ᠠᠷᠠᠳ ᠤᠨ ᠲᠦᠯᠦᠭᠡᠯᠡᠭᠴᠢ ᠶᠢᠨ ᠦᠢᠯᠡᠰ ᠬᠦᠭᠡᠭᠡᠴᠡᠯᠳᠦᠯ
ᠨᠡᠶᠢᠲᠡᠯᠡᠭᠰᠡᠨ ᠴᠠᠭ᠄
2024/1/15
              ᠴᠢᠩᠪᠠᠳᠤ ᠪᠤᠯ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠬᠤᠶᠠᠷ᠂ ᠠᠷᠪᠠᠨ ᠭᠤᠷᠪᠠ᠂ ᠠᠷᠪᠠᠨ ᠲᠦᠷᠪᠡ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠰᠤᠩᠭᠤᠭᠳᠠᠨ ᠠᠵᠢᠯᠯᠠᠵᠦ ᠶᠠᠪᠤᠭᠰᠠᠨ ᠦᠨᠳᠦᠰᠦᠨ ᠱᠠᠳᠤᠨ ᠤ ᠠᠷᠠᠳ ᠤᠨ ᠲᠦᠯᠦᠭᠡᠯᠡᠭᠴᠢ ᠶᠤᠮ᠃ ᠲᠡᠭᠦᠨ ᠤ ᠠᠷᠠᠳ ᠤᠨ ᠲᠦᠯᠦᠭᠡᠯᠡᠭᠴᠢ ᠶᠢᠨ ᠦᠢᠯᠡᠰ ᠲᠤ ᠵᠢᠳᠬᠦᠵᠦ ᠶᠠᠪᠤᠭᠰᠠᠨ ᠬᠤᠷᠢᠨ ᠵᠢᠯ ᠨᠢ ᠦᠵᠦᠮᠦᠴᠢᠨ ᠨᠤᠳᠤᠭ ᠤᠨ ᠦᠭᠡᠷᠡᠴᠢᠯᠡᠯᠳᠡ ᠬᠦᠭᠵᠢᠯᠳᠡ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠲᠡᠷᠡᠪᠡᠷ ᠠᠷᠠᠳ ᠤᠨ ᠪᠠᠶᠢᠳᠠᠯ᠂ ᠨᠡᠶᠢᠭᠡᠮ ᠤᠨ ᠬᠠᠯᠠᠮᠰᠢᠯ ᠠᠰᠠᠭᠤᠳᠠᠯ ᠢ ᠠᠩᠬᠠᠷᠤᠨ ᠤᠶᠢᠯᠠᠭᠠᠵᠦ᠂ ᠠᠷᠠᠳ ᠤᠯᠠᠨ ᠤ ᠪᠠᠨ ᠬᠦᠰᠡᠯ ᠡᠷᠡᠮᠡᠯᠵᠡᠯ ᠢ ᠲᠤᠰᠬᠠᠨ ᠡᠭᠦᠷᠭᠡ ᠬᠠᠷᠢᠭᠤᠴᠠᠯᠭ᠎ᠠ ᠪᠠᠨ ᠬᠢᠯᠠᠯᠵᠠᠳᠠᠯ᠎ᠠ  ᠪᠡᠶᠡᠯᠡᠭᠦᠯᠵᠦ᠂ ᠮᠠᠯᠴᠢᠳ ᠤᠨ ᠠᠮᠢᠳᠤᠷᠠᠯ᠂ ᠮᠠᠯ ᠠᠵᠤ ᠠᠬᠤᠢ ᠶᠢᠨ ᠬᠦᠭᠵᠢᠯᠳᠡ᠂ ᠮᠠᠯᠵᠢᠬᠤ ᠤᠷᠤᠨ ᠤ ᠤᠳᠤᠬᠢᠴᠢᠯᠠᠯᠳᠠ ᠳᠤ ᠬᠦᠴᠦᠨ ᠵᠢᠳᠬᠦᠯ ᠢᠶᠠᠨ ᠦᠵᠡᠭᠦᠯᠵᠦ ᠶᠠᠪᠤᠭᠰᠠᠨ ᠪᠠᠶᠢᠨ᠎ᠠ᠃     ᠴᠢᠩᠪᠠᠳᠤ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤᠨ ᠤ ᠲᠦᠷᠪᠡᠯᠵᠢ ᠭᠠᠴᠠᠭᠠᠨ ᠳᠤ ᠲᠦᠷᠦᠵᠦ᠂ ᠬᠦᠳᠡᠭᠡ ᠨᠤᠳᠤᠭ ᠲᠠᠭᠠᠨ ᠮᠠᠯᠵᠢᠬᠤ ᠦᠢᠯᠡᠳᠪᠦᠷᠢᠯᠡᠯ ᠳᠤ ᠤᠷᠤᠯᠴᠠᠵᠦ ᠶᠠᠪᠤᠭᠰᠠᠨ ᠪᠦᠭᠡᠳ 1990 ᠤᠨ ᠠᠴᠠ ᠭᠠᠴᠠᠭᠠᠨ ᠤ ᠡᠭᠦᠷ ᠵᠦᠪᠯᠡᠯ ᠳᠤ ᠡᠯᠰᠡᠭᠳᠡᠵᠦ ᠦᠨᠳᠦᠰᠦᠨ ᠱᠠᠳᠤᠨ ᠤ ᠠᠵᠢᠯ ᠳᠤ ᠴᠠᠭᠠᠷᠠᠨ ᠪᠤᠯᠪᠠᠰᠤᠷᠠᠵᠦ ᠶᠠᠪᠤᠵᠠᠢ᠃ ᠡᠶᠢᠨᠬᠦ ᠡᠯᠪᠡᠭ ᠪᠠᠶᠠᠯᠢᠭ ᠠᠵᠢᠯ ᠠᠮᠢᠳᠤᠷᠠᠯ ᠤᠨ ᠦᠩᠭᠡᠷᠡᠯᠳᠡ ᠲᠤᠷᠰᠢᠯᠭ᠎ᠠ ᠲᠠᠢ ᠪᠤᠯᠤᠭᠰᠠᠨ ᠲᠡᠷᠡ ᠪᠠᠷ 2002 ᠤᠨ ᠳᠤ ᠭᠤᠴᠢᠨ ᠬᠤᠶᠠᠷ ᠨᠠᠰᠤᠳᠠᠢ ᠳᠠᠭᠠᠨ ᠠᠷᠠᠳ ᠤᠯᠠᠨ ᠤ ᠪᠠᠨ ᠢᠳᠡᠬᠡᠯ ᠨᠠᠶᠢᠳᠠᠯᠭ᠎ᠠ ᠶᠢ ᠬᠦᠯᠢᠶᠡᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠰᠤᠩᠭᠤᠭᠳᠠᠪᠠ᠃ ᠠᠷᠠᠳ ᠤᠨ ᠲᠦᠯᠦᠭᠡᠯᠡᠭᠴᠢ ᠶᠢᠨ ᠠᠩᠬᠠᠨ ᠤ ᠵᠢᠯ ᠳᠤ ᠠᠵᠢᠯ ᠤᠨ ᠲᠤᠷᠰᠢᠯᠭ᠎ᠠ ᠲᠤᠳᠠᠮᠠᠭ ᠪᠠᠶᠢᠭᠰᠠᠨ ᠴᠦ ᠬᠢᠵᠦ ᠪᠦᠳᠦᠭᠡᠭᠦ ᠶᠢ ᠵᠤᠷᠢᠭᠰᠠᠨ ᠬᠦᠰᠡᠯ ᠮᠦᠷᠦᠭᠡᠳᠦᠯ ᠳᠡᠭᠡᠨ ᠬᠦᠳᠦᠯᠦᠭᠳᠡᠨ ᠠᠬᠠᠮᠠᠳ ᠨᠦᠬᠦᠳ ᠤᠨ ᠢᠶᠠᠨ ᠵᠢᠯᠤᠭᠤᠳᠤᠯᠭ᠎ᠠ ᠪᠠᠷ ᠠᠶᠢᠯ ᠡᠷᠦᠭᠡ ᠪᠠᠷ ᠲᠤᠭᠤᠷᠢᠵᠦ᠂ ᠠᠷᠠᠳ ᠤᠨ ᠰᠠᠨᠠᠯ ᠬᠦᠰᠡᠯᠳᠡ ᠶᠢ ᠲᠡᠮᠳᠡᠭᠯᠡᠨ ᠪᠦᠷᠢᠳᠬᠡᠵᠦ ᠶᠠᠪᠤᠪᠠ᠃ ᠲᠤᠬᠠᠢ ᠶᠢᠨ ᠦᠶ᠎ᠡ ᠳᠤ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠬᠤᠯᠠ ᠪᠠᠶᠢᠷᠢᠨ ᠳᠤ ᠲᠠᠯᠪᠢᠵᠦ ᠮᠠᠯᠵᠢᠬᠤ ᠤᠷᠤᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠡᠬᠢᠯᠡᠨ ᠶᠠᠪᠤᠠᠠᠳᠠᠵᠦ ᠪᠠᠶᠢᠯ᠎ᠠ᠃ ᠴᠢᠩᠪᠠᠳᠤ ᠮᠠᠯᠴᠢᠳ ᠤᠨ ᠰᠠᠨᠠᠯ ᠢ ᠦᠨᠳᠦᠰᠦᠯᠡᠨ ᠲᠤᠬᠠᠢ ᠶᠢᠨ ᠵᠢᠯ ᠡᠨᠡᠬᠦ ᠠᠵᠢᠯ ᠢ ᠬᠡᠷᠬᠢᠨ ᠮᠠᠯᠵᠢᠬᠤ ᠦᠢᠯᠡᠳᠪᠦᠷᠢᠯᠡᠯ ᠤᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠶᠠᠪᠤᠭᠳᠠᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠲᠡᠪᠰᠢᠭᠦᠯᠦᠭᠰᠡᠨ ᠪᠠᠶᠢᠨ᠎ᠠ᠃ ︽ᠡᠨᠡ ᠪᠤᠯ ᠮᠢᠨᠤ ᠬᠠᠮᠤᠭ ᠠᠩᠬ᠎ᠠ ᠲᠤᠷᠠᠳᠤᠭᠰᠠᠨ ᠰᠠᠨᠠᠯ ᠵᠦᠪᠯᠡᠯᠭᠡ ᠶᠤᠮ᠃ ᠠᠷᠠᠳ ᠤᠨ ᠲᠦᠯᠦᠭᠡᠯᠡᠭᠴᠢ ᠶᠢᠨ ᠡᠨᠡ ᠰᠠᠶᠢᠬᠠᠨ ᠠᠵᠢᠯ ᠡᠭᠦᠷᠭᠡ ᠪᠠᠨ ᠢᠩᠭᠢᠵᠦ ᠡᠬᠢᠯᠡᠭᠦᠯᠵᠦ ᠪᠠᠶᠢᠯ᠎ᠠ︾ ᠬᠡᠮᠡᠨ ᠴᠢᠩᠪᠠᠳᠤ ᠲᠤᠷᠠᠳᠬᠠᠨ ᠶᠠᠷᠢᠯ᠎ᠠ᠃     ᠬᠤᠷᠢᠨ ᠵᠢᠯ ᠤᠨ ᠠᠷᠠᠳ ᠤᠨ ᠲᠦᠯᠦᠭᠡᠯᠡᠭᠴᠢ ᠶᠢᠨ ᠠᠵᠢᠯ ᠡᠭᠦᠷᠭᠡ ᠶᠢ ᠡᠭᠦᠷᠭᠡᠯᠡᠭᠰᠡᠨ ᠲᠡᠭᠦᠨ ᠳᠤ ᠲᠠᠭᠤᠰᠤᠰᠢ ᠦᠭᠡᠢ ᠲᠤᠷᠠᠳᠬᠠᠯ᠂ ᠲᠠᠰᠤᠷᠠᠰᠢ ᠦᠭᠡᠢ ᠦᠯᠢᠭᠡᠷ ᠬᠦᠪᠦᠷᠡᠨ᠎ᠡ᠃ ᠴᠢᠩᠪᠠᠳᠤ ᠠᠷᠠᠳ ᠤᠯᠠᠨ ᠤ ᠪᠠᠨ ᠰᠠᠨᠠᠯ ᠬᠦᠰᠡᠯᠳᠡ ᠶᠢ ᠨᠠᠮ ᠵᠠᠰᠠᠭ ᠲᠠᠭᠠᠨ ᠲᠤᠰᠬᠠᠬᠤ ᠬᠦᠭᠦᠷᠭᠡ ᠬᠤᠯᠪᠤᠭᠠᠰᠤ ᠶᠢᠨ ᠬᠠᠷᠢᠭᠤᠴᠠᠯᠭ᠎ᠠ ᠪᠠᠨ ᠭᠦᠨ᠎ᠡ ᠤᠬᠠᠮᠰᠠᠷᠯᠠᠨ ᠤᠷᠢᠳ ᠬᠤᠵᠢᠳ ᠬᠦᠳᠡᠭᠡ ᠨᠤᠳᠤᠭ ᠲᠤ ᠪᠠᠶᠢᠩᠭᠤ ᠶᠢᠨ ᠴᠠᠬᠢᠯᠭᠠᠨ᠂ ᠵᠠᠰᠠᠮᠠᠯ ᠵᠠᠮ᠂ ᠰᠦᠯᠵᠢᠶ᠎ᠡ ᠬᠤᠯᠪᠤᠭ᠎ᠠ ᠶᠢᠨ ᠪᠠᠶᠢᠭᠤᠯᠤᠯᠳᠠ  ᠶᠢ ᠴᠢᠩᠭᠠᠳᠬᠠᠬᠤ᠂ ᠬᠤᠷᠰᠢᠭᠰᠠᠨ ᠡᠷᠴᠢᠮᠵᠢᠭᠰᠡᠨ ᠮᠠᠯᠵᠢᠬᠤ ᠦᠢᠯᠡᠳᠪᠦᠷᠢᠯᠡᠯ ᠡᠷᠬᠢᠯᠡᠬᠦ᠂ ᠠᠮᠤᠷ ᠲᠦᠪᠰᠢᠨ ᠤᠰᠤ ᠤᠮᠳᠠ ᠶᠢᠨ ᠬᠠᠩᠭᠠᠯᠭ᠎ᠠ ᠶᠢ ᠪᠠᠳᠤᠯᠠᠬᠤ ᠂ ᠮᠠᠯ ᠤᠨ ᠡᠭᠦᠯᠳᠡᠷ ᠤᠠᠠᠰᠠᠭ᠎ᠠ ᠶᠢ ᠰᠠᠶᠢᠵᠢᠷᠠᠭᠤᠯᠬᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠵᠡᠷᠭᠡ ᠰᠠᠨᠠᠯ ᠰᠠᠨᠠᠭᠤᠯᠭ᠎ᠠ ᠶᠢ ᠵᠢᠯ ᠲᠠᠷᠠᠭᠠᠯᠠᠨ ᠲᠤᠰᠬᠠᠵᠦ ᠶᠠᠪᠤᠭᠰᠠᠨ ᠪᠠᠶᠢᠨ᠎ᠠ᠃     ᠰᠢᠨ᠎ᠡ ᠵᠠᠭᠤᠨ ᠳᠤ ᠤᠷᠤᠭᠰᠠᠨ ᠠᠴᠠ ᠬᠤᠶᠢᠰᠢ ᠮᠠᠯᠵᠢᠬᠤ ᠤᠷᠤᠨ ᠳᠤ ᠴᠠᠬᠢᠯᠭᠠᠨ ᠲᠦᠭᠡᠮᠡᠯᠵᠢᠬᠦᠯᠬᠦ ᠠᠵᠢᠯ ᠡᠷᠴᠢᠮᠳᠡᠢ ᠶᠠᠪᠤᠠᠠᠳᠠᠵᠦ᠂ ᠲᠤᠰ ᠭᠠᠴᠠᠭᠠᠨ ᠤ ᠮᠠᠯᠵᠢᠬᠤ ᠡᠷᠦᠬᠡ ᠳᠤ 2012 ᠤᠨ᠂ 2015 ᠤᠨ ᠤᠳ ᠲᠤ ᠪᠦᠯᠦᠭ ᠬᠤᠪᠢᠶᠠᠨ ᠴᠠᠬᠢᠯᠭᠠᠨ ᠤᠷᠤᠭᠤᠯᠵᠤ᠂ ᠲᠦᠷᠪᠡᠯᠵᠢ ᠭᠠᠴᠠᠭ᠎ᠠ ᠪᠠᠷ ᠭᠤᠤᠯ ᠴᠤᠭᠴᠠ ᠪᠤᠯᠭᠠᠭᠰᠠᠨ ᠭᠤᠷᠪᠠᠨ ᠵᠤᠷᠪᠤᠰ ᠵᠠᠰᠠᠮᠠᠯ ᠵᠠᠮ ᠮᠠᠯᠵᠢᠬᠤ ᠤᠷᠤᠨ ᠳᠤ ᠵᠠᠰᠬᠠᠳᠠᠵᠦ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠰᠠᠶᠢᠵᠢᠷᠠᠪᠠ᠃ ᠲᠡᠭᠦᠨ ᠤ ᠲᠤᠷᠠᠳᠤᠭᠰᠠᠨ ︽ᠦᠵᠦᠮᠦᠴᠢᠨ ᠬᠤᠨᠢᠨ ᠤ ᠰᠠᠭᠤᠷᠢ ᠡᠬᠡ ᠮᠠᠯ ᠢ ᠬᠠᠮᠠᠭᠠᠯᠠᠨ ᠦᠰᠬᠡᠬᠦ︾ ᠰᠠᠨᠠᠯ ᠰᠠᠨᠠᠭᠤᠯᠭ᠎ᠠ  ᠨᠢ ᠨᠤᠳᠤᠭ ᠤᠨ ᠡᠷᠳᠡᠨᠢ ᠦᠵᠦᠮᠦᠴᠢᠨ ᠬᠤᠨᠢ ᠪᠠᠨ ᠬᠠᠮᠠᠭᠠᠯᠠᠨ ᠦᠰᠬᠡᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠭᠰᠠᠨ ᠲᠡᠳᠦᠢ ᠦᠭᠡᠢ᠂ ᠤᠷᠤᠨ ᠨᠤᠳᠤᠭ ᠤᠨ ᠡᠭᠦᠯᠳᠡᠷ ᠤᠨ ᠮᠠᠯ ᠢᠶᠠᠨ ᠬᠠᠮᠠᠭᠠᠯᠠᠨ ᠦᠰᠬᠡᠬᠦ ᠴᠢᠬᠤᠯᠠ ᠰᠠᠨᠠᠭᠤᠯᠤᠮᠵᠢ ᠪᠤᠯᠵᠤ ᠪᠠᠶᠢᠵᠠᠢ᠃ ᠮᠠᠰᠢ ᠤᠯᠠᠨ ᠠᠷᠠᠳ ᠲᠤ ᠠᠰᠢᠠᠠᠳᠠᠢ᠂ ᠠᠷᠠᠳ ᠤᠨ ᠠᠮᠢᠳᠤᠷᠠᠯ᠂ ᠮᠠᠯ ᠠᠵᠤ ᠠᠬᠤᠢ ᠶᠢᠨ ᠬᠦᠭᠵᠢᠯᠳᠡ  ᠳᠤ ᠬᠤᠯᠪᠤᠭᠳᠠᠭᠰᠠᠨ ᠰᠠᠨᠠᠯ ᠰᠠᠨᠠᠭᠤᠯᠭ᠎ᠠ ᠤᠳ ᠪᠤᠳᠠᠳᠤ ᠪᠡᠶᠡᠯᠡᠯ ᠢᠶᠠᠨ ᠤᠯᠵᠤ᠂ ᠰᠢᠨ᠎ᠡ ᠮᠠᠯᠵᠢᠬᠤ ᠤᠷᠤᠨ ᠳᠤ ᠬᠦᠭᠵᠢᠯᠳᠡ ᠲᠠᠪᠰᠢᠯᠳᠠ ᠶᠢᠨ ᠠᠤᠭ᠎ᠠ ᠦᠢᠯᠡᠰ ᠬᠦᠪᠦᠷᠡᠭᠰᠡᠭᠡᠷ ᠪᠠᠶᠢᠨ᠎ᠠ᠃ ᠡᠨᠡ ᠪᠦᠬᠦᠨ ᠤ ᠠᠷᠤ ᠳᠤ ᠦᠨᠳᠦᠰᠦᠨ ᠱᠠᠳᠤᠨ ᠤ ᠠᠷᠠᠳ ᠤᠨ ᠲᠦᠯᠦᠭᠡᠯᠡᠭᠴᠢᠳ ᠤᠨ ᠬᠦᠳᠡᠯᠮᠦᠷᠢ ᠬᠦᠭᠡᠭᠡᠴᠡᠯᠳᠦᠯ ᠠᠭᠤᠰᠤᠨ ᠰᠢᠩᠭᠡᠭᠡ ᠪᠢᠯᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号