ᠠᠩᠬᠠᠨ ᠤ ᠬᠢᠴᠢᠶᠡᠯ ᠢᠶᠠᠨ ᠤᠭᠳᠤᠯ᠎ᠠ | | 8 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ | ᠳᠤᠮᠳᠠᠳᠤ ᠰᠤᠷᠭᠠᠭᠤᠯᠢ ᠵᠢᠩᠬᠢᠨᠢ ᠪᠠᠷ ᠬᠢᠴᠢᠶᠡᠯ ᠡᠬᠢᠯᠡᠵᠦ᠂ ︽ᠦᠨᠳᠦᠰᠦᠲᠡᠨ ᠤ ᠪᠦᠯᠬᠦᠮᠳᠡᠯ ᠂ ᠠᠮᠤᠷ ᠲᠦᠪᠰᠢᠨ | ᠤ ᠬᠦᠮᠦᠵᠢᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ᠂ ᠬᠠᠤᠯᠢ ᠲᠦᠷᠢᠮ ᠤᠨ ᠬᠦᠮᠦᠵᠢᠯ︾ | ᠵᠡᠷᠭᠡ ᠠᠭᠤᠯᠭ᠎ᠠ ᠪᠠᠶᠠᠯᠢᠭ ᠦᠪᠢᠷᠮᠢᠴᠡ ᠭᠡᠪ ᠮᠠᠶ᠋ᠢᠭ ᠤᠨ ᠠᠩᠬᠠᠨ ᠤ ᠬᠢᠴᠢᠶᠡᠯ ᠢᠶᠠᠷ ᠰᠤᠷᠤᠭᠴᠢᠳ ᠢᠶᠠᠨ ᠤᠭᠳᠤᠨ | ᠠᠪᠤᠯ᠎ᠠ᠃ | ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠢᠶᠠᠷ ᠰᠤᠷᠤᠭᠴᠢᠳ ᠲᠤ ᠲᠤᠮᠳᠠᠲᠤ ᠶᠢᠨ ᠦᠨᠳᠦᠰᠦᠲᠡᠨ ᠤ | ᠬᠠᠮᠲᠦ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠭᠡᠢ | ᠲᠠᠨᠢᠭᠤᠯᠵᠦ᠂ ᠦᠷᠭᠡᠨ ᠤᠯᠠᠨ ᠵᠠᠯᠠᠭᠤᠴᠤᠳ ᠪᠠᠭᠠᠴᠤᠳ ᠤᠨ ᠡᠬᠡ ᠤᠷᠤᠨᠴᠢ ᠬᠠᠶᠢᠷ᠎ᠠ ᠰᠡᠳᠬᠢᠯᠭᠡ ᠪᠠ ᠲᠤᠮᠳᠠᠲᠤ | ᠶᠢᠨ ᠦᠨᠳᠦᠰᠦᠲᠡᠨ ᠤ ᠬᠠᠮᠲᠦ ᠴᠤᠭᠴᠠ ᠶᠢᠨ ᠤᠶᠢᠯᠭᠠᠭᠳᠠᠬᠤᠨ ᠢ ᠬᠦᠨᠵᠡᠭᠡᠶᠢᠷᠡᠭᠦᠯᠦᠨ᠂ ᠲᠡᠳᠡᠨ ᠢ ᠵᠦᠪ ᠤᠯᠤᠰ | ᠤᠨ ᠦᠵᠡᠯᠳᠡ᠂ ᠦᠨᠳᠦᠰᠦᠲᠡᠨ ᠤ ᠦᠵᠡᠯᠲᠡ᠂ ᠰᠤᠶᠤᠯ ᠤᠨ ᠦᠵᠡᠯᠲᠡ ᠲᠠᠢ ᠪᠠᠶᠢᠯᠭᠠᠬᠤ ᠶᠢ ᠵᠤᠷᠢᠵᠠᠢ ᠃ | ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠰᠤᠷᠤᠯᠭ᠎ᠠ ᠡᠬᠢᠯᠡᠬᠦ | ᠠᠩᠬᠠᠨ ᠤ ᠬᠢᠴᠢᠶᠡᠯ ᠢ ᠴᠢᠩᠭ᠎ᠠ ᠠᠳᠬᠤᠵᠦ᠂ ᠭᠤᠤᠯ ᠰᠡᠳᠦᠪᠲᠦ ᠠᠩᠬᠢ ᠶᠢᠨ ᠬᠤᠷᠠᠯ ᠢᠶᠠᠷ ᠢᠳᠡᠪᠬᠢᠲᠠᠢ | ᠦᠭᠡᠳᠡᠷᠭᠡᠭ ᠰᠤᠷᠭᠠᠭᠤᠯᠢ ᠡᠬᠢᠯᠡᠬᠦ ᠠᠭᠤᠷ ᠠᠮᠢᠰᠬᠤᠯ ᠢ ᠪᠤᠢ ᠪᠤᠯᠭᠠᠵᠦ᠂ ᠰᠤᠷᠤᠭᠴᠢᠳ ᠤᠨ ᠨᠡᠩ ᠤᠷᠬᠢᠯᠥᠮ᠎ᠠ | ᠬᠠᠯᠠᠭᠤᠨ ᠰᠡᠳᠬᠢᠯᠭᠡ ᠪᠠᠷ ᠰᠢᠨ᠎ᠡ ᠨᠢᠭᠡᠨ ᠬᠤᠭᠤᠴᠠᠭᠠᠨ ᠤ ᠰᠤᠷᠤᠯᠭ᠎ᠠ᠂ ᠠᠮᠢᠳᠤᠷᠠᠯ ᠢᠶᠠᠨ ᠡᠬᠢᠯᠡᠬᠦᠯᠬᠦ ᠳᠤ ᠨᠢ | ᠰᠠᠭᠤᠷᠢ ᠲᠠᠯᠪᠢᠭᠰᠠᠨ ᠪᠠᠶᠢᠨ᠎ᠠ ᠃ |