ᠮᠠᠯᠴᠢᠳ ᠤᠨ ᠳᠡᠷᠭᠡᠳᠡᠬᠢ ︽120︾
ᠨᠡᠶᠢᠲᠡᠯᠡᠭᠰᠡᠨ ᠴᠠᠭ᠄
2024/1/15
                           ᠲᠠᠭᠦᠨ ᠤ ᠨᠠᠶᠢᠵᠠ ᠶᠢᠨ ᠲᠤᠭᠤᠷᠢᠭ ᠠᠴᠠ ︽ᠥᠨᠥᠳᠥᠷ  ᠪᠠᠶᠠᠠᠬᠤᠰᠢᠭᠤ ᠰᠣᠮᠣᠨ ᠳᠤ ᠡᠮᠴᠢᠯᠡᠭᠡ ᠬᠢᠬᠦ ᠪᠠᠷ ᠶᠠᠪᠤᠯ᠎ᠠ︾᠂ ︽ᠭᠤᠷᠪᠠᠳᠤᠭᠠᠷ ᠡᠷᠦᠬᠡ   ᠳᠤ ᠮᠡᠰᠠ ᠵᠠᠰᠠᠯ ᠬᠢᠵᠦ ᠪᠠᠶᠢᠨ᠎ᠠ︾᠂ ︽ᠮᠡᠰᠡ ᠵᠠᠰᠠᠯ ᠠᠮᠵᠢᠯᠲᠠ ᠲᠠᠢ ᠪᠤᠯᠤᠭᠰᠠᠨ︾ ᠵᠡᠷᠬᠡ ᠠᠭᠤᠯᠭ᠎ᠠ ᠲᠠᠢ ᠤᠬᠤᠷ ᠪᠢᠴᠢᠯᠬᠡ ᠶᠢ ᠵᠦᠩᠳᠠᠬᠡᠨ ᠤᠯᠵᠦ ᠬᠠᠷᠠᠨ᠎ᠠ᠃      ᠵᠢᠯ ᠤᠨ ᠲᠦᠷᠪᠡᠨ ᠤᠯᠠᠷᠢᠯ ᠳᠤ ᠬᠦᠢᠳᠠᠨ ᠬᠠᠯᠠᠭᠤᠨ ᠢ ᠬᠠᠶᠢᠬᠤᠷᠣᠯ ᠦᠭᠡᠢ ᠭᠦᠳᠡᠭᠡ ᠭᠠᠳᠠᠭ᠎ᠠ ᠶᠠᠪᠤᠵᠦ᠂ ᠠᠳᠣᠭᠤ ᠮᠠᠯ ᠤᠨ ᠬᠤᠷᠢᠶ᠎ᠠ ᠬᠠᠰᠢᠶ᠎ᠠ ᠪᠠᠷ ᠦᠪᠡᠷ ᠤᠨ ᠠᠯᠪᠠᠯᠠᠬᠤ ᠭᠠᠵᠠᠷ ᠢᠶᠠᠨ ᠪᠤᠯᠭᠠᠨ᠂ ᠮᠠᠯᠴᠢᠨ ᠲᠦᠮᠠᠨ ᠤ ᠪᠠᠨ ᠨᠢᠳᠣᠨ ᠴᠠᠴᠠᠬᠡᠢ ᠰᠢᠭ ᠢᠶᠠᠨ ᠬᠠᠶᠢᠷᠠᠯᠠᠵᠦ ᠬᠢᠮᠠᠭᠠᠳᠠᠳᠠᠭ ᠮᠠᠯ ᠤᠨᠤᠭᠠᠨ ᠤ ᠡᠷᠡᠬᠦᠯ ᠡᠩᠬᠡ ᠶᠢᠨ ᠡᠯᠴᠢᠨ ᠪᠤᠯᠵᠦ᠂ ᠭᠦᠳᠡᠭᠡ ᠤᠷᠤᠨ ᠨᠤᠳᠤᠭ ᠤᠨ ᠮᠠᠯᠵᠢᠬᠤ  ᠦᠢᠯᠠᠳᠪᠤᠷᠢᠯᠠᠯ ᠳᠤ ᠲᠤᠳᠠᠭᠳᠠᠵᠦ ᠪᠤᠯᠤᠰᠢ ᠦᠭᠡᠢ ᠬᠤᠪᠢ ᠨᠠᠮᠠᠷᠢ ᠦᠵᠡᠬᠦᠯᠵᠦ ᠶᠠᠪᠤᠭ᠎ᠠ ᠨᠢᠬᠡᠨ ᠪᠤᠯ ᠴᠠᠩᠬᠡᠯᠪᠠᠶᠠᠷ ᠪᠤᠯᠤᠨ᠎ᠠ᠃      ᠴᠠᠩᠬᠡᠯᠪᠠᠶᠠᠷ ᠪᠠᠶᠠᠩᠬᠤᠸᠠ ᠪᠠᠯᠭᠠᠰᠣᠨ ᠤ ᠪᠠᠶᠠᠠᠭᠦ᠋ᠪᠡᠭᠡ  ᠭᠠᠴᠠᠭ᠎ᠠ ᠪᠠᠷ ᠨᠤᠳᠣᠭᠳᠠᠢ᠂ ᠰᠢᠯᠢ ᠶᠢᠨ ᠭᠤᠤᠯ ᠤᠨ ᠠᠵᠢᠯ ᠮᠠᠷᠬᠡᠵᠢᠯ ᠤᠨ ᠲᠡᠬᠡᠳᠣ ᠰᠣᠷᠭᠠᠭᠤᠯᠢ ᠶᠢᠨ ᠮᠠᠯ ᠡᠮᠨᠡᠯᠬᠡ ᠶᠢᠨ ᠰᠠᠯᠪᠤᠷᠢ ᠳᠤ 6 ᠵᠢᠯ ᠮᠠᠷᠬᠡᠵᠢᠯ ᠲᠡᠭᠡᠭᠰᠢᠯᠠᠬᠦᠯᠦᠨ ᠰᠣᠷᠣᠯᠴᠠᠭᠰᠠᠨ ᠢᠶᠠᠨ 2015 ᠤᠨ ᠳᠤ ᠠᠮᠵᠢᠯᠳᠠᠳᠠᠢ ᠰᠣᠷᠣᠯᠭ᠎ᠠ ᠲᠠᠭᠦᠰᠴᠦ᠂ 2017 ᠤᠨ ᠠᠴᠠ ᠭᠦᠳᠡᠭᠡ ᠲᠤᠰᠬᠤᠨ  ᠤ ᠮᠠᠯ ᠤᠨ ᠡᠮᠴᠢ ᠶᠢᠨ ᠭᠠᠷᠤᠭ᠎ᠠ ᠪᠠᠨ ᠡᠬᠢᠯᠠᠬᠦᠯᠦᠭᠰᠠᠨ ᠪᠠᠶᠢᠨ᠎ᠠ᠃     ᠴᠠᠩᠬᠡᠯᠪᠠᠶᠠᠷ ᠮᠠᠯᠴᠢᠳ ᠤᠨ ᠮᠠᠯ ᠤᠨᠤᠭ᠎ᠠ ᠶᠢ ᠡᠮᠨᠡᠨ ᠡᠳᠠᠬᠡᠷᠡᠬᠦᠯᠬᠦ ᠪᠠᠷ ᠦᠪᠡᠷ ᠤᠨ ᠠᠵᠢᠯ ᠤᠨ ᠭᠤᠣᠯ ᠠᠭᠤᠯᠭ᠎ᠠ ᠪᠤᠯᠤᠨ ᠬᠠᠷᠠᠯᠳᠠ ᠪᠠᠨ ᠪᠤᠯᠭᠠᠳᠠᠭ᠃ 5 ᠰᠠᠷ᠎ᠠ ᠶᠢᠨ ᠨᠢᠭᠡ ᠥᠷᠯᠥᠭᠡ ᠶᠢᠨ ᠬᠤᠶᠠᠷ ᠴᠠᠭ ᠤᠨ ᠦᠶ᠎ᠡ ᠪᠠᠷ᠂ ᠴᠠᠩᠬᠡᠯᠪᠠᠶᠠᠷ  ᠤᠨ ᠭᠠᠷ ᠤᠳᠠᠰᠣ ᠲᠤᠤᠭᠠᠷᠴᠦ᠂ ᠵᠡᠷᠭᠡᠯᠡᠳᠡᠭᠡ ᠭᠠᠴᠠᠭᠠᠨ ᠤ ᠮᠠᠯᠴᠢᠨ ᠦᠨᠢᠶ᠎ᠡ ᠨᠢ ᠲᠤᠭᠤᠯᠯᠠᠵᠦ ᠲᠠᠶᠢᠯᠬᠦ ᠦᠭᠡᠢ ᠪᠠᠶᠢᠨ᠎ᠠ᠂ ᠢᠷᠡᠬᠡᠳ ᠦᠵᠡᠬᠡᠳ ᠦᠭᠭᠦᠨ᠎ᠠ ᠤᠤ︖ ᠬᠡᠵᠦ ᠪᠠᠶᠢᠯ᠎ᠠ᠃ ᠲᠡᠷᠡ ᠰᠣᠨᠤᠰᠣᠮᠠᠭᠴᠠ ᠰᠡᠩᠳᠡ ᠮᠡᠩᠳᠡ ᠪᠣᠰᠴᠤ ᠲᠠᠳᠠᠨᠠᠶᠢᠬᠢᠨ ᠳᠤ ᠡᠮᠴᠢᠯᠡᠭᠡ ᠬᠢᠬᠦ ᠪᠠᠷ ᠵᠤᠷᠢᠵᠡᠢ᠃ ᠡᠶᠢᠮᠤᠷᠭᠦᠦ ᠤᠷᠤᠢ ᠦᠳᠠᠰᠢ ᠶᠢᠨ ᠡᠮᠴᠢᠯᠠᠬᠡᠨ ᠤ ᠲᠠᠭᠤᠳᠠᠯᠭ᠎ᠠ ᠵᠢᠯ  ᠤᠨ ᠲᠦᠷᠪᠡᠨ ᠤᠯᠠᠷᠢᠯ ᠶᠠᠷᠤ ᠨᠢ ᠲᠠᠰᠣᠷᠠᠳᠠᠭ ᠦᠭᠡᠢ᠂ ᠬᠡᠬᠦ ᠳᠡᠭᠡᠨ ᠲᠠᠷᠠ ᠮᠠᠯᠴᠢᠨ ᠲᠦᠮᠠᠨ ᠤ ᠪᠠᠨ  ᠠᠮᠢᠨ ᠭᠦᠷᠣᠩᠬᠡ ᠪᠤᠯᠤᠭᠰᠠᠨ ᠮᠠᠯ ᠤᠨᠤᠭ᠎ᠠ ᠶᠢ ᠨᠢ ᠮᠠᠨᠳᠣ ᠪᠠᠶᠢᠯᠭᠠᠶ᠎ᠠ ᠬᠡᠰᠠᠨ ᠵᠤᠷᠢᠯᠳᠠ ᠶᠢ ᠪᠠᠷᠢᠮᠳᠠᠯᠠᠨ᠂ ᠰᠦᠨᠢ ᠲᠦᠯᠢ ᠪᠠᠷ ᠨᠤᠶᠢᠷ ᠬᠤᠭᠤᠯᠠ ᠦᠭᠡᠢ ᠠᠵᠢᠯᠯᠠᠳᠠᠭ ᠤᠳᠠᠭ᠎ᠠ ᠴᠦ ᠲᠠᠩᠴᠦ ᠤᠯᠠᠨ ᠡ᠃      ᠲᠠᠬᠦᠨ ᠤ ᠤᠯᠠᠨ ᠵᠢᠯ ᠤᠨ ᠪᠠᠷᠢᠮᠳᠠᠯᠠᠯ ᠴᠢᠷᠮᠠᠶᠢᠯᠭ᠎ᠠ ᠨᠢ ᠮᠠᠯᠴᠢᠨ ᠲᠦᠮᠠᠨ ᠤ ᠢᠳᠠᠬᠡᠯ ᠨᠠᠶᠢᠳᠠᠯᠭ᠎ᠠ ᠪᠠᠷ ᠨᠤᠳᠠᠯᠠᠭᠳᠠᠨ᠎ᠠ᠃ ᠴᠠᠩᠬᠡᠯᠪᠠᠶᠠᠷ ᠬᠠᠮᠤᠭ ᠶᠠᠭᠠᠷᠠᠤ ᠦᠶ᠎ᠡ ᠳᠡᠭᠡᠨ ᠡᠳᠦᠷ ᠲᠤ 100 ᠤᠳᠠᠭ᠎ᠠ ᠮᠠᠯᠴᠢᠳ ᠤᠨ  ᠡᠮᠴᠢᠯᠠᠬᠡᠨ  ᠤ ᠭᠤᠶᠤᠴᠢᠯᠠᠯ ᠤᠨ ᠤᠲᠠᠰᠤ ᠶᠢ ᠲᠣᠰᠴᠤ᠂ 5 ︱ 6 ᠤᠳᠠᠭ᠎ᠠ ᠮᠡᠰᠡ ᠵᠠᠰᠠᠯ ᠬᠢᠳᠡᠭ ᠮᠦᠷᠳᠠᠬᠡᠨ ᠵᠢᠯ ᠪᠦᠷᠢ 200 ᠭᠠᠷᠤᠢ ᠤᠳᠠᠭ᠎ᠠ ᠮᠡᠰᠡ ᠵᠠᠰᠠᠯ ᠬᠢᠵᠦ᠂ 400 ᠭᠠᠷᠤᠢ ᠤᠳᠠᠭ᠎ᠠ ᠡᠮᠴᠢᠯᠡᠭᠡ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ  ᠮᠠᠯ ᠤᠨ ᠡᠮᠴᠢ ᠶᠢᠨ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠠᠬᠢ  ᠦᠯᠢᠬᠡᠷ ᠵᠢᠱᠢᠶ᠎ᠠ ᠶᠢ ᠪᠢᠴᠢᠭᠯᠡᠨ᠎ᠠ᠃     ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ᠃ ᠤᠷᠲᠤ ᠬᠤᠭᠤᠴᠠᠭᠠᠨ ᠤ ᠰᠤᠷᠤᠯᠴᠠᠯᠭ᠎ᠠ ᠦᠢᠯᠡᠳᠦᠯᠭᠡ ᠪᠠᠷ ᠳᠠᠮᠵᠢᠭᠠᠳ᠂ ᠥᠨᠥ ᠪᠤᠯᠬᠤ ᠳᠤ ᠲᠡᠷᠡ ᠮᠠᠯ ᠤᠨᠤᠭᠠᠨ ᠳᠤ ᠦᠷᠭᠦᠯᠵᠢ ᠲᠣᠬᠢᠶᠠᠯᠳᠤᠳᠠᠭ ᠡᠪᠡᠳᠴᠢᠨ ᠢ ᠣᠨᠣᠰᠢᠯᠠᠬᠤ᠂ ᠮᠡᠰᠡ ᠵᠠᠰᠠᠯ ᠬᠢᠬᠦ ᠵᠢᠴᠢ ᠡᠯᠳᠡᠪ ᠵᠦᠢᠯ ᠤᠨ ᠡᠪᠡᠳᠴᠢᠨ ᠢ ᠡᠮᠨᠡᠨ ᠵᠠᠰᠠᠬᠤ ᠳᠤ ᠭᠠᠷᠮᠠᠭᠠᠢ ᠪᠤᠯᠤᠭᠰᠠᠨ ᠢᠶᠠᠷ ᠪᠥᠬᠦ ᠬᠤᠰᠢᠭᠤᠨ ᠤ ᠡᠯ᠎ᠡ ᠰᠤᠮᠤ  ᠪᠠᠯᠭᠠᠰᠣ ᠲᠠᠷᠠᠴᠢᠯᠠᠨ ᠵᠡᠭᠦᠨ ᠦᠵᠦᠮᠦᠴᠢᠨ ᠬᠤᠰᠢᠭᠤ᠂ ᠤᠯᠠᠭᠠᠢ ᠵᠢᠴᠢ ᠠᠷᠤ ᠬᠤᠷᠴᠢᠨ᠂ ᠬᠡᠰᠢᠭᠳᠡᠨ ᠵᠡᠷᠭᠡ ᠬᠤᠰᠢᠭᠤ ᠰᠢᠶᠠᠨ ᠤ ᠮᠠᠯᠴᠢᠳ ᠤᠨ ᠢᠳᠠᠬᠡᠯ ᠭᠦᠷᠢᠶᠠᠯᠠᠯ ᠢ ᠤᠯᠵᠦ ᠶᠠᠪᠤᠨ᠎ᠠ᠃     ᠴᠡᠩᠭᠡᠯᠪᠠᠶᠠᠷ ᠮᠠᠯᠴᠢᠨ ᠲᠦᠮᠡᠨ ᠳᠤ ᠲᠥᠬᠦᠮ ᠦᠵᠡᠭᠦᠯᠬᠦ ᠶᠢᠨ ᠲᠥᠯᠥᠭᠡ᠂ ᠸᠢᠴᠠᠲ ᠤᠨ ᠬᠤᠯᠪᠤᠭ᠎ᠠ ᠪᠠᠶᠢᠭᠤᠯᠤᠨ᠂ ᠮᠠᠯᠴᠢᠳ ᠲᠤ ᠮᠠᠯ ᠤᠨ ᠬᠢᠵᠢᠭ ᠬᠡᠮ ᠢ ᠰᠠᠷᠬᠡᠶᠢᠯᠠᠨ ᠬᠤᠷᠢᠭᠯᠠᠬᠤ ᠰᠠᠨᠠᠯ ᠰᠠᠨᠠᠭᠤᠯᠤᠮᠵᠢ ᠦᠭᠭᠦ ᠶᠢᠨ ᠲᠠᠭᠠᠤ  ᠸᠢᠴᠠᠲ ᠢᠶᠠᠷ ᠡᠪᠡᠳᠴᠢᠯᠡᠭᠰᠠᠨ ᠮᠠᠯ ᠤᠨ ᠬᠡᠷᠡᠯ ᠵᠢᠷᠤᠭ ᠪᠠ ᠳᠦᠷᠰᠦ ᠰᠢᠩᠭᠡᠭᠡᠯᠲᠡ ᠶᠢ  ᠦᠵᠡᠵᠦ᠂ ᠡᠮᠴᠢᠯᠠᠨ ᠵᠠᠰᠠᠬᠤ  ᠠᠷᠭ᠎ᠠ ᠵᠢᠴᠢ ᠬᠡᠷᠡᠭᠯᠠᠬᠦ ᠡᠮ ᠵᠡᠷᠬᠡ ᠳᠤ ᠨᠢ ᠲᠠᠶᠢᠯᠪᠤᠷᠢᠯᠠᠯᠳᠠ ᠬᠢᠵᠦ᠂ ᠮᠠᠯᠴᠢᠳ ᠤᠨ ᠮᠠᠯ ᠢᠶᠠᠨ ᠴᠠᠭ ᠲᠤᠬᠠᠢ ᠳᠤ ᠨᠢ ᠡᠮᠴᠢᠯᠠᠨ ᠵᠠᠰᠠᠵᠦ ᠂ ᠬᠤᠬᠢᠷᠠᠯ ᠢᠶᠠᠨ ᠪᠠᠭᠠᠰᠬᠠᠬᠤ ᠳᠤ ᠨᠢ ᠲᠤᠰᠠ ᠪᠤᠯᠤᠨ᠎ᠠ᠃     ᠴᠠᠩᠬᠡᠯᠪᠠᠶᠠᠷ ᠦᠬᠡᠷ ᠬᠤᠨᠢᠨ ᠤ ᠡᠪᠡᠳᠴᠢᠨ ᠬᠢᠵᠢᠭ ᠢ ᠡᠮᠨᠡᠨ ᠵᠠᠰᠠᠬᠤ ᠳᠠᠭᠠᠨ ᠴᠢᠳᠠᠮᠠᠭᠠᠢ ᠮᠦᠷᠳᠠᠬᠡᠨ ᠠᠳᠣᠭᠤᠨ ᠤ ᠡᠪᠡᠳᠴᠢᠨ ᠬᠢᠵᠢᠭ ᠤᠨᠤᠰᠢᠯᠠᠨ᠂ ᠮᠠᠰᠠ ᠵᠠᠰᠠᠯ ᠬᠢᠬᠦ ᠳᠡᠭᠡᠨ ᠰᠠᠶᠢᠨ ᠪᠠᠶᠢᠳᠠᠭ ᠪᠤᠯᠬᠤᠷ ᠬᠦᠮᠦᠰ ᠲᠠᠬᠦᠨ ᠢ ︽ᠮᠤᠷᠢᠨ ᠤ ᠲᠤᠰᠬᠠᠢ ᠮᠠᠷᠬᠡᠵᠢᠯᠳᠠᠨ︾ ᠬᠡᠳᠡᠭ᠃     ᠴᠡᠩᠬᠡᠯᠪᠠᠶᠠᠷ ᠲᠠᠢ ᠠᠳᠠᠯᠢᠬᠠᠨ ᠤᠯᠠᠨ ᠮᠠᠯ ᠤᠨ ᠡᠮᠴᠢ ᠨᠠᠷ ᠮᠠᠯᠴᠢᠨ ᠲᠦᠮᠡᠨ ᠤ ᠳᠡᠷᠭᠡᠳᠡ ᠠᠳᠠᠯ ᠦᠢᠯᠠᠰ ᠢᠶᠠᠨ ᠪᠤᠰᠬᠠᠨ᠂ ᠤᠷᠤᠨ ᠨᠤᠳᠤᠭ ᠤᠨ ᠢᠶᠠᠨ ᠮᠠᠯ ᠠᠵᠤ ᠠᠬᠤᠢ ᠶᠢᠨ ᠡᠷᠡᠬᠦᠯ ᠭᠦᠭᠵᠢᠯᠳᠠ ᠳᠤ ᠦᠪᠡᠷ ᠤᠨ ᠬᠡᠰᠡᠨ ᠮᠠᠳᠠᠯᠬᠡ ᠴᠢᠳᠠᠪᠤᠷᠢ᠂ ᠬᠦᠴᠦᠨ ᠵᠢᠳᠬᠦᠯ ᠢᠶᠠᠨ ᠡᠷᠭᠦᠵᠦ᠂ ᠮᠠᠯᠴᠢᠨ ᠲᠦᠮᠠᠨ ᠤ ᠠᠮᠢᠳᠣᠷᠠᠯ ᠤᠨ ᠴᠢᠨᠡᠬᠡᠯᠢᠭᠵᠢᠯ  ᠵᠢᠴᠢ ᠭᠦᠳᠡᠭᠡ ᠲᠤᠰᠬᠤᠨ ᠢ ᠭᠦᠭᠵᠢᠬᠦᠯᠦᠨ ᠮᠠᠨᠳᠣᠭᠤᠯᠬᠤ ᠳᠤ ᠦᠪᠡᠷ ᠤᠨ ᠬᠡᠰᠡᠨ ᠬᠤᠪᠢ ᠨᠠᠮᠠᠷᠢ ᠪᠠᠨ ᠦᠵᠡᠬᠦᠯᠬᠦ ᠪᠠᠷ ᠡᠷᠡᠮᠠᠬᠡᠶᠢᠯᠠᠨ ᠴᠢᠷᠮᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号