ᠵᠢᠷ ᠤᠨ ᠭᠤᠣᠯ ᠪᠠᠯᠭᠠᠰᠣᠨ ᠤ ᠠᠷᠠᠳ ᠤᠨ ᠲᠥᠯᠦᠭᠡᠯᠡᠭᠴᠢᠳ ᠲᠤᠭᠤᠷᠢᠨ ᠰᠣᠷᠣᠯᠴᠠᠪᠠ
ᠨᠡᠶᠢᠲᠡᠯᠡᠭᠰᠡᠨ ᠴᠠᠭ᠄
2023/9/5
 ᠵᠢᠷ ᠤᠨ ᠭᠤᠣᠯ ᠪᠠᠯᠭᠠᠰᠣᠨ ᠤ ᠠᠷᠠᠳ ᠤᠨ ᠲᠥᠯᠦᠭᠡᠯᠡᠭᠴᠢᠳ ᠲᠤᠭᠤᠷᠢᠨ ᠰᠣᠷᠣᠯᠴᠠᠪᠠ                                                                ᠣᠶᠢᠷ᠎ᠠ ᠶᠢᠨ ᠡᠳᠦᠷ  ᠂ ᠪᠠᠷᠠᠭᠤᠨ ᠦᠵᠦᠮᠦᠴᠢᠨ ᠬᠤᠰᠢᠭᠤᠨ ᠤ  ᠵᠢᠷ ᠤᠨ ᠭᠤᠣᠯ  ᠪᠠᠯᠭᠠᠰᠣ ᠨᠢ ᠪᠠᠯᠭᠠᠰᠣᠨ ᠤ ᠠᠷᠠᠳ ᠤᠨ ᠲᠥᠯᠦᠭᠡᠯᠡᠭᠴᠢᠳ  ᠂ ᠭᠠᠴᠠᠭᠠᠨ ᠱᠦᠵᠢ  ᠂ ᠭᠠᠴᠠᠭᠠᠨ ᠳᠠᠷᠤᠭ᠎ᠠ ᠨᠠᠷ ᠢ ᠵᠣᠬᠢᠶᠠᠨ ᠪᠠᠶᠢᠭᠤᠯᠵᠤ  ᠂ ᠮᠠᠨ ᠤ ᠠᠶᠢᠮᠠᠭ ᠤᠨ  ᠠᠪᠠᠭ᠎ᠠ ᠬᠤᠰᠢᠭᠤ  ᠂ ᠰᠢᠯᠤᠭᠤᠨ ᠬᠥᠬᠡ ᠬᠤᠰᠢᠭᠤ  ᠂ ᠬᠥᠪᠡᠭᠡᠲᠦ ᠰᠢᠷ᠎ᠠ ᠬᠤᠰᠢᠭᠤ  ᠂ ᠡᠷᠢᠶᠡᠨ ᠬᠤᠲᠠ ᠵᠡᠷᠭᠡ ᠭᠠᠵᠠᠷ ᠣᠷᠣᠨ ᠢᠶᠠᠷ ᠬᠦᠷᠴᠦ  ᠂ ᠮᠠᠯ ᠠᠵᠤ ᠠᠬᠤᠢ  ᠂ ᠤᠨᠴᠠᠯᠢᠭᠲᠤ ᠠᠵᠤ ᠦᠢᠯᠡᠰ  ᠂ ᠠᠷᠠᠳ ᠤᠨ ᠲᠥᠯᠦᠭᠡᠯᠡᠭᠴᠢᠳ ᠤᠨ ᠠᠵᠢᠯ ᠤᠨ ᠲᠠᠯ᠎ᠠ ᠪᠠᠷ ᠲᠤᠷᠰᠢᠯᠭ᠎ᠠ ᠰᠣᠯᠢᠯᠴᠠᠵᠤ  ᠂ ᠲᠤᠭᠤᠷᠢᠨ ᠰᠣᠷᠣᠯᠴᠠᠭᠰᠠᠨ ᠪᠠᠶᠢᠨ᠎ᠠ  ᠃      ᠲᠤᠭᠤᠷᠢᠨ ᠰᠣᠷᠣᠯᠴᠠᠬᠤ ᠳᠤᠭᠤᠶᠢᠯᠠᠩ ᠨᠢ ᠠᠪᠠᠭ᠎ᠠ ᠬᠤᠰᠢᠭᠤᠨ ᠤ  ᠬᠤᠩᠭᠤᠷᠭᠤᠣᠯ ᠪᠠᠯᠭᠠᠰᠣᠨ ᠤ ᠰᠠᠷᠠᠭᠤᠯᠲᠤᠶᠠᠭ᠎ᠠ ᠭᠠᠴᠠᠭᠠᠨ ᠤ ᠪᠥᠬᠦ ᠣᠯᠣᠰ ᠤᠨ ᠠᠷᠪᠠᠳᠣᠭᠠᠷ ᠬᠤᠭᠤᠴᠠᠭᠠᠨ ᠤ ᠠᠷᠠᠳ ᠤᠨ  ᠲᠥᠯᠦᠭᠡᠯᠡᠭᠴᠢ  ᠂ ᠨᠠᠮ ᠤᠨ ᠠᠷᠪᠠᠨ ᠳᠣᠯᠤᠭ᠎ᠠ  ᠂ ᠠᠷᠪᠠᠨ ᠨᠠᠢᠮᠠᠳᠣᠭᠠᠷ ᠶᠡᠭᠡ ᠬᠤᠷᠠᠯ ᠤᠨ ᠲᠥᠯᠦᠭᠡᠯᠡᠭᠴᠢ  ᠂ ᠪᠥᠬᠦ ᠤᠯᠣᠰ ᠤᠨ  ︽ᠬᠥᠳᠡᠯᠮᠦᠷᠢ ᠶᠢᠨ ᠵᠢᠱᠢᠶᠡᠴᠢ  ︾  ᠂  ︽ᠪᠥᠬᠦ ᠤᠯᠣᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ  ︾ ᠵᠡᠷᠭᠡ ᠢᠷᠠᠭᠤ ᠠᠯᠳᠠᠷ ᠢ ᠬᠥᠷᠲᠡᠭᠰᠡᠨ ᠲᠢᠩ  ᠂ ᠪᠠᠭᠠᠲᠤᠷ ᠤᠨ ᠳᠤ ᠬᠦᠷᠴᠦ  ᠂ ᠲᠡᠭᠦᠨ ᠤ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢᠨ ᠠᠵᠢᠯ ᠳᠤ ᠭᠠᠷᠴᠦ ᠣᠯᠠᠨ ᠲᠥᠮᠡᠨ ᠳᠤ ᠦᠢᠯᠡᠴᠢᠯᠡᠵᠦ ᠢᠷᠡᠭᠰᠡᠨ ᠦᠩᠭᠡᠷᠡᠯᠲᠡ ᠶᠢ ᠨᠢ ᠰᠣᠨᠣᠰᠴᠤ  ᠂  ᠣᠳᠤ ᠴᠠᠭ ᠤᠨ ᠠᠮᠢᠳᠣᠷᠠᠯ ᠠᠬᠤᠢ  ᠂ ᠮᠠᠯ ᠤᠨ ᠦᠨ᠎ᠡ  ᠬᠠᠩᠰᠢ  ᠂ ᠪᠠᠶᠢᠭᠠᠯᠢ ᠶᠢᠨ ᠬᠤᠪᠢᠷᠠᠯᠲᠠ  ᠂ ᠬᠥᠳᠡᠭᠡ ᠲᠤᠰᠬᠤᠨ ᠤ ᠬᠥᠭᠵᠢᠭᠦᠯᠦᠯᠲᠡ  ᠵᠡᠷᠭᠡ ᠤᠯᠠᠨ ᠲᠠᠯ᠎ᠠ ᠪᠠᠷ ᠪᠣᠳᠤᠯ ᠰᠠᠨᠠᠯ ᠢᠶᠠᠨ ᠰᠤᠯᠢᠯᠴᠠᠵᠤ  ᠂ ᠠᠷᠭ᠎ᠠ ᠲᠤᠷᠰᠢᠯᠭ᠎ᠠ ᠶᠢ   ᠨᠢ ᠰᠣᠷᠣᠯᠴᠠᠭᠰᠠᠨ ᠪᠠᠶᠢᠨ᠎ᠠ    ᠃    ᠡᠭᠦᠨ ᠠᠴᠠ ᠭᠠᠳᠠᠨ᠎ᠠ  ᠂ ᠲᠤᠭᠤᠷᠢᠨ ᠰᠣᠷᠣᠯᠴᠠᠬᠤ ᠳᠤᠭᠤᠶᠢᠯᠠᠩ   ᠨᠢ ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤᠨ ᠤ ᠮᠥᠭᠦ ᠲᠠᠷᠢᠵᠤ ᠪᠤᠶᠢᠵᠢᠭᠤᠯᠤᠨ ᠪᠤᠷᠤᠯᠠᠭᠤᠯᠵᠤ ᠪᠠᠶᠢᠬᠤ ᠴᠡᠭ ᠲᠤ ᠬᠦᠷᠴᠦ  ᠲᠤᠭᠤᠷᠢᠨ ᠦᠵᠡᠭᠰᠡᠨ ᠪᠠ ᠬᠠᠪᠢᠷᠭ᠎ᠠ ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ ᠠᠵᠢᠯ ᠤᠨ ᠲᠠᠯ᠎ᠠ ᠪᠠᠷ ᠤᠶᠢᠯᠠᠭᠠᠵᠤ  ᠂ ᠪᠠᠰᠠ ᠲᠣᠰ ᠬᠤᠰᠢᠭᠤᠨ ᠤ  ︽ᠠᠯᠲᠠᠨ ᠡᠮᠡᠭᠡᠯ  ︾ ᠭᠡᠷ ᠪᠥᠯᠢ ᠶᠢᠨ ᠮᠠᠯᠵᠢᠯ ᠤᠨ ᠲᠠᠯᠠᠪᠠᠢ ᠶᠢᠨ ᠮᠠᠯᠴᠢᠨ ᠡᠷᠬᠢᠮ ᠤᠨ ᠳᠤ ᠬᠦᠷᠴᠦ  ᠂ ᠮᠠᠯ ᠠᠵᠤ ᠠᠬᠤᠢ ᠶᠢᠨ ᠮᠠᠰᠢᠨᠴᠢᠯᠠᠯᠲᠠ  ᠂ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠵᠡᠷᠭᠡ ᠲᠠᠯ᠎ᠠ ᠪᠠᠷ  ᠣᠶᠢᠯᠠᠭᠠᠨ ᠰᠣᠷᠣᠯᠴᠠᠵᠤ  ᠂ ᠬᠥᠪᠡᠭᠡᠲᠦ ᠰᠢᠷ᠎ᠠ ᠬᠤᠰᠢᠭᠤ ᠪᠠ ᠡᠷᠢᠶᠡᠨ ᠬᠤᠲᠠ ᠳᠤ ᠬᠦᠷᠴᠦ  ᠂ ᠭᠠᠴᠠᠭᠠᠨ ᠤ ᠨᠠᠮ ᠤᠨ ᠡᠭᠦᠷ ᠤᠨ ᠠᠵᠢᠯ ᠤᠨ ᠪᠠᠶᠢᠳᠠᠯ  ᠂ ᠤᠯᠠᠮᠵᠢᠯᠠᠯᠲᠤ ᠴᠠᠭᠠᠨ ᠢᠳᠡᠭᠡᠨ  ᠂ ᠡᠯᠧᠺᠲᠷᠣᠨ  ᠬᠤᠳᠠᠯᠳᠤᠭ᠎ᠠ  ᠂ ᠲᠡᠣᠬᠡ ᠶᠢᠨ ᠳᠣᠷᠠᠰᠬᠠᠯᠲᠤ ᠵᠦᠢᠯ ᠵᠡᠷᠭᠡ ᠲᠠᠯ᠎ᠠ ᠪᠠᠷ ᠲᠤᠭᠤᠷᠢᠨ ᠰᠣᠷᠣᠯᠴᠠᠵᠤ  ᠂ ᠬᠡᠳᠦᠨ ᠡᠳᠦᠷ ᠤᠨ ᠰᠣᠷᠣᠯᠴᠠᠯᠭ᠎ᠠ ᠪᠠᠷ ᠳᠠᠮᠵᠢᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠣᠭᠤᠯᠬᠤ ᠦᠢᠯᠡᠰ ᠲᠤ ᠬᠦᠴᠦᠨ ᠴᠢᠳᠠᠯ ᠢᠶᠠᠨ ᠡᠷᠭᠦᠬᠦ ᠢᠲᠡᠭᠡᠯ ᠵᠣᠷᠢᠭ ᠢᠶᠠᠨ ᠴᠡᠨᠡᠭᠯᠡᠵᠦ ᠣᠯᠵᠠ ᠤᠮᠤᠭ ᠲᠠᠢ ᠬᠠᠷᠢᠵᠤ ᠢᠷᠡᠭᠰᠡᠨ ᠪᠠᠶᠢᠨ᠎ᠠ  ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号