ᠤᠯᠠᠭᠠᠨᠬᠠᠭᠠᠯᠭ᠎ᠠ ᠰᠣᠮᠤᠨ ᠤ ᠱᠠᠩᠨᠠᠨ ᠬᠦᠬᠢᠬᠦᠯᠬᠦ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2024/1/2
     ᠤᠯᠠᠭᠠᠨᠬᠠᠭᠠᠯᠭ᠎ᠠ ᠰᠣᠮᠤᠨ ᠤ ᠱᠠᠩᠨᠠᠨ ᠬᠦᠬᠢᠬᠦᠯᠬᠦ ᠠᠵᠢᠯᠯᠠᠭ᠎ᠠ ᠶᠠᠪᠤᠭᠳᠠᠯ᠎ᠠ                                                   12 ᠰᠠᠷ᠎ᠠ ᠶᠢᠨ 27 ᠤ ᠡᠳᠦᠷ  ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤ ᠨᠢ  ᠱᠠᠩᠨᠠᠨ ᠬᠦᠬᠢᠬᠦᠯᠬᠦ ᠬᠤᠷᠠᠯ ᠬᠤᠷᠠᠯᠳᠣᠭᠤᠯᠤᠨ᠂  2022 ᠤᠨ ᠤ ᠠᠶᠢᠮᠠᠭ ᠤᠨ ᠳᠡᠰ ᠤᠨ ᠪᠤᠯᠪᠠᠰᠤᠨ ᠭᠠᠴᠠᠭ᠎ᠠ  ᠪᠠᠷ ᠨᠡᠷᠡᠶᠢᠳᠦᠭᠳᠡᠭᠰᠡᠨ ᠰᠠᠷᠠᠭᠤᠯᠲᠤᠶᠠᠭ᠎ᠠ ᠭᠠᠴᠠᠭ᠎ᠠ ᠵᠡᠷᠬᠡ 3 ᠭᠠᠴᠠᠭᠠᠨ ᠤ ᠤᠳᠤᠷᠢᠳᠤᠯᠭ᠎ᠠ ᠳᠤ ᠪᠤᠯᠪᠠᠰᠤᠨ ᠭᠠᠴᠠᠭᠠᠨ ᠤ ᠢᠷᠠᠭᠤ ᠠᠯᠳᠠᠷ ᠤᠨ ᠢᠯᠡᠷᠬᠡᠶᠢᠯᠡᠯ ᠫᠠᠶᠢᠰᠠ ᠶᠢ ᠳᠠᠮᠵᠢᠭᠤᠯᠤᠨ  ᠭᠠᠷᠳᠠᠭᠤᠯᠤᠭᠰᠠᠨ ᠤ ᠬᠠᠮᠳᠣ  ᠂ ︽ᠰᠢᠯᠢᠳᠡᠭ ᠨᠠᠮ ᠤᠨ ᠬᠡᠰᠢᠬᠦᠳ ᠤᠨ ᠤᠯᠠᠨ ᠲᠦᠮᠡᠨ ᠳᠤ ᠦᠢᠯᠡᠴᠢᠯᠡᠬᠦ ᠲᠦᠪ︾    ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠰᠢᠯᠢᠳᠡᠭ  ᠦᠢᠯᠠᠳᠣᠯᠬᠡ ᠶᠢᠨ ᠦᠷᠳᠡᠭᠡ᠂ 4 ᠰᠠᠶᠢᠨ ᠳᠤᠷᠠᠴᠤᠤᠯ ᠤᠨ ᠦᠷᠦᠭᠡ  ᠵᠡᠷᠬᠡ ᠬᠠᠮᠳᠣ ᠨᠠᠶᠢᠳᠠ ᠪᠤᠯᠤᠨ  ︽ᠠᠷᠠᠳ ᠤᠨ ᠰᠢᠯᠢᠳᠡᠭ ᠡᠶᠡᠳᠡᠬᠦᠯᠦᠭᠴᠢ︾᠂ ︽ᠰᠢᠯᠢᠳᠡᠭ ᠴᠠᠭᠳᠠᠭᠠᠨ ᠤ ᠶᠠᠪᠤᠳᠠᠯ ᠤᠨ ᠭᠠᠵᠠᠷ ᠤᠨ ᠳᠤᠰᠠᠯᠠᠭᠴᠢ︾ ︽ᠰᠢᠯᠢᠳᠡᠭ ᠬᠠᠤᠯᠢ ᠴᠠᠭᠠᠵᠠ ᠶᠢᠨ  ᠤᠬᠠᠭᠤᠯᠤᠭᠴᠢ︾  ᠂ ︽ᠰᠢᠯᠢᠳᠡᠭ ᠳᠡᠮᠦᠷ ᠵᠠᠮ ᠬᠠᠮᠠᠭᠠᠯᠠᠭᠴᠢ︾  ᠂ ︽ᠰᠢᠯᠢᠳᠡᠭ ᠰᠤᠶᠤᠯ ᠤᠷᠠᠯᠢᠭ ᠤᠨ ᠠᠵᠢᠯᠳᠠᠨ︾  ᠂ ︽ᠰᠢᠯᠢᠳᠡᠭ ᠦᠨᠳᠦᠰᠦᠨ ᠱᠠᠳᠤᠨ ᠤ ᠡᠷᠦᠬᠡ ᠶᠢᠨ ᠴᠡᠷᠢᠭ︾  ᠂ ︽ᠬᠠᠮᠤᠭ ᠰᠠᠶᠢᠬᠠᠨ ᠴᠡᠷᠢᠭ ᠠᠴᠠ ᠬᠠᠯᠠᠭᠳᠠᠭᠰᠠᠳ︾  ᠂ ︽ᠰᠢᠯᠢᠳᠡᠭ ᠠᠯᠪᠠᠨ ᠭᠡᠷ  ᠤᠨ ᠣᠷᠤᠯᠠᠨ ᠬᠠᠪᠰᠤᠷᠤᠭᠴᠢ︾  ᠂  ︽ᠰᠢᠯᠢᠳᠡᠭ ᠰᠠᠶᠢᠨ ᠳᠤᠷᠠᠴᠤᠤᠯ︾  ᠵᠡᠷᠬᠡ ᠬᠦᠮᠦᠰ   ᠢ ᠱᠠᠩᠨᠠᠨ ᠵᠤᠷᠢᠵᠢᠭᠤᠯᠤᠨ᠂ ᠪᠦᠬᠦ ᠰᠣᠮᠤᠨ ᠤ ᠠᠵᠦ ᠠᠬᠤᠢ  ᠨᠠᠶᠢᠬᠡᠮ ᠤᠨ ᠭᠦᠭᠵᠢᠯᠳᠠ ᠳᠤ ᠢᠳᠠᠪᠬᠢ ᠬᠤᠪᠢ ᠨᠠᠮᠠᠷᠢ ᠦᠵᠡᠬᠦᠯᠦᠭᠰᠠᠨ ᠳᠤ ᠨᠢ ᠲᠠᠯᠠᠷᠬᠠᠯ ᠲᠠᠪᠰᠢᠬᠦᠯᠦᠭᠰᠠᠨ ᠤ ᠬᠠᠮᠳᠣ᠂ ᠦᠷᠬᠦᠯᠵᠢᠯᠠᠨ ᠦᠢᠯᠠᠳᠣᠯ ᠴᠢᠳᠠᠪᠬᠢ ᠪᠠᠨ  ᠪᠠᠳᠠᠷᠠᠭᠤᠯᠬᠤ ᠶᠢ ᠨᠢ ᠵᠤᠷᠢᠭᠵᠢᠭᠤᠯᠤᠭᠰᠠᠨ ᠪᠠᠶᠢᠨ᠎ᠠ᠃   ᠠᠵᠢᠯᠯᠠᠭᠠᠨ ᠳᠤ ᠪᠠᠰᠠ ︽ᠮᠢᠨᠦ ᠵᠤᠯ ᠵᠢᠷᠭᠠᠯᠲᠤ ᠠᠮᠢᠳᠤᠷᠠᠯ︾ ᠬᠡᠬᠦ ᠬᠡᠷᠡᠯ ᠵᠢᠷᠤᠭ ᠤᠨ ᠤᠷᠤᠯᠳᠤᠭᠠᠨ ᠳᠤ ᠲᠡᠷᠢᠬᠦᠯᠡᠭᠰᠡᠨ ᠠᠷᠤᠬᠤᠰᠢᠭᠤ ᠭᠠᠴᠠᠭ᠎ᠠ ᠶᠢᠨ ᠵᠢᠷᠭᠠᠯ ᠵᠡᠷᠭᠡ ᠬᠦᠮᠦᠰ ᠢ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号