ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠬᠢᠴᠢᠶᠡᠯ | | 8 ᠰᠠᠷ᠎ᠠ ᠶᠢᠨ 28 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ | ᠰᠢᠨ᠎ᠡ ᠰᠣᠷᠣᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ ᠢᠶᠠᠨ ᠣᠭᠲᠣᠵᠣ᠂ ᠰᠤᠷᠤᠭᠴᠢᠳ ᠪᠠᠶᠠᠷ ᠬᠦᠷ | ᠲᠢ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠨ ᠢᠷᠡᠵᠦ᠂ ᠰᠢᠨ᠎ᠡ ᠰᠣᠷᠣᠯᠭ᠎ᠠ ᠶᠢᠨ ᠬᠤᠭᠤᠴᠠᠭᠠᠨ ᠤ ᠰᠢᠨ᠎ᠡ | ᠠᠶᠠᠨ ᠢᠶᠠᠨ ᠡᠬᠢᠯᠡᠭᠦᠯᠦᠯ᠎ᠡ᠃ | ᠰᠣᠷᠣᠭᠴᠢᠳ ᠬᠡᠷᠡᠮ ᠬᠠᠨ᠎ᠠ ᠪᠠᠨ ᠵᠥᠯᠭᠦᠨ ᠴᠡᠪᠡᠷᠯᠡᠭᠡ ᠬᠢᠵᠦ᠂ ᠰᠢᠨ᠎ᠡ ᠨᠣᠮ ᠳᠡᠪᠲᠡᠷ ᠢᠶᠠᠨ ᠵᠥᠭᠡᠭᠡᠨ᠂ | ᠪᠠᠭᠰᠢ ᠠᠴᠠ ᠠᠩᠬᠠᠷᠬᠤ ᠵᠦᠢᠯᠡᠰ ᠪᠠ ᠳᠦᠷᠢᠮ ᠳᠣᠭᠲᠠᠭᠠᠯ ᠢ ᠲᠠᠶᠢᠯᠪᠣᠷᠢᠯᠠᠨ ᠶᠠᠷᠢᠵᠤ ᠰᠤᠷᠭᠠᠭᠤᠯᠢ ᠶᠢᠨ ᠬᠦᠷᠢᠶ᠎ᠡ | ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠥᠷᠭᠡᠨ ᠤᠯᠠᠨ ᠰᠤᠷᠤᠭᠴᠢᠳ ᠤᠨ ᠠᠮᠤᠷ ᠲᠦᠪᠰᠢᠨ | ᠪᠣᠯᠪᠠᠰᠤᠨ ᠢᠶᠠᠷ ᠶᠠᠪᠤᠵᠤ ᠰᠠᠭᠤᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠷᠮᠠᠶᠢᠨ | ᠳᠡᠭᠡᠭᠰᠢᠯᠡᠭᠦᠯᠬᠦ ᠶᠢᠨ ᠲᠣᠰᠠᠳᠠ ᠰᠤᠷᠭᠠᠭᠤᠯᠢ ᠡᠬᠢᠯᠡᠭᠰᠡᠨ ᠠᠩᠬᠠᠨ ᠤ ᠡᠳᠦᠷ᠂ ᠪᠠᠷᠠᠭᠤᠨ ᠦᠵᠦᠮᠦᠴᠢᠨ | ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠨᠢ ᠡᠯ᠎ᠡ ᠠᠩᠭᠢ ᠳᠤ ︽ᠰᠤᠷᠤᠯᠭ᠎ᠠ ᠡᠬᠢᠯᠡᠭᠰᠡᠨ ᠠᠩᠬᠠᠨ ᠤ ᠬᠢᠴᠢᠶᠡᠯ︾ | ᠭᠡᠬᠦ ᠭᠤᠣᠯ ᠰᠡᠳᠦᠪᠲᠦ ᠠᠩᠭᠢ ᠶᠢᠨ ᠬᠤᠷᠠᠯ ᠥᠷᠨᠢᠭᠦᠯᠵᠦ᠂ ᠠᠩᠭᠢ ᠶᠢᠨ ᠬᠤᠷᠠᠯ ᠨᠢ ᠵᠠᠮ ᠬᠠᠷᠢᠯᠴᠠᠭᠠᠨ ᠤ ᠠᠮᠤᠷ | ᠲᠦᠪᠰᠢᠨ ᠤ ᠬᠥᠮᠦᠵᠢᠯ ᠢᠶᠠᠷ ᠭᠤᠣᠯ ᠰᠡᠳᠦᠪ ᠪᠣᠯᠭᠠᠵᠤ᠂ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ | ᠲᠦᠪᠰᠢᠨ ᠤ ᠬᠥᠮᠦᠵᠢᠯ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠣᠷᠣᠯᠴᠠᠭᠤᠯᠵᠠᠢ᠃ | | | | | | | ᠰᠤᠷᠤᠭᠴᠢᠳ ᠭᠡᠷᠡᠯ ᠵᠢᠷᠤᠭ᠂ ᠤᠬᠠᠭᠤᠯᠭ᠎ᠠ ᠬᠥᠮᠦᠵᠢᠯ ᠤᠨ ᠳᠦᠷᠰᠦ ᠰᠢᠩᠭᠡᠭᠡᠯᠲᠡ ᠶᠢ ᠰᠣᠨᠢᠷᠬᠠᠬᠤ ᠪᠠᠷ | ᠳᠡᠮᠵᠢᠨ᠂ ᠠᠮᠢᠳᠤᠷᠠᠯ ᠤᠨ ᠳᠤᠮᠳᠠᠬᠢ ᠦᠵᠡᠵᠦ ᠰᠣᠨᠣᠰᠤᠭᠰᠠᠨ ᠵᠦᠢᠯᠡᠰ ᠲᠠᠢ ᠤᠶᠠᠯᠳᠤᠭᠤᠯᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠵᠤ᠂ ᠬᠡᠷᠬᠢᠨ ᠠᠮᠤᠷ ᠲᠦᠪᠰᠢᠨ ᠢᠶᠠᠷ ᠵᠠᠮ | ᠭᠡᠲᠦᠯᠬᠦ ᠪᠠ ᠲᠡᠷᠭᠡᠨ ᠳᠤ ᠰᠠᠭᠤᠬᠤ ᠵᠡᠷᠭᠡ ᠮᠡᠳᠡᠯᠭᠡ ᠶᠢ ᠡᠵᠡᠮᠰᠢᠵᠦ᠂ ᠪᠠᠭᠰᠢ ᠠᠴᠠ ᠲᠠᠶᠢᠪᠣᠷᠢᠯᠠᠯᠲᠠ ᠬᠢᠵᠤ᠂ ᠵᠠᠮ | ᠬᠠᠷᠢᠯᠴᠠᠭᠠᠨ ᠤ ᠳᠤᠬᠢᠶᠠᠨ ᠲᠡᠮᠳᠡᠭ ᠶᠢ ᠵᠢᠷᠤᠮᠯᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠬᠠᠤᠯᠢ ᠪᠤᠰᠤ | ᠲᠡᠷᠭᠡᠨ ᠳᠤ ᠰᠠᠭᠤᠬᠤ ᠶᠢᠨ ᠠᠶᠣᠯᠲᠤ ᠴᠢᠨᠠᠷ ᠢ ᠰᠡᠷᠡᠮᠵᠢᠯᠡᠭᠦᠯᠦᠨ᠂ ᠰᠤᠷᠤᠭᠴᠢᠳ ᠢ ᠵᠠᠮ ᠬᠠᠷᠢᠯᠴᠠᠭᠠᠨ ᠤ ᠠᠮᠤᠷ | ᠲᠦᠪᠰᠢᠨ ᠤ ᠪᠣᠯᠪᠠᠰᠤᠨ ᠤᠬᠠᠮᠰᠠᠷ ᠲᠠᠢ ᠪᠣᠯᠭᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ᠃ | ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠰᠤᠷᠤᠭᠴᠢᠳ ᠢ ᠳᠠᠷᠣᠢ | ᠲᠦᠷᠭᠡᠨ ᠰᠣᠷᠣᠯᠴᠠᠯᠭ᠎ᠠ ᠶᠢᠨ ᠪᠠᠶᠢᠳᠠᠯ ᠳᠤᠨᠢ ᠣᠷᠣᠭᠤᠯᠵᠣ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠣᠯᠣᠨ | ᠶᠠᠰᠤ ᠴᠢᠨᠠᠷ ᠢ ᠪᠠᠲᠤᠯᠠᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢ ᠰᠠᠶᠢᠲᠤᠷ ᠡᠬᠢᠯᠡᠭᠦᠯᠬᠦ | ᠶᠢᠨ ᠲᠣᠰᠠᠳᠠ᠂ ᠡᠯᠪᠡᠭ ᠪᠠᠶᠠᠯᠢᠭ ᠠᠭᠤᠯᠭ᠎ᠠ ᠲᠠᠢ ︽ᠰᠤᠷᠤᠯᠭ᠎ᠠ ᠡᠬᠢᠯᠡᠭᠰᠡᠨ ᠠᠩᠬᠠᠨ ᠤ ᠬᠢᠴᠢᠶᠡᠯ︾ ᠤᠨ ᠭᠤᠣᠯ | ᠰᠡᠳᠦᠪᠲᠦ ᠠᠩᠭᠢ ᠶᠢᠨ ᠬᠤᠷᠠᠯ ᠢ ᠵᠣᠬᠢᠶᠠᠨ ᠪᠠᠶᠢᠭᠤᠯᠵᠤ᠂ ᠠᠮᠤᠷ ᠲᠦᠪᠰᠢᠨ ᠤ ᠬᠥᠮᠦᠵᠢᠯ᠂ ᠡᠳᠦᠷ ᠲᠤᠲᠤᠮ ᠤᠨ | ᠠᠵᠢᠯᠯᠠᠭᠠᠨ ᠤ ᠵᠢᠷᠤᠮᠵᠢᠯ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ | ᠰᠤᠷᠭᠠᠭᠤᠯᠢ ᠶᠢᠨ ᠬᠦᠷᠢᠶᠡᠨ ᠤ ᠰᠤᠷᠤᠯᠴᠠᠯᠭ᠎ᠠ ᠶᠢᠨ ᠠᠮᠢᠳᠤᠷᠠᠯ ᠤᠨ ᠪᠠᠶᠢᠳᠠᠯ ᠳᠠᠭᠠᠨ ᠲᠥᠷᠭᠡᠨ ᠳᠠᠳᠬᠤ ᠶᠢ | ᠵᠢᠯᠤᠭᠤᠳᠤᠭᠰᠠᠨ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠭᠤᠷᠪᠠ ᠶᠢᠨ ᠭᠤᠷᠪᠠ ᠠᠩᠭᠢ | ᠨᠢ ᠪᠠᠰᠠ ᠨᠠᠮ ᠣᠨᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠬᠤ ᠭᠤᠣᠯ ᠰᠡᠳᠦᠪᠲᠦ | ᠠᠩᠭᠢ ᠶᠢᠨ ᠬᠤᠷᠠᠯ ᠢ ᠵᠤᠬᠢᠶᠠᠨ ᠪᠠᠶᠢᠭᠤᠯᠵᠤ᠂ ᠪᠠᠭᠰᠢ ᠨᠠᠷ ᠰᠤᠷᠤᠭᠴᠢᠳ ᠢ ᠵᠢᠯᠣᠭᠤᠳᠤᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠵᠤ᠂ ᠰᠤᠷᠤᠭᠴᠢᠳ ᠪᠠᠰᠠ ᠠᠮᠠᠷᠠᠯᠲᠠ ᠶᠢᠨ | ᠬᠤᠭᠤᠴᠠᠭᠠᠨ ᠤ ᠣᠯᠣᠯᠲᠠ ᠲᠥᠷᠦᠭᠳᠡᠯ ᠢᠶᠠᠨ ᠬᠤᠪᠢᠶᠠᠯᠴᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ | ᠬᠠᠷᠠᠯᠲᠠ ᠪᠠᠨ ᠲᠣᠭᠲᠠᠭᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠣᠷᠣᠯᠭ᠎ᠠ ᠠᠮᠢᠳᠤᠷᠠᠯ ᠤᠨ ᠢᠶᠠᠨ ᠰᠢᠨ᠎ᠡ | ᠬᠠᠭᠤᠳᠠᠰᠤ ᠶᠢ ᠨᠡᠭᠡᠭᠡᠪᠡ᠃ | |