ᠪᠠᠷᠠᠭᠤᠨ ᠦᠵᠦᠮᠦᠴᠢᠨ ᠬᠤᠰᠢᠭᠤᠨ ᠤ12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ  ᠲᠤ ᠳᠥᠭᠦᠮ ᠦᠵᠡᠭᠦᠯᠬᠦ ᠬᠠᠯᠠᠮᠰᠢᠯ ᠣᠲᠠᠰᠣ᠄ ᠠᠷᠠᠳ ᠤᠨ ᠰᠠᠨᠠᠯ ᠢ ᠰᠣᠨᠣᠰᠴᠤ ᠠᠷᠠᠳ ᠤᠨ ᠰᠠᠨᠠᠭᠠᠰᠢᠷᠠᠯ ᠢ ᠰᠡᠳᠬᠢᠯ ᠲᠠᠯᠪᠢᠨ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/9/5
       ᠪᠠᠷᠠᠭᠤᠨ ᠦᠵᠦᠮᠦᠴᠢᠨ ᠬᠤᠰᠢᠭᠤᠨ ᠤ12345  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ  ᠲᠤ ᠳᠥᠭᠦᠮ ᠦᠵᠡᠭᠦᠯᠬᠦ ᠬᠠᠯᠠᠮᠰᠢᠯ ᠣᠲᠠᠰᠣ᠄ ᠠᠷᠠᠳ ᠤᠨ ᠰᠠᠨᠠᠯ ᠢ ᠰᠣᠨᠣᠰᠴᠤ ᠠᠷᠠᠳ ᠤᠨ ᠰᠠᠨᠠᠭᠠᠰᠢᠷᠠᠯ ᠢ ᠰᠡᠳᠬᠢᠯ ᠲᠠᠯᠪᠢᠨ ᠰᠢᠢᠳᠪᠦᠷᠢᠯᠡᠨ᠎ᠡ                                                                       ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠪᠠᠶᠢᠭᠤᠯᠤᠭᠳᠠᠭᠰᠠᠨ ᠠᠴᠠ ᠨᠠᠰᠢ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ‌ᠢᠮᠠᠭᠲᠠ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠢ ᠰᠠᠨᠠᠭᠠᠴᠢᠯᠭ᠎ᠠ ᠠᠴᠠ ᠪᠠᠨ ᠢᠳᠡᠪᠬᠢᠲᠡᠢ  ᠵᠣᠬᠢᠴᠠᠭᠤᠯᠵᠤ ᠪᠠᠶᠢᠭᠠᠳ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠲᠦᠷᠭᠡᠨ ᠭᠦᠢᠴᠡᠳᠬᠡᠬᠦ︾ ᠠᠵᠢᠯ ᠢ ᠰᠡᠳᠬᠢᠯ ᠲᠠᠯᠪᠢᠨ ᠰᠠᠶᠢᠲᠤᠷ  ᠬᠢᠭᠰᠡᠭᠡᠷ ᠢᠷᠡᠵᠠᠢ᠃       ᠣᠶᠢᠷ᠎ᠠ ᠶᠢᠨ ᠡᠳᠦᠷ᠂  ᠠᠷᠠᠳ ᠠᠴᠠ ᠲᠤᠰᠬᠠᠭᠰᠠᠨ ᠨᠢ᠂ ᠪᠠᠷᠠᠭᠤᠨ ᠦᠵᠦᠮᠦᠴᠢᠨ ᠬᠤᠰᠢᠭᠤᠨ ᠤ  ᠵᠢᠩ ᠭᠤᠸᠠᠨ ᠶᠡᠭᠡ ᠵᠠᠮ ᠤᠨ ︽ᠭᠡᠷᠡᠯᠲᠦ ᠰᠣᠪᠣᠳ︾ ᠬᠤᠳᠠᠯᠳᠤᠭᠠᠨ ᠤ ᠶᠠᠪᠤᠳᠠᠯ ᠤᠨ ᠪᠠᠭᠤᠳᠠᠯ ᠣᠶᠢᠷ᠎ᠠ ᠳᠤ ᠰᠢᠯᠲᠠᠭᠠᠨ ᠨᠢ ᠲᠣᠳᠣᠷᠬᠠᠢ ᠪᠣᠰᠣ ᠪᠠᠷ ᠳᠥᠷᠪᠡ ᠤᠳᠠᠭ᠎ᠠ ᠴᠠᠬᠢᠯᠭᠠᠨ ᠵᠣᠭᠰᠣᠵᠤ᠂ ᠬᠤᠳᠠᠯᠳᠤᠭᠠᠨ ᠤ ᠡᠷᠦᠬᠡ ᠶᠢᠨ ᠬᠡᠪ ᠤᠨ ᠡᠵᠡᠩᠨᠡᠯᠲᠡ ᠶᠢ ᠨᠥᠯᠥᠭᠡᠯᠡᠵᠦ  ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠨ ᠢ ᠰᠢᠢᠳᠪᠦᠷᠢᠯᠡᠬᠦ ᠶᠢ ᠬᠦᠰᠡᠭᠰᠡᠨ ᠪᠠᠶᠢᠨ᠎ᠠ  ᠃      ᠪᠠᠷᠠᠭᠤᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠠᠵᠢᠯ ᠤᠨ ᠬᠠᠭᠤᠳᠠᠰᠤ ᠶᠢ ᠳᠠᠭᠠᠭᠠᠴᠢᠯᠠᠨ ᠲᠣᠰᠣᠭᠰᠠᠨ ᠤ ᠲᠠᠷᠠᠭ᠎ᠠ᠂ ᠲᠡᠷᠡ ᠳᠠᠷᠤᠢ ᠳᠤᠨᠢ ᠲᠣᠬᠠᠢ ᠶᠢᠨ ᠬᠦᠮᠦᠨ ᠲᠠᠢ ᠬᠠᠷᠢᠯᠴᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠬᠦᠷᠴᠦ ᠪᠠᠶᠢᠳᠠᠯ ᠢ ᠣᠶᠢᠯᠠᠭᠠᠪᠠ᠃ ᠡᠨᠡ ᠬᠦ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠴᠠᠬᠢᠯᠭᠠᠨ ᠬᠡᠷᠡᠭᠯᠡᠬᠦ ᠣᠷᠭᠢᠯ ᠤᠨ ᠦᠶ᠎ᠡ ᠶᠢᠨ ᠳᠠᠭᠠᠭᠠᠴᠠ ᠶᠢ ᠬᠡᠮᠵᠢᠬᠦ ᠵᠡᠷᠭᠡ ᠠᠷᠭ᠎ᠠ ᠪᠠᠷ ᠳᠠᠮᠵᠢᠭᠤᠯᠤᠨ᠂ ᠲᠣᠰ ᠬᠦᠴᠦᠳᠡᠯ ᠥᠭᠡᠷᠡᠴᠢᠯᠡᠭᠴᠢ ᠶᠢᠨ ᠥᠷᠲᠡᠭᠡ ᠶᠢᠨ ᠲᠣᠭᠤᠷᠢᠭ ᠲᠠᠬᠢ ᠬᠤᠳᠠᠯᠳᠤᠭᠠᠨ ᠤ ᠡᠷᠦᠬᠡ ᠶᠢᠨ ᠵᠢᠭᠤᠯᠴᠢᠯᠠᠯ ᠤᠨ ᠤᠯᠠᠷᠢᠯ ᠳᠤ ᠬᠡᠷᠡᠭᠯᠡᠬᠦ ᠴᠠᠬᠢᠯᠭᠠᠨ ᠤ ᠳᠠᠭᠠᠭᠠᠴᠠ ᠨᠢ ᠲᠦᠷᠭᠡᠨ ᠨᠡᠮᠡᠭᠳᠡᠭᠰᠡᠨ ᠠᠴᠠ ᠪᠣᠯᠵᠤ᠂ ᠬᠦᠴᠦᠳᠡᠯ ᠥᠭᠡᠷᠡᠴᠢᠯᠡᠭᠴᠢ ᠶᠢ ᠠᠴᠢᠶ᠎ᠠ ᠳᠦᠭᠦᠷᠡᠩ ᠠᠵᠢᠯᠯᠠᠭᠠᠨ ᠳᠤ ᠣᠶᠢᠷᠠᠲᠤᠭᠤᠯᠵᠤ᠂ ᠥᠨᠳᠥᠷ ᠳᠣᠣᠷ᠎ᠠ ᠳᠠᠷᠤᠯᠲᠠ ᠶᠢᠨ ᠳᠠᠭᠠᠳᠬᠠᠯ ᠤᠨ ᠬᠠᠶᠢᠯᠤᠯᠲᠠ ᠲᠠᠰᠤᠷᠠᠭᠰᠠᠨ ᠠᠴᠠ ᠪᠣᠯᠵᠤ ᠴᠠᠬᠢᠯᠭᠠᠨ ᠵᠣᠭᠰᠣᠭᠰᠠᠨ ᠢ ᠣᠯᠵᠤ ᠮᠠᠲᠠᠵᠠᠢ᠃ ᠳᠠᠷᠠᠭ᠎ᠠ ᠨᠢ ᠪᠠᠷᠠᠭᠤᠨ ᠦᠵᠦᠮᠦᠴᠢᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠠᠴᠠ ᠲᠤᠰ ᠬᠤᠷᠢᠶᠠᠨ ᠤ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠵᠦ᠂ ᠴᠠᠬᠢᠯᠭᠠᠨ ᠬᠡᠷᠡᠭᠯᠡᠬᠦ ᠳᠠᠭᠠᠭᠠᠴᠠ ᠶᠢ ᠲᠡᠭᠰᠢᠳᠬᠡᠨ ᠬᠤᠪᠢᠶᠠᠷᠢᠯᠠᠵᠤ᠂ ᠴᠠᠬᠢᠯᠭᠠᠨ ᠬᠡᠷᠡᠭᠯᠡᠬᠦ ᠳᠠᠭᠠᠭᠠᠴᠠ ᠶᠢ ᠬᠡᠲᠦᠷᠡᠭᠦᠯᠦᠭᠰᠡᠨ ᠠᠴᠠ ᠪᠣᠯᠵᠤ ᠪᠠᠶᠢᠨ ᠳᠠᠬᠢᠨ ᠴᠠᠬᠢᠯᠭᠠᠨ ᠵᠣᠭᠰᠣᠬᠤ ᠠᠰᠠᠭᠤᠳᠠᠯ ᠢ ᠰᠢᠢᠳᠪᠦᠷᠢᠯᠡᠵᠠᠢ᠃     12345 ᠬᠠᠯᠠᠮᠰᠢᠯ ᠤᠲᠠᠰᠤ ᠪᠠᠷ ᠬᠠᠷᠢᠭᠤ ᠰᠤᠷᠪᠤᠯᠵᠢᠯᠠᠬᠤ ᠦᠶ᠎ᠡ ᠳᠤ᠂ ᠠᠷᠠᠳ ᠠᠴᠠ ᠲᠤᠰᠬᠠᠭᠰᠠᠨ ᠠᠰᠠᠭᠤᠳᠠᠯ ᠢ ᠨᠢᠭᠡᠨᠲᠡ ᠵᠦᠢ ᠵᠣᠬᠢᠰᠲᠠᠢ ᠰᠢᠢᠳᠪᠦᠷᠢᠯᠡᠭᠰᠡᠨ  ᠢ ᠢᠯᠡᠷᠬᠡᠶᠢᠯᠡᠭᠰᠡᠨ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠳᠤ ᠴᠦ ᠰᠡᠳᠬᠢᠯ ᠬᠠᠨᠤᠮᠵᠢᠲᠠᠶ ᠪᠠᠶᠢᠬᠤ ᠪᠠᠨ ᠢᠯᠡᠳᠬᠡᠵᠡᠢ᠃     12345 ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠪᠣᠯᠣᠨ ᠣᠯᠠᠨ ᠲᠦᠮᠡᠨ ᠤ ᠬᠤᠭᠤᠷᠣᠨᠳᠣᠬᠢ ︽ᠰᠡᠳᠬᠢᠯ ᠢ ᠬᠤᠯᠪᠣᠭᠰᠠᠨ ᠬᠥᠭᠦᠷᠭᠡ︾ ᠮᠥᠨ᠂  ᠮᠥᠨ ᠴᠦ ᠵᠠᠰᠠᠭ ᠤᠨ ᠣᠷᠳᠣᠨ ᠤ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠦᠢᠯᠠᠭᠠᠬᠤ᠂ ᠠᠷᠠᠳ ᠤᠨ ᠵᠣᠪᠠᠨᠢᠯ ᠢ ᠲᠠᠶᠢᠯᠬᠤ ᠴᠢᠬᠤᠯᠠ ᠲᠠᠪᠴᠠᠩ ᠮᠥᠨ᠃ ᠪᠠᠷᠠᠭᠤᠨ ᠦᠵᠦᠮᠦᠴᠢᠨ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠣᠲᠠᠰᠣᠨ ᠤ ᠠᠵᠢᠯ ᠤᠨ ᠥᠷᠲᠡᠭᠡ ᠨᠢ ᠨᠠᠷᠢᠨ ᠬᠢᠨᠠᠮᠠᠭᠠᠢ ᠦᠢᠯᠡᠴᠢᠯᠡᠬᠦ ᠣᠪᠣᠷ ᠢᠶᠠᠷ ᠳᠠᠮᠵᠢᠭᠤᠯᠤᠨ᠂   ᠨᠡᠩ ᠣᠯᠠᠨ ᠠᠷᠠᠳ ᠲᠦᠮᠡᠨ ᠤ ᠢᠲᠡᠭᠡᠯ ᠢ ᠣᠯᠵᠤ ᠪᠠᠶᠢᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号