ᠬᠠᠳᠤᠯᠠᠩᠴᠢᠳ ᠬᠠᠳᠤᠯᠠᠩ ᠳᠤ ᠪᠠᠨ  ᠭᠠᠷᠤᠯ᠎ᠠ
ᠨᠡᠶᠢᠲᠡᠯᠡᠭᠰᠡᠨ ᠴᠠᠭ᠄
2023/9/5
         ᠬᠠᠳᠤᠯᠠᠩᠴᠢᠳ ᠬᠠᠳᠤᠯᠠᠩ ᠳᠤ ᠪᠠᠨ  ᠭᠠᠷᠤᠯ᠎ᠠ                                ᠦᠩᠰᠢᠭ ᠨᠠᠮᠤᠷ ᠤᠨ ᠡᠯᠪᠡᠭ ᠬᠤᠷᠢᠶᠠᠯᠲᠠ ᠶᠢ ᠪᠡᠯᠭᠡᠰᠢᠶᠡᠨ᠂  ᠦᠨᠢᠷ ᠦᠰᠬᠦ ᠮᠠᠯ ᠤᠨ ᠢᠶᠠᠨ  ᠡᠪᠡᠰᠦ ᠲᠡᠵᠢᠭᠡᠯ   ᠢ ᠬᠤᠷᠢᠶᠠᠬᠤ   ᠪᠠᠷ  ᠮᠠᠯᠴᠢᠳ ᠬᠠᠳᠤᠯᠠᠩ   ᠳᠤ ᠪᠠᠨ ᠭᠠᠷᠴᠤ᠂ ᠡᠪᠦᠯ ᠤᠨ ᠪᠡᠯᠡᠳᠭᠡᠯ ᠢᠶᠠᠨ ᠠᠮᠵᠢᠭᠤᠯᠵᠤ᠂ ᠤᠨᠠᠭᠰᠠᠨ ᠮᠠᠯᠠᠭᠠᠢ  ᠠᠪᠬᠤ ᠵᠠᠪ ᠦᠭᠡᠢ ᠬᠦᠳᠡᠯᠮᠦᠷᠢᠯᠡᠵᠦ᠂ ᠪᠠᠶᠠᠨ ᠨᠠᠮᠤᠷ ᠤᠨ ᠪᠠᠶᠠᠰᠬᠤᠯᠠᠩᠲᠤ ᠲᠠᠭᠤᠨ ᠢ  ᠴᠤᠤᠷᠢᠶᠠᠳᠤᠭᠤᠯᠤᠨ᠎ᠠ᠃  8 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ  ᠰᠤᠮᠤᠨ ᠤ ᠪᠤᠯᠠᠭᠠᠨ  ᠭᠠᠴᠠᠭᠠᠨ ᠤ ᠬᠠᠳᠤᠯᠠᠩ ᠤᠨ ᠲᠠᠯᠠᠪᠠᠢ ᠳᠤ ᠬᠦᠷᠬᠦ ᠳᠤ᠂  ᠤᠯᠠᠩᠬᠢ ᠮᠠᠯᠴᠢᠳ ᠬᠠᠳᠤᠯᠠᠩ ᠳᠠᠭᠠᠨ ᠭᠠᠷᠴᠤ  ᠡᠪᠡᠰᠦ ᠬᠠᠳᠤᠵᠤ ᠬᠤᠷᠢᠶᠠᠨ ᠶᠠᠭᠠᠷᠠᠯᠳᠤᠵᠤ  ᠂ ᠬᠠᠳᠤᠯᠠᠩ ᠤᠨ ᠲᠠᠯᠠᠪᠠᠢ ᠳᠤ ᠡᠪᠡᠰᠦ ᠬᠠᠳᠤᠬᠤ ᠬᠠᠮᠤᠬᠤ ᠮᠠᠰᠢᠨ᠂ ᠡᠪᠡᠰᠦ ᠪᠣᠭᠤᠵᠢᠯᠠᠬᠤ ᠮᠠᠰᠢᠨ ᠵᠡᠷᠭᠡ ᠡᠩᠨᠡᠷᠡᠨ ᠠᠵᠢᠯᠯᠠᠵᠤ᠂  ᠲᠠᠰᠤᠷᠠᠯᠲᠠ ᠦᠭᠡᠢ  ᠰᠢᠨᠡᠴᠢᠯᠡᠭᠰᠡᠨ ᠮᠠᠰᠢᠨᠴᠢᠯᠠᠯᠲᠠ ᠶᠢᠨ  ᠦᠷᠭᠡᠨ ᠭᠡᠷᠡᠭᠯᠡᠯᠲᠡ ᠨᠢ ᠮᠠᠯᠴᠢᠳ   ᠤᠨ ᠬᠠᠳᠤᠯᠠᠩ ᠤᠨ ᠠᠵᠢᠯ ᠳᠤ  ᠨᠡᠩ ᠲᠦᠬᠦᠮ  ᠦᠵᠡᠬᠦᠯᠵᠦ  ᠪᠠᠶᠢᠯ᠎ᠠ᠃
 ᠮᠠᠯᠴᠢᠨ ᠬᠠᠰᠳᠤᠯᠭᠠᠭᠤᠷᠢ  ᠤᠨ ᠲᠠᠨᠢᠯᠴᠠᠭᠤᠯᠤᠭᠰᠠᠨ ᠢᠶᠠᠷ᠂ ᠡᠪᠡᠰᠤ ᠲᠠᠢ ᠪᠤᠯ  ᠮᠠᠯ ᠵᠤᠵᠠᠭᠠᠨ᠂ ᠮᠠᠯ ᠲᠠᠢ ᠪᠤᠯ ᠤᠷᠤᠯᠭ᠎ᠠ ᠵᠤᠵᠠᠭᠠᠨ᠂ ᠤᠷᠤᠯᠭ᠎ᠠ ᠲᠠᠢ ᠪᠤᠯ ᠠᠮᠢᠳᠤᠷᠠᠯ ᠲᠡᠨᠢᠬᠦᠨ  ᠂ ᠡᠶᠢᠮᠦ ᠠᠴᠠ ᠬᠠᠳᠤᠯᠠᠩ ᠤᠨ ᠦᠶ᠎ᠡ ᠳᠤ ᠬᠦᠷᠦᠯᠴᠡᠭᠡ ᠲᠠᠢ ᠡᠪᠡᠰᠦ ᠨᠦᠭᠡᠴᠢᠯᠡᠬᠦ ᠨᠢ  ᠮᠠᠯ ᠤᠨᠤᠭᠠᠨ ᠤ ᠪᠠᠨ ᠡᠪᠦᠯ ᠤᠨᠳᠤᠷᠤᠬᠤ  ᠬᠠᠪᠤᠷ   ᠢ ᠲᠤᠭᠤᠯᠬᠤ ᠳᠤ  ᠮᠠᠰᠢ ᠴᠢᠬᠤᠯᠠ ᠪᠠᠶᠢᠳᠠᠭ ᠭᠤᠤᠯ ᠠᠵᠢᠯ  ᠲᠤᠯᠠ 8 ᠰᠠᠷ᠎ᠠ ᠶᠢᠨ 27 ᠤ ᠡᠳᠦᠷ ᠠᠴᠠ ᠡᠬᠢᠯᠡᠨ ᠦᠪᠡᠷ ᠤᠨ 1700 ᠮᠦ ᠬᠠᠳᠤᠯᠠᠩ ᠳᠠᠭᠠᠨ ᠡᠪᠡᠰᠦ ᠬᠠᠳᠤᠵᠤ᠂ ᠣᠳᠣᠬᠠᠨ ᠪᠤᠯᠳᠠᠯ᠎ᠠ  400 ᠰᠢᠬᠠᠮ ᠮᠦ ᠲᠠᠯᠠᠪᠠᠢ ᠬᠠᠳᠤᠵᠤ  ᠶᠠᠭᠠᠷᠠᠯᠳᠠᠶᠢᠬᠠᠨ ᠠᠵᠢᠯᠯᠠᠵᠤ  ᠪᠠᠶᠢᠯ᠎ᠠ᠃
         ᠰᠤᠷᠪᠤᠯᠵᠢᠯᠠᠭᠴᠢ  ᠪᠠᠰᠠ ᠪᠠᠶᠠᠠᠬᠤᠰᠢᠭᠤ  ᠰᠤᠮᠤᠨ ᠤ ᠵᠠᠰᠠᠭ ᠤᠨ ᠣᠷᠳᠣᠨ ᠠᠴᠠ ᠡᠪᠡᠰᠦ  ᠬᠠᠳᠤᠯᠠᠩ ᠤᠨ ᠠᠵᠢᠯ  ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃  ᠲᠤᠰ ᠰᠤᠮᠤ ᠨᠢ ᠨᠠᠮᠤᠷ ᠤᠨ ᠤᠯᠠᠷᠢᠯ ᠤᠨ ᠡᠪᠡᠰᠦ ᠬᠠᠳᠤᠯᠠᠩ ᠤᠨ ᠠᠵᠢᠯ  ᠢ ᠰᠠᠶᠢᠲᠤᠷ ᠪᠠᠶᠢᠷᠢᠯᠠᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂  ᠮᠠᠯᠴᠢᠳ ᠤᠨ ᠡᠪᠡᠰᠦ  ᠨᠥᠭᠡᠴᠡᠯᠡᠵᠦ ᠬᠤᠷᠢᠶᠠᠵᠤ  ᠪᠠᠶᠢᠭ᠎ᠠ ᠪᠠᠶᠢᠳᠠᠯ ᠢ  ᠴᠠᠭ ᠲᠤᠬᠠᠢ ᠳᠤ ᠨᠢ ᠡᠵᠡᠮᠰᠢᠬᠦ ᠶᠢᠨ ᠬᠠᠮᠳᠤ᠂ ᠤᠬᠠᠭᠤᠯᠭ᠎ᠠ ᠰᠤᠷᠳᠠᠯᠴᠢᠯᠠᠭ᠎ᠠ ᠪᠠᠨ ᠴᠢᠩᠭᠠᠳᠬᠠᠨ ᠤᠯᠠᠨ ᠲᠦᠮᠡᠨ ᠤ ᠪᠡᠯᠴᠢᠭᠡᠷ ᠨᠤᠳᠤᠭ ᠢᠶᠠᠨ ᠬᠠᠮᠠᠭᠠᠯᠠᠬᠤ ᠤᠬᠠᠮᠰᠠᠷ ᠲᠠᠨᠢᠯᠲᠠ ᠶᠢ ᠲᠡᠭᠡᠭᠰᠢᠯᠡᠬᠦᠯᠵᠦ᠂ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ  ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ ︾ ᠵᠡᠷᠭᠡ ᠲᠦᠷᠢᠮ  ᠲᠤᠭᠳᠠᠭᠠᠯ ᠶᠤᠰᠤᠭᠠᠷ ᠬᠠᠳᠤᠯᠠᠩ ᠪᠡᠯᠴᠢᠭᠡᠷ ᠤᠨ ᠠᠵᠢᠯ   ᠤᠨ ᠡᠷᠴᠢᠮᠲᠠᠢ ᠶᠠᠪᠤᠭᠳᠠᠬᠤ ᠶᠢ ᠪᠠᠳᠤᠯᠠᠵᠤ ᠪᠤᠢ᠃     ᠪᠠᠷᠠᠭᠤᠨ ᠦᠵᠦᠮᠦᠴᠢᠨ ᠬᠤᠰᠢᠭᠤ ᠨᠢ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠦᠭᠵᠢᠯᠲᠡ ᠶᠢ ᠪᠠᠷᠢᠮᠳᠠᠯᠠᠬᠤ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠤᠨ᠂ 8 ᠰᠠᠷ᠎ᠠ ᠶᠢᠨ 26 ᠤ ᠡᠳᠦᠷ ᠠᠴᠠ ᠡᠬᠢᠯᠡᠨ ᠡᠪᠡᠰᠦ ᠬᠠᠳᠤᠬᠤ ᠬᠤᠭᠤᠴᠠᠭᠠᠨ ᠳᠤ ᠣᠷᠣᠭᠰᠠᠨ ᠠᠴᠠ ᠨᠠᠰᠢ᠂ ᠪᠦᠬᠦ ᠬᠤᠰᠢᠭᠤ  ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠬᠤ ᠪᠠ ᠨᠤᠲᠤᠭ ᠪᠡᠯᠴᠢᠭᠡᠷ ᠤᠨ ᠬᠠᠮᠢᠶᠠᠲᠠᠢ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢ ᠦᠨᠳᠦᠰᠦᠯᠡᠨ᠂ ᠨᠠᠮᠤᠷ ᠤᠨ ᠤᠯᠠᠷᠢᠯ ᠤᠨ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠡᠷᠴᠢᠮᠲᠠᠢ ᠶᠠᠪᠤᠭᠳᠠᠭᠤᠯᠵᠤ  ᠂ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ  ᠰᠠᠭᠤᠷᠢ  ᠲᠠᠯᠪᠢᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号