ᠪᠠᠷᠠᠭᠤᠨ ᠦᠵᠦᠮᠦᠴᠢᠨ ᠬᠤᠰᠢᠭᠤᠨ ᠤ ︽ᠤᠯᠤᠰ ᠢᠶᠠᠨ ᠬᠦᠴᠦᠷᠭᠡᠭᠵᠢᠬᠦᠯᠦᠨ ᠮᠠᠨᠳᠤᠭᠤᠯᠬᠤ ᠳᠤ ᠪᠢ ᠪᠤᠢ︾ ᠡᠪᠦᠯ ᠤᠨ ᠴᠡᠷᠢᠭ ᠤᠨ ᠪᠤᠯᠪᠠᠰᠤᠷᠠᠯ  ᠦᠷᠭᠦᠯᠵᠢᠯᠡᠭᠰᠡᠭᠡᠷ
ᠨᠡᠶᠢᠲᠡᠯᠡᠭᠰᠡᠨ ᠴᠠᠭ᠄
2024/1/26
  ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂  ᠪᠠᠷᠠᠭᠤᠨ ᠦᠵᠦᠮᠦᠴᠢᠨ ᠬᠤᠰᠢᠭᠤᠨ ᠤ  ᠪᠦᠬᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠪᠢ ᠪᠣᠶ︾ ᠵᠠᠯᠠᠭᠤᠴᠤᠳ ᠪᠠᠭᠠᠴᠤᠳ ᠤᠨ  ᠡᠪᠦᠯ ᠤᠨ ᠴᠡᠷᠢᠭ ᠤᠨ ᠪᠤᠯᠪᠠᠰᠤᠷᠠᠯ  ᠡᠷᠴᠢ ᠬᠦᠴᠦ ᠲᠠᠢ  ᠶᠠᠪᠤᠭᠳᠠᠵᠤ  ᠪᠠᠶᠢᠭ᠎ᠠ ᠡᠨᠡᠬᠦ ᠡᠷᠡᠨ ᠳᠤ ᠤᠳᠬ᠎ᠠ ᠠᠭᠤᠯᠭ᠎ᠠ ᠲᠠᠢ ᠡᠪᠦᠯ ᠤᠨ ᠠᠮᠠᠷᠠᠯᠲᠠ ᠳᠠᠭᠠᠨ ᠴᠡᠷᠢᠭ ᠤᠨ ᠪᠤᠯᠪᠠᠰᠤᠷᠠᠯ ᠳᠤ ᠤᠷᠤᠯᠴᠠᠨ ᠶᠡᠷᠦ ᠪᠤᠰᠤ  ᠶᠢᠨ ᠤᠯᠤᠯᠲᠠ ᠲᠦᠷᠦᠭᠳᠡᠯ ᠲᠠᠢ ᠭᠦᠭᠰᠡᠨ ᠲᠤᠭᠳᠤᠯᠤᠨ ᠰᠠᠭᠤᠭ᠎ᠠ ᠤᠷᠤᠯᠴᠠᠭᠴᠢᠳ ᠤᠨ ᠡᠲᠦᠷ ᠤᠨ ᠲᠡᠮᠳᠡᠭᠯᠡᠯ ᠠᠴᠠ  ᠬᠤᠪᠢᠶᠠᠯᠴᠠᠶ᠎ᠠ︕                                 ᠡᠲᠦᠷ ᠤᠨ  ᠲᠡᠮᠳᠡᠭᠯᠡᠯ    1 ᠰᠠᠷ᠎ᠠ ᠶᠢᠨ 16 ᠤ ᠡᠳᠦᠷ                                       ᠲᠤᠩᠭᠠᠯᠠᠭ    ᠡᠪᠦᠯ ᠤᠨ ᠠᠮᠠᠷᠠᠯᠲᠠ ᠶᠢᠨ ᠨᠠᠨᠳᠢᠨ ᠮᠦᠴᠡ ᠪᠠᠷ ᠪᠢ ᠬᠤᠰᠢᠭᠤᠨ ᠤ ᠪᠠᠨ ︽ᠤᠯᠤᠰ ᠢᠶᠠᠨ ᠬᠦᠴᠦᠷᠭᠡᠭᠵᠢᠬᠦᠯᠦᠨ ᠮᠠᠨᠳᠤᠭᠤᠯᠬᠤ ᠳᠤ ᠪᠢ ᠪᠤᠢ︾ ᠡᠪᠦᠯ ᠤᠨ ᠴᠡᠷᠢᠭ ᠤᠨ ᠪᠤᠯᠪᠠᠰᠤᠷᠠᠯ ᠤᠨ ᠠᠩᠭᠢ ᠳᠤ  ᠤᠷᠤᠯᠴᠠᠵᠤ᠂ ᠬᠦᠰᠡᠵᠦ ᠲᠤᠭᠳᠤᠯᠤᠭᠰᠠᠨ ᠰᠡᠳᠬᠢᠯᠭᠡ ᠪᠠᠨ ᠲᠠᠷᠤᠵᠤ ᠶᠠᠳᠠᠨ ᠡᠨᠡᠬᠦ ᠶᠡᠷᠦ ᠪᠤᠰᠤ ᠶᠢᠨ ᠠᠶᠠᠯᠠᠯ ᠢᠶᠠᠨ ᠡᠬᠢᠯᠡᠬᠦᠯᠦᠯ᠎ᠡ᠃    ᠴᠡᠷᠢᠭ ᠤᠨ ᠬᠤᠸᠠᠷᠠᠨ ᠳᠤ ᠣᠷᠣᠭᠰᠠᠨ ᠤ ᠳᠠᠷᠠᠭ᠎ᠠ᠂ ᠠᠪᠤ ᠡᠵᠢ ᠠᠴᠠ ᠪᠠᠨ ᠶᠡᠷᠦ ᠰᠠᠯᠤᠭᠰᠠᠨ ᠦᠭᠡᠢ ᠪᠢ ᠠᠩᠬ᠎ᠠ ᠤᠳᠠᠭ᠎ᠠ ᠬᠠᠮᠲᠤ ᠶᠢᠨ ᠠᠮᠢᠳᠤᠷᠠᠯ ᠢ ᠡᠳ᠋ᠯᠡᠵᠦ᠂ ᠰᠢᠨ᠎ᠡ ᠪᠠᠶᠢᠷᠢ ᠳᠤ ᠢᠷᠡᠭᠡᠳ ᠬᠠᠮᠲᠤ ᠰᠤᠷᠤᠭᠴᠢ ᠪᠠᠶᠢᠷᠢ ᠶᠢᠨ ᠨᠥᠬᠦᠳ ᠲᠠᠢ ᠪᠠᠨ ᠬᠠᠮᠲᠤ ᠠᠮᠢᠳᠤᠷᠠᠬᠤ ᠳᠤ ᠪᠢᠳᠡ ᠬᠠᠮᠤᠭ ᠠᠩᠬᠠᠨ ᠳᠠᠭᠠᠨ ᠳᠠᠳᠬᠤ ᠦᠭᠡᠢ ᠪᠠᠶᠢᠭᠰᠠᠨ ᠠᠴᠠ ᠪᠠᠨ ᠬᠠᠷᠢᠯᠴᠠᠨ ᠣᠶᠢᠯᠠᠭᠠᠯᠴᠠᠵᠤ ᠬᠠᠷᠢᠯᠴᠠᠨ ᠬᠠᠪᠰᠤᠷᠤᠯᠴᠠᠨ᠂ ᠢᠯᠠᠩᠭᠤᠶ᠎ᠠ ᠦᠨᠳᠦᠰᠦᠲᠡᠨ ᠤ ᠠᠩᠭᠢ ᠳᠤ ᠬᠤᠯᠢᠯᠳᠤᠨ ᠰᠠᠭᠤᠭᠰᠠᠨ ᠠᠴᠠ ᠪᠢ ᠨᠢᠭᠡ ᠪᠠᠶᠢᠷᠢ ᠶᠢᠨ ᠮᠣᠩᠭᠤᠯ ᠦᠨᠳᠦᠰᠦᠲᠡᠨ ᠤ ᠬᠠᠮᠲᠤ ᠰᠤᠷᠤᠯᠭᠠᠲᠠᠨ ᠤ ᠲᠤᠬᠠᠢ ᠤᠯᠠᠮ  ᠰᠠᠶᠢᠨ ᠣᠶᠢᠯᠠᠭᠠᠯᠲᠠ ᠲᠠᠢ ᠪᠣᠯᠵᠤ᠂ ᠲᠡᠳᠡᠨ ᠤ ᠬᠠᠯᠠᠭᠤᠮᠰᠤᠭ ᠨᠥᠬᠦᠷᠰᠡᠭ ᠵᠠᠩ ᠴᠢᠨᠠᠷ ᠨᠢ ᠨᠠᠳᠠᠳᠤ ᠲᠤᠩ ᠲᠤᠳᠤᠨᠤ ᠰᠠᠨᠠᠭᠳᠠᠵᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ  ᠨᠡᠩ ᠭᠦᠨᠵᠡᠭᠡᠢ ᠣᠶᠢᠯᠠᠭᠠᠯᠲᠠ ᠲᠦᠷᠦᠭᠳᠡᠯ ᠲᠠᠢ ᠪᠣᠯᠤᠭᠰᠠᠨ ᠶᠤᠮ᠃    ᠡᠨᠡ ᠡᠳᠦᠷ ᠪᠣᠯ ᠮᠢᠨᠤ ᠬᠤᠸᠠᠷᠠᠨ ᠳᠤ ᠣᠷᠣᠭᠰᠠᠨ ᠭᠤᠷᠪᠠᠳᠤᠭᠠᠷ ᠡᠳᠦᠷ᠂ ᠥᠷᠯᠥᠭᠡ‌ᠡᠷᠲᠡ ᠵᠡᠭᠦᠳᠦᠨ ᠠᠴᠠ ᠪᠠᠨ ᠰᠡᠷᠢᠭᠡᠳ᠂ ᠥᠷᠯᠥᠭᠡ ᠶᠢᠨ ᠬᠤᠭᠤᠯᠠ ᠪᠠᠨ  ᠢᠳᠡᠵᠦ ᠪᠠᠷᠠᠮᠠᠭᠴᠠ ᠦᠳᠡ ᠶᠢᠨ ᠡᠮᠦᠨᠡᠬᠢ ᠪᠤᠯᠪᠠᠰᠤᠷᠠᠯ ᠢᠶᠠᠨ ᠡᠬᠢᠯᠡᠬᠦᠯᠪᠡ᠃  ᠪᠤᠯᠪᠠᠰᠤᠷᠠᠯ ᠨᠢ ᠬᠡᠳᠦᠶᠢᠪᠡᠷ ᠴᠢᠩᠭ᠎ᠠ ᠬᠠᠳᠠᠭᠤ ᠪᠠᠶᠢᠭᠰᠠᠨ ᠴᠦ ᠬᠠᠮᠳᠤ ᠨᠦᠬᠦᠳ ᠤᠨ ᠢᠶᠠᠨ ᠲᠡᠰᠪᠦᠷᠢ ᠬᠠᠳᠠᠭᠤᠵᠢᠯᠲᠠᠢ  ᠦᠪᠡᠷ ᠢ ᠪᠠᠨ ᠢᠯᠠᠨ ᠲᠠᠪᠠᠵᠤ ᠪᠠᠶᠢᠭ᠎ᠠ ᠪᠠᠶᠢᠳᠠᠯ ᠢ  ᠬᠠᠷᠠᠭᠠᠳ ᠦᠪᠡᠷ ᠤᠨ ᠡᠷᠬᠡ ᠦᠭᠡᠢ ᠪᠢᠰᠢᠷᠡᠬᠦ ᠰᠡᠳᠬᠢᠯᠭᠡ ᠲᠦᠷᠦᠭᠳᠡᠨ᠂ ᠰᠢᠳᠦ ᠵᠠᠭᠤᠨ ᠲᠡᠰᠪᠦᠷᠢᠯᠡᠵᠦ ᠭᠠᠷᠤᠠᠯ᠎ᠠ᠃    ᠦᠳᠡ ᠶᠢᠨ ᠬᠤᠶᠢᠨ᠎ᠠ ᠪᠢᠳᠡ ︽ᠤᠮᠠᠷᠠᠲᠤ ᠶᠢᠨ ᠦᠯᠢᠬᠡᠷ ᠳᠠᠭᠤᠷᠢᠶᠠᠯ︾  ᠪᠤᠯᠬᠤ  ︱ ᠪᠠᠷᠠᠭᠤᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ᠲᠣᠭᠤᠷᠢᠨ ᠦᠵᠡᠵᠦ ᠰᠤᠷᠤᠯᠴᠠᠬᠤ ᠳᠤ ᠂ ᠪᠠᠶᠢᠯᠳᠤᠭᠴᠢᠳ ᠪᠢᠳᠡᠨ ᠢ ᠬᠠᠯᠠᠭᠤᠨ ᠢᠶᠠᠷ  ᠬᠦᠯᠢᠶᠡᠨ ᠠᠪᠴᠤ᠂ ᠡᠯ᠎ᠡ ᠲᠠᠯᠠᠪᠤᠷ ᠢᠶᠠᠷ ᠲᠣᠭᠤᠷᠢᠨ ᠦᠵᠡᠵᠦ᠂ ᠲᠡᠳᠡᠨ ᠤ ᠨᠢᠭᠡ ᠡᠳᠦᠷ ᠤᠨ ᠪᠣᠯᠪᠠᠰᠤᠷᠠᠯ᠂ ᠠᠮᠢᠳᠤᠷᠠᠯ ᠢ ᠪᠢᠳᠡᠨ ᠳᠤ ᠨᠠᠷᠢᠨ ᠲᠠᠨᠢᠯᠴᠠᠭᠤᠯᠪᠠ᠂  ᠲᠡᠳᠡᠨ ᠤ ᠬᠦᠴᠢᠷ ᠪᠡᠷᠭᠡ ᠶᠢ ᠰᠦᠷᠦᠨ ᠤᠷᠤᠭᠰᠢᠯᠠᠬᠤ ᠭᠤᠶᠢᠪᠠᠰᠢ ᠦᠭᠡᠢ ᠵᠣᠷᠢᠭ ᠰᠠᠨᠠᠭ᠎ᠠ ᠨᠢ ᠮᠢᠨᠤ ᠰᠡᠳᠬᠢᠯ ᠢ ᠶᠡᠬᠡᠳᠡ ᠬᠥᠳᠡᠯᠭᠡᠵᠦ᠂ ᠬᠤᠶᠢᠰᠢᠲᠠ ᠰᠤᠷᠤᠯᠭ᠎ᠠ ᠠᠮᠢᠳᠤᠷᠠᠯ ᠳᠠᠭᠠᠨ ᠤᠯᠠᠮ  ᠬᠦᠴᠦᠯᠡᠨ ᠴᠢᠷᠮᠠᠶᠢᠵᠤ᠂ ᠨᠡᠶᠢᠭᠡᠮ  ᠨᠡᠶᠢᠲᠡ ᠳᠤ ᠬᠤᠪᠢ ᠨᠡᠮᠡᠷᠢ ᠪᠠᠨ ᠦᠵᠡᠬᠦᠯᠬᠦ  ᠪᠠᠷ ᠴᠤᠴᠠᠯᠲᠠ ᠦᠭᠡᠢ  ᠴᠢᠷᠮᠠᠶᠢᠨ᠎ᠠ᠃     ᠶᠠᠩ ᠷᠦᠨ᠄ ︽ᠡᠶᠢᠨᠬᠦ ᠡᠳᠦᠷ ᠤᠨ ᠲᠡᠮᠳᠡᠭᠯᠡᠯ ᠳᠠᠬᠢ ᠵᠢᠵᠢᠭ ᠰᠠᠵᠢᠭ ᠵᠦᠢᠯ ᠤᠳ ᠪᠣᠯ ᠴᠥᠮ ᠲᠡᠳᠡᠨ ᠤ ᠦᠰᠦᠨ ᠪᠤᠶᠢᠵᠢᠯᠲᠠ ᠪᠠ ᠤᠬᠠᠭᠠᠷᠠᠯ ᠭᠡᠭᠡᠷᠡᠯ ᠤᠨ ᠪᠤᠳᠠᠳᠤ ᠭᠡᠷᠡᠴᠢ ᠪᠠᠶᠢᠵᠤ᠂ ᠡᠨᠡ ᠤᠳᠠᠭᠠᠨ ᠤ ᠴᠡᠷᠢᠭ ᠤᠨ ᠪᠣᠯᠪᠠᠰᠤᠷᠠᠯ ᠤᠨ ᠠᠶᠠᠯᠠᠯ ᠨᠢ ᠲᠡᠳᠡᠨ  ᠳᠤ  ᠮᠠᠷᠲᠠᠭᠳᠠᠰᠢ ᠦᠭᠡᠢ ᠨᠠᠨᠳᠢᠨ ᠲᠤᠷᠠᠳᠬᠠᠯ ᠪᠤᠯᠬᠤ ᠨᠢ ᠲᠠᠮᠵᠢᠭ ᠦᠭᠡᠢ  ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ‍ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号