ᠮᠠᠯᠴᠢᠳ ᠮᠣᠷᠢᠲᠠᠨ ᠭᠠᠯ ᠤᠨᠲᠠᠷᠠᠭᠠᠭᠴᠢ ᠶᠢᠨ ᠡᠩᠨᠡᠭᠡᠨ ᠳᠤ ᠭᠠᠪᠰᠢᠭᠠᠶᠢᠯᠠᠵᠤ ᠲᠠᠯ᠎ᠠ ᠨᠤᠲᠤᠭ ᠭᠡᠷ ᠣᠷᠣᠨ   ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/1/2
                                                 ᠮᠥᠰᠦ ᠴᠠᠰᠤᠨ ᠳᠤ ᠬᠤᠴᠢᠭᠳᠠᠭᠰᠠᠨ ᠲᠠᠯ᠎ᠠ ᠨᠤᠲᠤᠭ ᠲᠤ ᠬᠦᠢᠲᠡᠨ ᠤ ᠡᠷᠴᠢ ᠴᠢᠩᠭ᠎ᠠ ᠪᠠᠶᠢᠭ᠎ᠠ ᠨᠢ ᠬᠠᠷᠠᠬᠤ ᠠᠴᠠ ᠢᠯᠡᠬᠡᠨ᠃ ᠣᠶᠤᠨᠪᠢᠯᠢᠭ᠌ ᠪᠣᠯᠣᠨ ᠤᠷᠳᠤᠨᠠᠰᠲᠤ ᠵᠣᠷᠰᠢᠯ ᠶᠣᠰᠣᠭᠠᠷ ᠢᠶᠠᠨ ᠮᠠᠯ ᠬᠠᠷᠢᠭᠤᠯᠬᠤ ᠶᠢᠨ ᠵᠠᠪ ᠴᠢᠯᠦᠭᠡ ᠪᠠᠷ ᠢᠶᠠᠨ ᠪᠠᠰᠠ ᠲᠣᠭᠤᠷᠢᠨ ᠴᠠᠭᠳᠠᠨ᠎ᠠ᠃ ᠲᠡᠳᠡ  ᠪᠣᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠪᠠᠶ᠋ᠬᠠᠣᠪᠣᠭᠠᠲᠤ ᠭᠠᠴᠠᠭᠠᠨ ᠤ ᠮᠠᠯᠴᠢᠨ ᠪᠥᠭᠡᠳ ᠭᠠᠴᠠᠭᠠᠨ ᠤ ᠪᠠᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠪᠣᠯᠣᠨ᠎ᠠ᠃     ᠣᠶᠢᠷ᠎ᠠ ᠶᠢᠨ ᠡᠳᠦᠷ᠂ ᠲᠠᠯ᠎ᠠ ᠨᠤᠲᠤᠭ ᠲᠤ - 30℃ ᠢ ᠳᠠᠪᠠᠭᠰᠠᠨ ᠶᠡᠭᠡ ᠬᠦᠢᠲᠡᠨ  ᠲᠣᠬᠢᠶᠠᠯᠳᠤᠭᠰᠠᠨ ᠪᠠᠶᠢᠯ᠎ᠠ᠃ ᠤᠷᠳᠤᠨᠠᠰᠲᠤ  5 ᠠᠴᠠ 7 ᠡᠳᠦᠷ ᠲᠤ ᠨᠢᠭᠡ ᠤᠳᠠᠭ᠎ᠠ ᠬᠡᠭᠡᠷ᠎ᠡ ᠭᠠᠳᠠᠨ᠎ᠠ ᠭᠠᠷᠴᠤ ᠲᠣᠭᠤᠷᠢᠨ ᠴᠠᠭᠳᠠᠳᠠᠭ᠃ ᠲᠡᠭᠦᠨ ᠤ ᠳᠤᠭᠤᠶᠢᠯᠠᠩ ᠤᠨ ᠬᠠᠮᠢᠶᠠᠷᠤᠯᠲᠠ ᠶᠢᠨ ᠬᠡᠪᠴᠢᠶᠡᠨ ᠳᠤ 10 ᠲᠦᠮᠡᠨ ᠮᠦ ᠨᠤᠲᠤᠭ ᠪᠡᠯᠴᠢᠭᠡᠷ ᠲᠠᠢ ᠪᠠᠶᠢᠵᠤ᠂ ᠤᠳᠠᠭ᠎ᠠ ᠪᠦᠷᠢ ᠴᠠᠭᠳᠠᠨ ᠪᠠᠶᠢᠴᠠᠭᠠᠬᠤ ᠳᠤ ᠬᠠᠮᠤᠭ ᠪᠠᠭ᠎ᠠ ᠳᠠᠭᠠᠨ 15 ᠺᠢᠯᠣᠮᠧᠲᠷ ᠬᠤᠯᠠ ᠶᠠᠪᠤᠵᠤ᠂ ᠪᠠᠷᠤᠭ ᠨᠢᠭᠡ ᠴᠠᠭ ᠬᠡᠷᠡᠭᠰᠡᠳᠡᠭ᠃     ᠣᠶᠤᠨᠪᠢᠯᠢᠭ᠌ ᠲᠠᠨᠢᠯᠴᠠᠭᠤᠯᠬᠤ ᠳᠠᠭᠠᠨ᠂ ᠡᠪᠦᠯ ᠪᠣᠯᠬᠤ ᠳᠤ ᠮᠠᠯᠵᠢᠬᠤ ᠣᠷᠣᠨ ᠤ ᠭᠠᠯ ᠤᠨ ᠭᠠᠮᠰᠢᠭ ᠤᠨ ᠲᠦᠭᠰᠢᠭᠦᠷᠢ ᠢᠯᠡᠳᠲᠡ ᠪᠠᠭᠤᠷᠠᠳᠠᠭ ᠪᠣᠯᠪᠠᠴᠤ ᠮᠠᠯᠴᠢᠨ ᠠᠶᠢᠯ ᠪᠣᠯᠭᠠᠨ ᠶᠡᠭᠡ ᠬᠡᠮᠵᠢᠶᠡᠨ ᠤ ᠬᠥᠬᠡ ᠡᠪᠡᠰᠦ ᠨᠥᠭᠡᠴᠡᠯᠡᠵᠦ ᠪᠠᠶᠢᠳᠠᠭ᠂ ᠡᠭᠦᠨ ᠤ ᠳᠡᠭᠡᠷ᠎ᠡ ᠴᠠᠬᠢᠯᠭᠠᠨ ᠤᠲᠠᠰᠤ ᠢ ᠳᠦᠷᠢᠮᠵᠢᠭᠦᠨ ᠪᠣᠰᠤ ᠪᠠᠷ ᠬᠡᠷᠡᠭᠯᠡᠬᠦ ᠵᠡᠷᠭᠡ ᠨᠢ ᠪᠠᠰᠠ ᠠᠮᠤᠷ ᠲᠦᠪᠰᠢᠨ ᠤ ᠳᠠᠯᠳᠠ ᠬᠡᠮ  ᠪᠣᠯᠵᠤ ᠪᠠᠶᠢᠳᠠᠭ ᠲᠤᠯᠠ ᠪᠣᠯᠭᠤᠮᠵᠢᠯᠠᠬᠤ ᠦᠭᠡᠢ ᠪᠣᠯᠬᠤ ᠦᠭᠡᠢ ᠭᠡᠵᠦ ᠪᠠᠶᠢᠯ᠎ᠠ᠃ ︽ᠣᠶᠢᠷ᠎ᠠ ᠳᠤ ᠬᠡᠳᠦ ᠤᠳᠠᠭ᠎ᠠ ᠶᠡᠭᠡ ᠴᠠᠰᠤ ᠣᠷᠣᠵᠤ᠂ ᠵᠠᠮ ᠨᠡᠪᠲᠡᠷᠡᠯᠭᠡ ᠳᠦᠭᠦᠮ ᠦᠭᠡᠢ ᠪᠣᠯᠵᠤ᠂ ᠲᠡᠷᠭᠡ ᠤᠨᠤᠭ᠎ᠠ‌ᠬᠠᠰᠢᠭᠳᠠᠬᠤ ᠪᠠᠶᠢᠳᠠᠯ ᠣᠯᠠᠨ ᠭᠠᠷᠴᠤ ᠪᠠᠶᠢᠨ᠎ᠠ᠂ ᠡᠶᠢᠮᠦ ᠠᠴᠠ ᠡᠷᠬᠡᠪᠰᠢ ᠴᠠᠭ ᠢᠮᠠᠭᠲᠠ ᠪᠡᠯᠡᠳᠬᠡᠯ ᠲᠠᠢ ᠪᠠᠶᠢᠬᠤ ᠬᠡᠷᠡᠭᠲᠡᠢ᠃ ᠡᠪᠦᠯ ᠠᠴᠠ ᠨᠠᠰᠢ᠂ ᠮᠠᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠭᠡᠰᠢᠭᠦᠳ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠣᠯᠣᠨ ᠵᠠᠮ ᠤᠨ ᠪᠠᠶᠢᠳᠠᠯ ᠢ ᠡᠳᠦᠷ ᠪᠦᠷᠢ ᠭᠠᠴᠠᠭᠠᠨ ᠤ ᠪᠠᠨ ᠸᠢᠴᠠᠲ ᠬᠤᠯᠪᠣᠭᠠᠨ ᠳᠤ ᠳᠠᠮᠵᠢᠭᠤᠯᠬᠤ ᠶᠢᠨ ᠬᠠᠮᠲᠤ ᠮᠠᠯᠴᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠤᠯᠠᠨ ᠤᠳᠠᠭ᠎ᠠ ᠴᠠᠰᠤ ᠠᠷᠢᠯᠭᠠᠨ᠂ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠠᠢ︾ ᠭᠡᠵᠦ ᠤᠷᠲᠤᠨᠠᠰᠤᠲᠤ ᠶᠠᠷᠢᠯ᠎ᠠ᠃     ᠪᠠᠷᠠᠭᠤᠨ ᠦᠵᠦᠮᠦᠴᠢᠨ ᠬᠤᠰᠢᠭᠤ ᠥᠪᠥᠷ ᠮᠣᠩᠭᠤᠯ ᠤᠨ ᠰᠢᠯᠢ ᠶᠢᠨ ᠭᠤᠣᠯ ᠤᠨ ᠲᠠᠯ᠎ᠠ ᠨᠤᠲᠤᠭ ᠤᠨ ᠳᠤᠮᠳᠠ ᠬᠡᠰᠡᠭ ᠲᠤ ᠪᠠᠶᠢᠷᠢᠯᠠᠵᠤ᠂ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 9.93 ᠲᠦᠮᠡ ᠪᠠᠶᠢᠵᠤ᠂ 2 ᠲᠦᠮᠡ ᠭᠠᠷᠤᠢ ᠬᠠᠪᠲᠠᠭᠠᠢ ᠳᠥᠷᠪᠡᠯᠵᠢᠨ ᠺᠢᠯᠣᠮᠧᠲᠷ ᠨᠤᠲᠤᠭ ᠪᠡᠯᠴᠢᠭᠡᠷ ᠲᠠᠢ ᠪᠠᠶᠢᠳᠠᠭ᠃ ᠴᠡᠭ ᠤᠯᠠᠨ᠂ ᠱᠤᠭᠤᠮ ᠤᠷᠲᠤ᠂ ᠬᠡᠪᠴᠢᠶ᠎ᠡ ᠥᠷᠭᠡᠨ ᠪᠠᠶᠢᠳᠠᠭ ᠨᠢ ᠲᠠᠯ᠎ᠠ ᠨᠤᠲᠤᠭ ᠤᠨ ᠮᠠᠯᠵᠢᠬᠤ ᠣᠷᠣᠨ ᠤ ᠬᠠᠮᠤᠭ ᠤᠨ ᠲᠣᠪᠣᠶᠢᠮ᠎ᠠ ᠣᠨᠴᠠᠯᠢᠭ ᠪᠣᠯᠬᠤ ᠪᠥᠭᠡᠳ ᠮᠥᠨᠴᠦ ᠭᠠᠯ ᠤᠨᠲᠠᠷᠠᠭᠠᠬᠤ ᠠᠵᠢᠯ ᠢ ᠥᠷᠨᠢᠭᠦᠯᠬᠦ ᠳᠤ ᠲᠤᠯᠭᠠᠷᠠᠳᠠᠭ ᠬᠠᠮᠤᠭ ᠤᠨ ᠬᠦᠴᠢᠷ ᠠᠰᠠᠭᠤᠳᠠᠯ ᠪᠣᠯᠣᠨ᠎ᠠ᠃ ᠮᠠᠯᠴᠢᠳ ᠤᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠪᠣᠯ ᠲᠤᠬᠠᠢ ᠶᠢᠨ ᠭᠠᠵᠠᠷ ᠤᠨ 30 ᠭᠠᠷᠤᠢ ᠵᠢᠯ ᠤᠨ ᠬᠠᠶᠢᠨ ᠰᠦᠪᠡᠭᠴᠢᠯᠡᠯᠲᠡ ᠪᠠᠷ ᠳᠡᠮᠵᠢᠨ᠂ ᠮᠠᠯᠵᠢᠬᠤ ᠣᠷᠣᠨ ᠤ ᠣᠯᠠᠨ ᠲᠦᠮᠡᠨ ᠤ ᠲᠦᠭᠰᠢᠭᠦᠷᠢ ᠮᠡᠳᠡᠭᠦᠯᠬᠦ ᠳᠤ ᠬᠦᠴᠢᠷ᠂ ᠠᠪᠤᠷᠠᠨ ᠲᠤᠰᠠᠯᠠᠬᠤ ᠬᠦᠴᠦᠨ ᠲᠤᠬᠠᠢ ᠶᠢᠨ ᠲᠠᠯᠠᠪᠤᠷ ᠲᠤ ᠬᠦᠷᠬᠦ ᠳᠤ ᠤᠳᠠᠭᠠᠨ ᠪᠠᠶᠢᠳᠠᠭ ᠵᠡᠷᠭᠡ ᠪᠣᠳᠠᠲᠤ ᠪᠠᠶᠢᠳᠠᠯ ᠢ ᠠᠷᠭᠠᠴᠠᠬᠤ ᠶᠢᠨ ᠲᠥᠯᠥᠭᠡ ᠪᠠᠶᠢᠭᠤᠯᠤᠭᠰᠠᠨ ᠲᠠᠯ᠎ᠠ ᠨᠤᠲᠤᠭ ᠤᠨ ᠮᠠᠯᠵᠢᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠭᠠᠯ ᠤᠨᠲᠠᠷᠠᠭᠠᠬᠤ ᠵᠠᠰᠠᠯᠲᠠ ᠶᠢᠨ ᠰᠢᠨ᠎ᠡ ᠵᠠᠭᠪᠤᠷ ᠪᠣᠯᠣᠨ᠎ᠠ᠃ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠨᠢ ᠭᠠᠴᠠᠭ᠎ᠠ ᠪᠠᠷ ᠨᠢᠭᠡᠴᠡ ᠪᠣᠯᠭᠠᠵᠤ᠂ ᠮᠠᠯᠴᠢᠳ ᠢᠶᠠᠷ ᠪᠦᠷᠢᠯᠳᠦᠭᠰᠡᠨ ᠪᠠᠶᠢᠳᠠᠭ᠃ ᠦᠷᠭᠦᠯᠵᠢ ᠮᠣᠷᠢ ᠤᠨᠤᠵᠤ ᠲᠣᠭᠤᠷᠢᠨ ᠴᠠᠭᠳᠠᠳᠠᠭ ᠪᠣᠯᠬᠤᠷ ᠠᠷᠠᠳ ᠢᠷᠭᠡᠳ ᠲᠡᠳᠡᠨ ᠢ ︽ᠮᠣᠷᠢᠲᠠᠨ ᠭᠠᠯ ᠤᠨᠲᠠᠷᠠᠭᠠᠬᠤ ᠠᠩᠭᠢ︾ ᠭᠡᠵᠦ ᠳᠣᠲᠣᠨᠣᠴᠢᠯᠠᠨ ᠳᠠᠭᠤᠳᠠᠳᠠᠭ᠃     ᠡᠩ ᠤᠨ ᠴᠠᠭ ᠲᠤ᠂ ᠮᠠᠯᠴᠢᠨ ᠰᠠᠶᠢᠨ ᠳᠤᠷᠠᠴᠤᠤᠯ ᠨᠢ ᠸᠢᠴᠠᠲ ᠬᠤᠯᠪᠣᠭ᠎ᠠ ᠪᠠᠷ ᠳᠠᠮᠵᠢᠨ ᠴᠠᠭ ᠲᠤᠬᠠᠢ ᠳᠤᠨᠢ ᠨᠡᠪᠲᠡᠷᠡᠯᠴᠡᠬᠦ ᠶᠢᠨ ᠬᠠᠮᠲᠤ ᠲᠣᠭᠤᠷᠢᠨ ᠴᠠᠭᠳᠠᠬᠤ᠂ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠶᠢ ᠪᠠᠶᠢᠩᠭᠤ ᠥᠷᠨᠢᠭᠦᠯᠳᠡᠭ᠃     ︽ᠦᠨᠡᠨ ᠳᠡᠭᠡᠨ ᠡᠨᠡ ᠬᠦ ᠰᠢᠢᠳᠪᠦᠷᠢᠯᠡᠬᠦ ᠲᠥᠰᠥᠯ ᠤᠨ ᠳᠠᠪᠠᠭᠤᠯᠢᠭ ᠨᠢ ᠮᠠᠯᠴᠢᠳ ᠠᠴᠠ ᠢᠷᠡᠯᠲᠡᠢ ᠶᠤᠮ᠃ ᠲᠠᠯ᠎ᠠ ᠨᠤᠲᠤᠭ ᠲᠤ ᠶᠠᠮᠠᠷ ᠤᠴᠢᠷ ᠲᠠᠢ ᠪᠠᠶᠢᠭᠰᠠᠨ ᠴᠤ ᠣᠶᠢᠷ᠎ᠠ ᠬᠠᠪᠢ ᠶᠢᠨ ᠮᠠᠯᠴᠢᠳ ᠨᠢ ᠰᠣᠨᠣᠰᠤᠭᠰᠠᠨ ᠳᠠᠷᠤᠢ ᠢᠷᠡᠵᠦ ᠬᠠᠪᠰᠤᠷᠳᠠᠭ᠃ ᠡᠶᠢᠮᠦ ᠠᠴᠠ ᠪᠢᠳᠡ ᠦᠨᠳᠦᠰᠦᠲᠡᠨ ᠨᠦᠭᠦᠳ ᠤᠨ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠭᠠᠯ ᠤᠨᠲᠠᠷᠠᠭᠠᠬᠤ᠂ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ ᠪᠠᠶᠢᠨ᠎ᠠ︾ ᠭᠡᠵᠦ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ ᠸᠠᠩ ᠰᠧᠨ  ᠶᠠᠷᠢᠵᠤ ᠪᠠᠶᠢᠯ᠎ᠠ᠃    ᠸᠠᠩ ᠰᠧᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠮᠠᠯᠴᠢᠳ ᠲᠠᠯ᠎ᠠ ᠨᠤᠲᠤᠭ ᠲᠤ ᠲᠠᠷᠬᠠᠨ ᠰᠠᠭᠤᠷᠢᠰᠢᠵᠤ᠂ ᠬᠤᠲᠠ ᠪᠠᠯᠭᠠᠰᠤ ᠯᠤᠭ᠎ᠠ ᠶᠢᠨ ᠳᠤᠮᠳᠠᠴᠢ ᠵᠠᠢ ᠨᠢ 100 ᠭᠠᠷᠤᠢ ᠺᠢᠯᠣᠮᠧᠲᠷ  ᠪᠠᠶᠢᠵᠤ᠂ ᠪᠠᠰᠠ ᠮᠠᠯᠵᠢᠬᠤ ᠣᠷᠣᠨ ᠤ ᠴᠢᠮᠡᠭᠡ ᠬᠤᠯᠪᠣᠭ᠎ᠠ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠬᠤᠴᠤᠷᠤᠩᠭᠤᠢ ᠪᠠᠶᠢᠳᠠᠭ ᠠᠴᠠ ᠭᠠᠯ ᠲᠦᠢᠮᠡᠷ ᠤᠨ ᠠᠶᠤᠯ ᠭᠠᠷᠪᠠᠯ ᠮᠠᠯᠴᠢᠨ ᠲᠦᠮᠡᠨ ᠦᠷᠭᠦᠯᠵᠢ ᠭᠠᠷ ᠤᠲᠠᠰᠤᠨ ᠤ ᠳᠣᠬᠢᠶ᠎ᠠ ᠠᠨᠠᠢ ᠵᠡᠷᠭᠡ ᠠᠴᠠ ᠪᠣᠯᠵᠤ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠬᠦ ᠶᠢᠨ ᠠᠷᠭ᠎ᠠ ᠦᠭᠡᠢ ᠪᠠᠶᠢᠳᠠᠭ᠂ ᠭᠠᠯ ᠤᠨᠲᠠᠷᠠᠭᠠᠬᠤ ᠠᠩᠭᠢ ᠶᠢᠨ ᠬᠢᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ ᠭᠠᠯ ᠭᠠᠷᠤᠭᠰᠠᠨ ᠣᠷᠣᠨ ᠪᠠᠶᠢᠷᠢ ᠶᠢ ᠲᠣᠳᠣᠯᠠᠬᠤ ᠳᠤ ᠪᠡᠷᠬᠡ ᠪᠠᠶᠢᠳᠠᠭ ᠢᠶᠠᠷ ᠪᠠᠷᠠᠬᠤ ᠦᠭᠡᠢ ᠵᠠᠮ ᠬᠤᠯᠠ ᠮᠥᠷᠲᠡᠭᠡᠨ ᠨᠦᠭᠦᠴᠡᠯ ᠨᠢ ᠠᠨᠠᠢ ᠪᠠᠶᠢᠳᠠᠭ ᠠᠴᠠ ᠭᠠᠯ ᠤᠨᠲᠠᠷᠠᠭᠠᠬᠤ ᠲᠡᠷᠭᠡ ᠮᠠᠰᠢᠨ ᠬᠤᠷᠳᠤᠨ ᠶᠠᠪᠤᠬᠤ ᠶᠢᠨ ᠠᠷᠭ᠎ᠠ ᠦᠭᠡᠢ ᠪᠠᠶᠢᠳᠠᠭ᠃ ᠵᠠᠷᠢᠮ ᠦᠶ᠎ᠡ ᠳᠤ ᠪᠠᠰᠠ ᠡᠯᠡᠰᠦᠨ ᠰᠢᠭᠤᠷᠭ᠎ᠠ ᠪᠤᠶᠤ ᠴᠠᠰᠤ ᠰᠢᠭᠤᠷᠭ᠎ᠠ ᠲᠠᠢ ᠪᠠᠶᠢᠳᠠᠯ ᠲᠣᠬᠢᠶᠠᠯᠳᠤᠵᠤ ᠰᠠᠭᠠᠳ ᠲᠤ ᠤᠴᠠᠷᠠᠳᠠᠭ ᠲᠤᠯᠠ ᠬᠡᠳᠦᠨ ᠴᠠᠭ ᠵᠠᠷᠤᠴᠠᠭᠤᠯᠤᠨ ᠪᠠᠶᠢᠵᠤ ᠰᠠᠶ᠋ᠢ ᠲᠤᠬᠠᠢ ᠶᠢᠨ ᠲᠠᠯᠠᠪᠤᠷ ᠲᠤ ᠬᠦᠷᠳᠡᠭ ᠭᠡᠯ᠎ᠡ᠃    ᠮᠣᠷᠢᠲᠠᠨ ᠭᠠᠯ ᠤᠨᠲᠠᠷᠠᠭᠠᠬᠤ ᠠᠩᠭᠢ ᠨᠢ ᠬᠠᠮᠤᠭ ᠠᠩᠬ᠎ᠠ ᠬᠡᠵᠢᠶ᠎ᠡ ᠡᠭᠦᠷᠭᠡ ᠬᠦᠯᠢᠶᠡᠨ ᠠᠵᠢᠯᠯᠠᠬᠤ ᠪᠣᠯᠣᠭᠰᠠᠨ ᠴᠠᠭ ᠬᠤᠭᠤᠴᠠᠭ᠎ᠠ ᠨᠢ ᠲᠣᠳᠣᠷᠬᠠᠢ ᠦᠭᠡᠢ ᠴᠤ  ᠂ ᠲᠡᠳᠡ ᠪᠠᠶᠢᠩᠭᠤ ᠲᠠᠯ᠎ᠠ ᠨᠤᠲᠤᠭ ᠢᠶᠠᠷ ᠳᠠᠪᠬᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ᠂ ᠭᠡᠮ ᠰᠣᠭᠤᠭ ᠢ ᠳᠠᠷᠠᠭᠠᠯᠠᠨ ᠪᠠᠶᠢᠴᠠᠭᠠᠵᠤ᠂ ᠭᠠᠯ ᠤᠨ ᠠᠶᠤᠯ ᠭᠠᠷᠤᠮᠠᠭᠴᠠ ᠲᠡᠷᠡ ᠳᠠᠷᠤᠢ ᠳᠤᠨᠢ  ᠲᠤᠬᠠᠢ ᠶᠢᠨ  ᠲᠠᠯᠠᠪᠤᠷ ᠲᠤ ᠬᠦᠷᠴᠦ᠂ ᠣᠶᠢᠷ᠎ᠠ ᠬᠠᠪᠢ ᠶᠢᠨ ᠮᠠᠯᠴᠢᠨ ᠲᠦᠮᠡᠨ ᠢ ᠵᠣᠬᠢᠶᠠᠨ ᠪᠠᠶᠢᠭᠤᠯᠤᠨ  ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠦᠢᠯᠡᠴᠢᠯᠡᠳᠡᠭ ᠢ ᠨᠢ ᠨᠤᠲᠤᠭ ᠤᠨ ᠬᠢᠨᠢ ᠣᠯᠠᠨ ᠨᠢ ᠲᠣᠳᠣᠷᠬᠠᠢ ᠮᠡᠳᠡᠵᠦ ᠪᠠᠶᠢᠳᠠᠭ᠃ ᠣᠲᠣ ᠪᠣᠯᠲᠠᠯ᠎ᠠ᠂ ᠲᠤᠬᠠᠢ ᠶᠢᠨ ᠭᠠᠵᠠᠷ ᠤᠨ ᠮᠣᠷᠢᠲᠠᠨ ᠭᠠᠯ ᠤᠨᠲᠠᠷᠠᠭᠠᠬᠤ ᠠᠩᠭᠢ ᠨᠢ 22 ᠰᠠᠯᠠᠭ᠎ᠠ᠂ 180 ᠭᠠᠷᠤᠢ ᠭᠡᠰᠢᠭᠦᠨ ᠲᠠᠢ ᠪᠠᠶᠢᠵᠤ᠂ ᠭᠡᠰᠢᠭᠦᠳ ᠨᠢ ᠴᠥᠮ ᠲᠤᠬᠠᠢ ᠶᠢᠨ ᠭᠠᠵᠠᠷ ᠤᠨ ᠮᠠᠯᠴᠢᠳ ᠪᠣᠯᠣᠨ᠎ᠠ᠂ ᠬᠠᠷᠢᠨ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠵᠥᠪᠬᠡᠨ 24 ᠭᠠᠯ ᠤᠨᠲᠠᠷᠠᠭᠠᠭᠴᠢ ᠲᠠᠢ ᠶᠤᠮ᠃    ᠮᠠᠯᠴᠢᠨ ᠲᠦᠮᠡᠨ ᠤ ᠢᠳᠡᠪᠬᠢᠲᠡᠢ ᠣᠷᠤᠯᠴᠠᠯᠭ᠎ᠠ ᠨᠢ ᠲᠠᠯ᠎ᠠ ᠨᠤᠲᠤᠭ ᠤᠨ ᠮᠠᠯᠵᠢᠬᠤ ᠣᠷᠣᠨ ᠤ ᠡᠴᠦᠰ ᠤᠨ ᠠᠪᠤᠷᠠᠨ ᠲᠤᠰᠠᠯᠠᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠭᠰᠡᠨ ᠪᠣᠯᠪᠠᠴᠤ᠂ ᠬᠡᠷᠬᠢᠨ ᠣᠯᠠᠨ ᠲᠦᠮᠡᠨ ᠤ ᠬᠦᠴᠦᠨ ᠢ ᠵᠣᠬᠢᠶᠠᠨ ᠪᠠᠶᠢᠭᠤᠯᠬᠤ᠂ ᠴᠠᠭ ᠲᠤᠬᠠᠢ ᠳᠤᠨᠢ ᠴᠠᠭᠳᠠᠭ᠎ᠠ ᠳᠤ ᠮᠡᠳᠡᠭᠦᠯᠬᠦ᠂ ᠲᠦᠷᠭᠡᠨ ᠬᠥᠳᠡᠯᠦᠯᠴᠡᠬᠦ᠂ ᠡᠮᠬᠢ ᠵᠢᠷᠤᠮ ᠲᠠᠢ ᠠᠪᠤᠷᠠᠨ ᠲᠤᠰᠠᠯᠠᠬᠤ  ᠰᠢᠰᠲ᠋ᠧᠮ ᠢ ᠵᠢᠭᠠᠨ ᠵᠢᠯᠣᠭᠤᠳᠬᠤ ᠵᠡᠷᠭᠡ ᠨᠢ ᠮᠥᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠣᠭᠰᠠᠭᠠᠷ ᠪᠠᠶᠢᠭᠰᠠᠨ ᠶᠤᠮ᠃   ᠮᠠᠯᠴᠢᠨ ᠰᠣᠮᠢᠶ᠎ᠠ ᠶᠢᠨ ︽ᠮᠠᠯᠵᠢᠬᠤ ᠣᠷᠣᠨ ᠳᠤ ᠭᠠᠷ ᠤᠲᠠᠰᠤᠨ ᠤ ᠳᠣᠬᠢᠶ᠎ᠠ ᠠᠨᠠᠢ᠂ ᠵᠠᠷᠢᠮ ᠳᠠᠭᠠᠨ 119 ᠳᠤ ᠮᠡᠳᠡᠭᠦᠯᠦᠶ᠎ᠡ ᠭᠡᠰᠡᠨ ᠴᠤ ᠤᠲᠠᠰᠤ ᠨᠡᠪᠲᠡᠷᠡᠬᠦ ᠦᠭᠡᠢ ᠪᠠᠶᠢᠳᠠᠭ᠃ ᠣᠳᠣ ᠮᠠᠨ ᠤ ᠡᠷᠦᠬᠡ ᠪᠣᠯᠭᠠᠨ ᠪᠦᠷ ᠤᠲᠠᠰᠤ ᠦᠭᠡᠢ ᠰᠦᠯᠵᠢᠶ᠎ᠡ ᠲᠠᠢ ᠪᠣᠯᠣᠭᠰᠠᠨ  ᠂ ᠸᠢᠴᠠᠲ ᠢᠶᠠᠷ ᠴᠠᠭᠳᠠᠭ᠎ᠠ ᠳᠤ ᠮᠡᠳᠡᠭᠦᠯᠵᠦ ᠳᠡᠶᠢᠯᠪᠡᠯ ᠶᠠᠮᠠᠷ ᠰᠠᠶᠢᠨ ᠪᠣᠶ︾ ᠭᠡᠰᠡᠨ ᠰᠠᠨᠠᠭᠤᠯᠭ᠎ᠠ ᠨᠢ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠠᠷᠢᠨ ᠰᠡᠩᠬᠡᠷᠡᠭᠦᠯᠦᠯ ᠪᠣᠯᠣᠭᠰᠠᠨ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠮᠠᠯᠴᠢᠳ ᠠᠮᠢᠳᠤᠷᠠᠯ ᠳᠤᠮᠳᠠ ᠪᠠᠨ ᠸᠢᠴᠠᠲ᠂ ᠲᠢᠺ ᠲᠤᠺ ᠵᠡᠷᠭᠡ ᠢᠨᠲ᠋ᠧᠷ ᠰᠦᠯᠵᠢᠶᠡᠨ ᠤ ᠵᠥᠭᠡᠯᠡᠨ ᠲᠣᠨᠤᠭ ᠢ ᠶᠡᠬᠡᠪᠡᠷ ᠬᠡᠷᠡᠭᠯᠡᠵᠦ ᠪᠠᠶᠢᠭ᠎ᠠ ᠮᠥᠷᠲᠡᠭᠡᠨ ᠮᠠᠯ ᠠᠵᠤ ᠠᠬᠤᠢ ᠶᠢᠨ ᠲᠠᠯ᠎ᠠ ᠶᠢᠨ ᠲᠤᠰᠬᠠᠢ ᠰᠦᠯᠵᠢᠶᠡᠨ ᠲᠠᠪᠴᠠᠩ ᠲᠠᠢ ᠪᠣᠯᠣᠭᠰᠠᠨ ᠢ ᠣᠯᠵᠤ ᠮᠠᠲᠠᠵᠠᠢ᠃    2023 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠶᠢᠨ ᠬᠠᠮᠲᠤᠷᠠᠭᠰᠠᠨ ᠮᠡᠷᠭᠡᠵᠢᠯ ᠤᠨ ᠪᠦᠯᠬᠦᠮ ᠨᠢ ᠣᠯᠠᠨ ᠲᠦᠮᠡᠨ ᠤ ᠲᠦᠭᠰᠢᠭᠦᠷᠢ ᠮᠡᠳᠡᠭᠦᠯᠬᠦ ᠳᠤ ᠬᠦᠴᠢᠷ᠂ ᠭᠠᠮᠰᠢᠭ ᠤᠨ ᠪᠠᠶᠢᠳᠠᠯ ᠤᠨ ᠪᠠᠶᠢᠷᠢ ᠶᠢ ᠲᠣᠳᠣᠯᠠᠬᠤ ᠳᠤ ᠬᠦᠴᠢᠷ᠂ ᠠᠪᠤᠷᠠᠨ ᠲᠤᠰᠠᠯᠠᠬᠤ ᠬᠦᠴᠦᠨ ᠢ ᠲᠣᠬᠢᠷᠠᠭᠤᠯᠬᠤ ᠳᠤ ᠬᠦᠴᠢᠷ ᠵᠡᠷᠭᠡ ᠠᠰᠠᠭᠤᠳᠠᠯ ᠳᠤ ᠴᠢᠭᠯᠡᠭᠦᠯᠦᠨ᠂ ︽ᠨᠢᠭᠡ ᠯᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ︾ APP ᠪᠠ ︽ᠶᠦᠨ  ᠶᠠᠨ︾ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠨᠡᠭᠡᠭᠡᠨ ᠬᠥᠭᠵᠢᠭᠦᠯᠵᠡᠢ᠃ ᠭᠠᠯ ᠤᠨ ᠠᠶᠤᠯ ᠭᠠᠷᠤᠭᠰᠠᠨ ᠤ ᠳᠠᠷᠠᠭ᠎ᠠ ᠮᠠᠯᠴᠢᠨ ᠲᠦᠮᠡᠨ ᠭᠠᠷ ᠤᠲᠠᠰᠤᠨ ᠳᠡᠭᠡᠷᠡᠬᠢ APP ᠪᠠᠨ ᠨᠡᠭᠡᠭᠡᠮᠡᠭᠴᠡ ᠳᠠᠷᠤᠢ ᠨᠢᠭᠡ ᠯᠡ ᠳᠠᠷᠤᠪᠴᠢ ᠪᠠᠷ ᠴᠠᠭᠳᠠᠭ᠎ᠠ ᠳᠤ ᠮᠡᠳᠡᠭᠦᠯᠵᠦ ᠪᠣᠯᠣᠨ᠎ᠠ᠃ ᠡᠭᠦᠨ ᠢᠶᠠᠷ ᠪᠠᠷᠠᠬᠤ ᠦᠭᠡᠢ᠂ ᠲᠠᠪᠴᠠᠩ ᠨᠢ ᠪᠠᠰᠠ ᠰᠦᠯᠵᠢᠶᠡᠨ ᠤ ᠭᠠᠵᠠᠷ ᠤᠨ ᠵᠢᠷᠤᠭ ᠲᠠᠢ ᠬᠤᠯᠪᠣᠭᠳᠠᠵᠤ᠂ ᠵᠠᠮᠴᠢᠯᠠᠯᠲᠠ ᠶᠢᠨ ᠳᠡᠮᠵᠢᠯᠭᠡ ᠶᠢ ᠣᠯᠵᠤ ᠴᠢᠳᠠᠬᠤ ᠪᠣᠯᠣᠭᠰᠠᠨ ᠪᠠᠶᠢᠨ᠎ᠠ᠃    ᠤᠷᠲᠤᠨᠠᠰᠲᠤ᠄ ︽ᠮᠠᠨ ᠤ ᠮᠠᠯᠴᠢᠳ ᠦᠶ᠎ᠡ ᠶᠢᠨ ᠦᠶ᠎ᠡ ᠳᠤ ᠲᠠᠯ᠎ᠠ ᠨᠤᠲᠤᠭ ᠤᠨ ᠢᠶᠠᠨ ᠡᠯᠢᠭᠡᠨ ᠳᠤ ᠠᠮᠢᠳᠤᠷᠠᠵᠤ ᠪᠠᠶᠢᠳᠠᠭ ᠠᠴᠠ ᠠᠵᠤ ᠠᠬᠤᠢ ᠨᠡᠶᠢᠭᠡᠮ ᠬᠡᠳᠦᠢ ᠬᠥᠭᠵᠢᠭᠰᠡᠨ ᠴᠦ ᠲᠠᠯ᠎ᠠ ᠨᠤᠲᠤᠭ ᠢᠶᠠᠨ ᠬᠠᠮᠤᠭ ᠡᠴᠠ‌ᠢᠯᠡᠭᠦᠦ ᠣᠶᠢᠯᠠᠭᠠᠵᠤ᠂ ᠬᠠᠶᠢᠷᠠᠯᠠᠨ ᠬᠠᠮᠠᠭᠠᠯᠠᠵᠤ ᠶᠠᠪᠤᠳᠠᠭ ᠶᠤᠮ᠃  ᠰᠢᠨ᠎ᠡ ᠴᠠᠭ ᠦᠶ᠎ᠡ ᠶᠢᠨ ᠮᠠᠯᠴᠢᠨ ᠪᠣᠯᠤᠭᠰᠠᠨ ᠤ ᠬᠤᠪᠢ ᠳᠤ ᠪᠢ ᠡᠨᠡᠬᠦ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢᠶᠠᠨ ᠰᠠᠶᠢᠲᠤᠷ ᠬᠠᠶᠢᠷᠠᠯᠠᠨ ᠬᠠᠮᠠᠭᠠᠯᠠᠵᠤ᠂ ᠨᠤᠲᠤᠭ ᠤᠰᠤᠨ ᠳᠠᠭᠠᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号