ᠶᠢᠨ ᠨᠡᠷᠡᠲᠦ ᠲᠡᠮᠳᠡᠭ ᠢ ᠡᠭᠦᠳᠴᠦ᠂ ︽6 + N︾ ᠠᠵᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ︽ᠲᠠᠯ᠎ᠠ ᠨᠤᠲᠤᠭ ᠤᠨ ᠡᠷᠡᠯᠬᠡᠭ ᠪᠦᠷᠭᠦᠳ︾ ᠤᠬᠠᠭᠤᠯᠤᠨ ᠲᠠᠶᠢᠯᠪᠤᠷᠢᠯᠠᠬᠤ ᠠᠩᠭᠢ᠂ ︽ᠴᠠᠨ᠎ᠠ | ᠴᠡᠴᠡᠭ︾ ᠣᠷᠴᠢᠨ ᠲᠣᠭᠤᠷᠢᠨ ᠢ ᠬᠠᠮᠠᠭᠠᠯᠠᠬᠤ ᠠᠩᠭᠢ᠂ ᠤᠷᠳᠤ ᠶᠢᠨ ᠳᠠᠭᠤᠤ ᠮᠠᠭᠲᠠᠭᠠᠯ ᠳᠠᠭᠤᠤ ᠶᠢᠨ ᠤᠷᠠᠨ | ᠰᠠᠶᠢᠬᠠᠨ ᠤ ᠠᠩᠭᠢ᠂ ︽ᠨᠠᠭᠠᠳᠤᠮ︾ ᠪᠡᠶ᠎ᠡ ᠲᠠᠮᠢᠷ ᠤᠨ ᠠᠩᠭᠢ᠂ ᠪᠠᠶᠠᠩᠭᠤᠣᠯ ᠦᠢᠯᠡᠴᠢᠯᠡᠭᠡᠨ ᠤ ᠠᠩᠭᠢ᠂ ︽ᠵᠣᠯ | ᠵᠢᠷᠭᠠᠯᠲᠤ ᠠᠶᠢᠯ︾ ᠭᠡᠷ ᠠᠬᠤᠢ ᠶᠢᠨ ᠦᠢᠯᠡᠴᠢᠯᠡᠭᠡ ᠶᠢᠨ ᠠᠩᠭᠢ ᠵᠡᠷᠭᠡ 6 ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠠᠩᠭᠢ ᠶᠢ ᠪᠠᠶᠢᠭᠤᠯᠪᠠ᠃ ᠡᠶᠢᠨᠬᠦ ᠨᠡᠶᠢᠭᠡᠮ ᠤᠨ ᠰᠠᠶᠢᠨ ᠳᠤᠷ᠎ᠠ ᠶᠢᠨ ᠡᠩᠨᠡᠭᠡ ᠨᠦᠭᠦᠳ ᠢ | ᠳᠠᠶᠢᠴᠢᠯᠠᠵᠤ᠂ ᠪᠠᠶᠠᠯᠢᠭ ᠰᠠᠶᠢᠬᠠᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠴᠠᠭ ᠦᠶ᠎ᠡ ᠶᠢᠨ | ᠰᠢᠨ᠎ᠡ ᠬᠡᠪ ᠰᠤᠷᠲᠠᠯ ᠢ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠳᠤ ᠣᠷᠣᠯᠴᠠᠵᠤ᠂ | ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠨ᠎ᠠ᠃ | ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠡᠶᠢᠭᠡᠮ | ᠲᠣᠭᠤᠷᠢᠭ ᠨᠢ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠠᠭᠤᠰᠤᠯᠴᠠᠯ ᠢ ᠭᠦᠨᠵᠡᠭᠡᠶᠢᠷᠡᠭᠦᠯᠦᠨ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠭᠤᠣᠯ ᠰᠡᠳᠦᠪ ᠢ | ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠤᠭ ᠵᠢᠪᠬᠤᠭ᠎ᠠ ᠶᠢ | ᠢᠯᠡᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠲᠠ ᠬᠠᠷᠢᠯᠴᠠᠭᠤᠯᠵᠤ᠂ ᠠᠭᠤᠰᠤᠯᠴᠠᠨ | ᠨᠡᠪᠲᠡᠷᠡᠯᠴᠡᠭᠦᠯᠬᠦ ᠶᠢ ᠠᠬᠢᠭᠤᠯᠤᠭᠰᠠᠨ ᠪᠠᠶᠢᠨ᠎ᠠ᠃ | ᠪᠠᠶᠠᠩᠭᠤᠣᠯ ᠨᠡᠶᠢᠭᠡᠮ ᠲᠣᠭᠤᠷᠢᠭ ᠨᠢ ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠢᠮᠠᠭᠲᠠ ᠪᠠᠲᠤ ᠰᠠᠬᠢᠵᠤ᠂ | ᠡᠷᠴᠢᠮ ᠲᠠᠢ ᠨᠠᠮ ᠤᠨ ᠪᠠᠶᠢᠭᠤᠯᠤᠯᠲᠠ ᠲᠠᠢ᠂ ᠭᠦᠨᠵᠡᠭᠡᠢ ᠦᠢᠯᠡᠴᠢᠯᠡᠭᠡ ᠲᠠᠢ᠂ ᠭᠦᠨ ᠵᠤᠵᠠᠭᠠᠨ ᠰᠣᠶᠣᠯ ᠤᠨ ᠠᠭᠤᠷ | ᠠᠮᠢᠰᠬᠤᠯ ᠲᠠᠢ᠂ ᠵᠣᠯ ᠵᠢᠷᠭᠠᠯ ᠲᠠᠢ᠂ ᠥᠷᠭᠡᠨ ᠨᠥᠯᠥᠭᠡ ᠲᠠᠢ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠴᠢᠷᠮᠠᠶᠢᠨ | ᠪᠠᠶᠢᠭᠤᠯᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠢ ᠠᠨᠠᠷ ᠤᠨ ᠦᠷ᠎ᠡ ᠮᠡᠲᠦ | ᠨᠢᠭᠲᠠᠷᠠᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠢᠵᠢᠯ ᠲᠥᠪᠲᠦ ᠲᠣᠭᠤᠷᠢᠭ︾ ᠢ ᠬᠠᠮᠲᠤᠪᠠᠷ | ᠵᠢᠷᠤᠭᠯᠠᠨ᠎ᠠ᠃ | ᠪᠠᠶᠠᠩᠭᠤᠣᠯ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠰᠦ᠋ ᠪᠣᠣ ᠄ | ︽ᠮᠠᠨ ᠤ ᠪᠠᠶᠠᠩᠭᠤᠣᠯ ᠨᠡᠶᠢᠭᠡᠮ ᠲᠣᠭᠤᠷᠢᠭ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ᠂ ᠪᠠᠶᠠᠯᠢᠭ | ᠰᠠᠶᠢᠬᠠᠨ ᠠᠭᠤᠯᠭ᠎ᠠ ᠬᠡᠯᠪᠡᠷᠢ ᠪᠦᠬᠦᠢ ᠣᠯᠠᠨ ᠵᠦᠢᠯ ᠤᠨ ᠰᠣᠶᠣᠯ ᠲᠠᠮᠢᠷ ᠤᠨ ᠠᠵᠢᠯᠯᠠᠭ᠎ᠠ ᠶᠢ ᠡᠷᠭᠢᠯᠡᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠰᠢᠭᠤ ᠳᠡᠰ ᠤᠨ ᠵᠢᠱᠢᠶ᠎ᠡ ᠦᠵᠡᠭᠦᠯᠬᠦ ᠨᠡᠶᠢᠭᠡᠮ | ᠲᠣᠭᠤᠷᠢᠭ ᠢ ᠢᠳᠡᠪᠬᠢᠲᠡᠢ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠢᠨ ᠮᠡᠲᠦ | ᠪᠦᠯᠬᠦᠮᠳᠡᠨ᠂ ᠳᠤᠮᠳᠠᠳᠤ ᠶᠢᠨ ᠬᠦᠰᠡᠯᠡᠩ ᠢ ᠪᠡᠶᠡᠯᠡᠭᠦᠯᠬᠦ ᠪᠠᠷ ᠬᠠᠮᠲᠤᠪᠠᠷ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠣᠢ ᠪᠣᠯᠭᠠᠵᠤ ᠪᠠᠶᠢᠨ᠎ᠠ ︾ ᠭᠡᠯᠡ᠃ | | | | |