ᠪᠥᠬᠦ ᠠᠶᠢᠮᠠᠭ ᠤᠨ ᠪᠣᠬᠢᠷᠲᠤᠯ ᠦᠭᠡᠢ ᠠᠭᠤᠷᠬᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠵᠢᠴᠢ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ | ᠵᠠᠰᠠᠬᠤ ᠠᠵᠢᠯ ᠤᠨ ᠲᠤᠬᠠᠢ ᠶᠢᠨ ᠲᠠᠯᠠᠪᠣᠷ ᠤᠨ ᠬᠤᠷᠠᠯ ᠤᠨ ᠲᠤᠷᠰᠢᠯᠭ᠎ᠠ ᠰᠣᠯᠢᠯᠴᠠᠬᠤ ᠪᠦᠯᠬᠦᠮ ᠪᠠᠷᠠᠭᠤᠨ | ᠦᠵᠦᠮᠦᠴᠢᠨ ᠬᠤᠰᠢᠭᠤᠨ ᠳᠤ ᠲᠤᠭᠤᠷᠢᠨ ᠰᠣᠷᠣᠯᠴᠠᠪᠠ | | ᠠᠶᠢᠮᠠᠭ ᠤᠨ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 29 ᠤ ᠡᠳᠦᠷ᠂ ᠪᠥᠬᠦ | ᠠᠶᠢᠮᠠᠭ ᠤᠨ ᠪᠣᠬᠢᠷᠲᠤᠯ ᠦᠭᠡᠢ ᠠᠭᠤᠷᠬᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠪᠦᠲᠦᠭᠡᠨ ᠪᠠᠶᠢᠭᠤᠯᠤᠯᠲᠠ ᠵᠢᠴᠢ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ | ᠤᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠭᠰᠠᠳ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ | ᠳᠥᠷᠪᠡᠳᠦᠭᠡᠷ ᠵᠠᠳᠠᠭᠠᠢ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠲᠣᠭᠤᠷᠢᠨ ᠰᠣᠷᠣᠯᠴᠠᠪᠠ᠃ ᠠᠶᠢᠮᠠᠭ ᠤᠨ | ᠵᠠᠬᠢᠷᠭ᠎ᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ | ᠬᠤᠲᠠ ᠶᠢᠨ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ | ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠤᠬᠠᠢ ᠶᠢᠨ ᠲᠠᠯᠠᠪᠤᠷ ᠲᠤ ᠬᠦᠷᠴᠦ ᠲᠣᠭᠤᠷᠢᠨ | ᠦᠵᠡᠵᠦ ᠲᠤᠷᠰᠢᠯᠭ᠎ᠠ ᠰᠣᠯᠢᠯᠴᠠᠪᠠ᠃ | ᠬᠤᠷᠠᠯ ᠳᠤ ᠣᠷᠣᠯᠴᠠᠭᠰᠠᠳ ᠪᠠᠶᠠᠩᠬᠤᠸᠠ ᠳᠥᠷᠪᠡᠳᠦᠭᠡᠷ ᠵᠠᠳᠠᠭᠠᠢ ᠨᠡᠭᠦᠷᠡᠰᠦᠨ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠢ ᠲᠣᠬᠢᠷᠠᠭᠤᠯᠤᠨ ᠵᠢᠯᠤᠭᠤᠳᠬᠤ ᠲᠥᠪ ᠪᠣᠯᠣᠨ ᠰᠢᠷᠣᠢ ᠭᠠᠳᠠᠭᠰᠢᠯᠠᠭᠤᠯᠬᠤ ᠬᠤᠶᠠᠳᠤᠭᠠᠷ | ᠲᠠᠯᠠᠪᠠᠢ ᠶᠢ ᠲᠣᠭᠤᠷᠢᠨ ᠦᠵᠡᠬᠦ ᠶᠠᠪᠤᠴᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ | ᠶᠡᠷᠦᠩᠬᠡᠶᠢᠯᠡᠨ ᠵᠠᠰᠠᠬᠤ᠂ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ | ᠤᠬᠠᠭᠤᠯᠭ᠎ᠠ ᠵᠡᠷᠭᠡ ᠳᠥᠷᠪᠡᠨ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠠᠷᠢᠨ | ᠣᠶᠢᠯᠠᠭᠠᠭᠰᠠᠨ ᠪᠥᠭᠡᠳ ᠪᠠᠷᠠᠭᠤᠨ ᠦᠵᠦᠮᠦᠴᠢᠨ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠵᠢᠯᠤᠭᠤᠳᠬᠤ ᠰᠠᠨᠠᠯ ᠳᠤᠷᠠᠳᠤᠭᠰᠠᠨ ᠪᠠᠶᠢᠨ᠎ᠠ᠃ | ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ᠂ ᠪᠠᠷᠠᠭᠤᠨ | ᠦᠵᠦᠮᠦᠴᠢᠨ ᠬᠤᠰᠢᠭᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠢᠯᠡᠷᠬᠡᠢ ᠦᠷ᠎ᠡ ᠪᠦᠲᠦᠮᠵᠢ ᠣᠯᠵᠠᠢ᠃ ᠨᠢᠭᠡ ᠳᠤ᠂ | ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠯᠭᠠᠮ᠎ᠠ ᠴᠢᠨᠠᠷ᠂ ᠴᠢᠬᠤᠯᠠ ᠴᠢᠨᠠᠷ ᠢ ᠠᠭᠤᠷᠬᠠᠢ ᠶᠢᠨ ᠠᠵᠤ | ᠠᠬᠤᠶᠢᠯᠠᠯ ᠨᠢᠭᠡᠪᠦᠷᠢ ᠳᠤ ᠤᠯᠠᠮᠵᠢᠯᠠᠪᠠ᠃ ᠬᠤᠶᠠᠷ ᠲᠤ᠂ ᠤᠷᠢᠳ ᠢᠶᠠᠷ ᠲᠥᠯᠥᠪᠵᠢᠭᠦᠯᠵᠦ᠂ ᠳᠠᠷᠠᠭ᠎ᠠ ᠨᠢ | ᠬᠡᠷᠡᠭᠵᠢᠭᠦᠯᠪᠡ᠃ ᠵᠢᠯ ᠪᠦᠷᠢ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ | ᠲᠥᠯᠥᠪᠯᠡᠭᠡ ᠶᠢ ᠲᠣᠭᠲᠠᠭᠠᠵᠤ᠂ ᠪᠥᠬᠦ ᠬᠤᠰᠢᠭᠤᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠴᠢᠭᠯᠡᠯ ᠪᠠ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠠᠵᠢᠯ ᠡᠭᠦᠷᠭᠡ | ᠬᠠᠷᠢᠭᠤᠴᠠᠯᠭ᠎ᠠ ᠵᠢᠴᠢ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃ | ᠭᠤᠷᠪᠠ ᠳᠤ᠂ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠪᠠ᠃ ᠪᠥᠬᠦ ᠬᠤᠰᠢᠭᠤᠨ ᠤ ︽ᠪᠣᠬᠢᠷᠲᠤᠯ ᠦᠭᠡᠢ ᠣᠶᠣᠨᠲᠤ︾ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠢ ᠬᠤᠷᠠᠯᠳᠤᠭᠤᠯᠵᠤ᠂ ᠡᠯ᠎ᠡ | ᠠᠭᠤᠷᠬᠠᠢ ᠶᠢᠨ ᠠᠵᠤ ᠠᠬᠤᠶᠢᠯᠠᠯ ᠢ ᠳᠠᠶᠢᠴᠢᠯᠠᠨ ᠪᠣᠬᠢᠷᠲᠤᠯ ᠦᠭᠡᠢ ᠠᠭᠤᠷᠬᠠᠢ ᠪᠠ ᠣᠶᠤᠨᠲᠤ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠥᠷᠨᠢᠭᠦᠯᠪᠡ᠃ ᠳᠥᠷᠪᠡ ᠳᠤ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠲᠤᠰᠬᠠᠢ ᠮᠡᠷᠭᠡᠵᠢᠯᠲᠡᠨ ᠤ ᠰᠤᠳᠤᠯᠤᠨ ᠮᠠᠭᠠᠳᠯᠠᠯᠲᠠ ᠲᠠᠢ | ᠤᠶᠠᠯᠳᠤᠭᠤᠯᠤᠨ᠂ ᠪᠥᠬᠦ ᠬᠤᠰᠢᠭᠤᠨ ᠤ ᠠᠭᠤᠷᠬᠠᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠪᠡ ᠭᠡᠵᠡᠢ᠃ | | |