ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ ᠨᠡᠶᠢᠭᠡᠮᠯᠢᠭ ᠤᠨ ᠣᠨ ᠤ ᠬᠤᠷᠠᠯ ᠬᠦᠭᠵᠢᠶᠡᠨᠳᠡᠢ ᠶᠠᠪᠤᠭᠲᠠᠯ᠎ᠠ
ᠨᠡᠶᠢᠲᠡᠯᠡᠭᠰᠡᠨ ᠴᠠᠭ᠄
2024/1/3
     ᠪᠠᠷᠠᠭᠤᠨ ᠦᠵᠦᠮᠦᠴᠢᠨ ᠬᠤᠰᠢᠭᠤᠨ ᠤ ᠤᠷᠲᠤ ᠶᠢᠨ ᠳᠠᠭᠤᠤ ᠶᠢᠨ ᠨᠡᠶᠢᠭᠡᠮᠯᠢᠭ ᠨᠢ 2023 ᠤᠨ ᠤ 12 ᠳ᠋ᠤᠭᠠᠷ ᠰᠠᠷ᠎ᠠ ᠶᠢᠨ 29 ᠤ ᠦᠳᠡᠰᠢ᠂ ᠤᠨ ᠤ ᠬᠤᠷᠠᠯ ᠬᠢᠵᠦ ᠦᠩᠭᠡᠷᠡᠭᠴᠢ ᠵᠢᠯ ᠤᠨ ᠠᠵᠢᠯ ᠢᠶᠠᠨ ᠳ᠋ᠦᠩᠨᠡᠡ ᠢᠷᠡᠬᠦ ᠵᠢᠯ ᠤᠨ ᠠᠵᠢᠯ ᠢᠶᠠᠨ ᠲᠦᠰᠦᠪᠯᠡᠡ ᠪᠠᠶᠢᠷᠢᠯᠠᠭᠤᠯᠤᠭᠰᠠᠠ ᠪᠠᠶᠢᠨ᠎ᠠ᠃ ᠲᠤᠰ ᠨᠡᠶᠢᠭᠡᠮᠯᠢᠭ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠠ ᠤ ᠤᠨᠤᠯ ᠢᠶᠠᠷ ᠵᠢᠯᠤᠭᠤᠲᠤᠯᠭ᠎ᠠ ᠪᠤᠯᠭᠠᠠ᠂ ᠨᠠᠮ ᠤᠨ ᠬᠤᠷᠢᠲᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠠ ᠲᠤᠤᠱᠯᠠᠭᠤᠯᠵᠦ᠂ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠪᠤᠯᠤᠨ ᠪᠤᠳᠠᠰ  ᠤᠨ ᠪᠤᠰᠤ ᠰᠤᠶᠤᠯ ᠤᠨ ᠦᠪ ᠢ ᠬᠠᠮᠠᠭᠠᠯᠠᠵᠦ᠂ ᠤᠯᠠᠮᠵᠢᠯᠠᠠ ᠵᠠᠯᠭᠠᠮᠵᠢᠯᠠᠬᠤ ᠲᠤᠬᠠᠢ ᠴᠢᠬᠤᠯᠠ ᠵᠢᠭᠠᠪᠤᠷᠢ ᠶᠢ ᠬᠦᠨᠵᠡᠭᠡᠢ ᠨᠠᠶᠢᠳᠠᠪᠤᠷᠢᠵᠢᠭᠤᠯᠤᠨ᠂ ᠲᠤᠮᠳᠠᠳᠤ ᠶᠢᠨ ᠦᠨᠳᠦᠰᠦᠲᠡᠡ ᠤ ᠰᠢᠯᠢᠳᠡᠭ ᠤᠯᠠᠮᠵᠢᠯᠠᠯᠲᠦ ᠰᠤᠶᠤᠯ ᠤᠨ ᠳᠠᠪᠠᠭᠤᠯᠢᠭ ᠢ ᠪᠠᠳᠠᠷᠠᠭᠤᠯᠤᠨ ᠳᠡᠯᠭᠡᠷᠡᠭᠦᠯᠵᠦ᠂ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠤᠯᠬᠤ ᠤᠷᠲᠤ ᠶᠢᠨ ᠳᠠᠭᠤᠤ ᠶᠢᠨ ᠢᠶᠠᠨ ᠡᠬᠢ ᠰᠤᠷᠪᠤᠯᠵᠢ ᠶᠢ  ᠬᠠᠮᠠᠭᠠᠯᠠᠬᠤ ᠳᠠᠯ᠎ᠠ ᠪᠠᠷ ᠠᠯᠢ ᠤᠯᠠᠠ ᠪᠤᠳᠠᠳᠠᠢ ᠠᠵᠢᠯ ᠬᠢᠭᠰᠡᠡ ᠪᠠᠶᠢᠨ᠎ᠠ᠃ ᠳᠠᠷᠤᠢ 2023 ᠤᠨ ᠳᠤ ᠠᠷᠪᠠᠠ ᠳᠦᠷᠪᠡᠲᠦᠭᠡᠷ ᠤᠳᠠᠭᠠᠠ ᠤ ᠠᠷᠠᠳ ᠤᠨ ᠶᠡᠭᠡ ᠨᠠᠶᠢᠷ ᠤᠨ ᠡᠬᠢᠯᠡᠯᠲᠡ ᠶᠢᠨ ᠶᠤᠰᠤᠯᠠᠯ ᠳᠤ ᠤᠷᠤᠯᠴᠠᠭᠰᠠᠠ᠂ ᠤᠷᠲᠤ ᠶᠢᠨ ᠳᠠᠭᠤᠤ ᠶᠢᠨ ᠭᠠᠴᠠᠭ᠎ᠠ — ᠪᠠᠶᠠᠠᠬᠤᠰᠢᠭᠤ ᠰᠤᠮᠤᠨ ᠤ ᠬᠦᠷᠡᠯᠲᠦ ᠭᠠᠴᠠᠭ᠎ᠠ ᠪᠤᠯᠤᠨ ᠤᠷᠲᠤ ᠶᠢᠨ ᠳᠠᠭᠤᠤ ᠶᠢᠨ ᠶᠡᠭᠡ ᠪᠠᠭᠰᠢ᠂ ᠠᠯᠳᠠᠷᠲᠦ ᠳᠠᠭᠤᠴᠢᠨ ᠵᠠᠭᠤᠨᠨᠠᠰᠤᠲᠦ ᠶᠢᠨ ᠦᠪ ᠰᠠᠭᠤᠴᠠ ᠶᠢᠨ ᠦᠵᠡᠭᠦᠯᠭᠡ ᠪᠠᠷ ᠲᠤᠭᠤᠷᠢᠨ ᠰᠤᠷᠤᠯᠴᠠᠭᠰᠠᠠ᠂ ︽ᠪᠤᠯᠠᠭᠠᠠ ᠬᠠᠩᠭᠠᠢ ᠶᠢᠨ ᠪᠠᠷ᠎ᠠ︾ ᠨᠡᠷᠡᠮᠵᠢᠲᠦ ᠦᠵᠦᠮᠦᠴᠢᠨ ᠤᠷᠲᠤ ᠶᠢᠨ ᠳᠠᠭᠤᠤ ᠶᠢᠨ ᠤᠷᠤᠯᠳᠤᠭᠠᠠ ᠢ ᠡᠷᠭᠢᠯᠡᠭᠰᠡᠡ᠂ ᠬᠦᠨᠳᠦ ᠡᠪᠡᠳᠴᠢᠲᠡᠡ ᠢ ᠬᠠᠨᠳᠢᠪ ᠴᠤᠭᠯᠠᠭᠤᠯᠤᠨ ᠳᠡᠮᠵᠢᠭᠰᠡᠡ᠂ ᠤᠨ ᠤ ᠬᠤᠷᠠᠯ ᠬᠢᠭᠰᠡᠡ ᠵᠡᠷᠭᠡ 5 ᠤᠳᠠᠭ᠎ᠠ ᠶᠢᠨ ᠲᠤᠮᠤᠬᠠᠠ ᠠᠵᠢᠯᠯᠠᠭ᠎ᠠ ᠦᠷᠨᠢᠭᠦᠯᠪᠡ᠃ ᠡᠳᠡᠭᠡᠷ ᠠᠮᠵᠢᠯᠲᠠ ᠤᠯᠤᠯᠲᠠ ᠨᠢ ᠤᠷᠲᠤ ᠶᠢᠨ ᠳᠠᠭᠤᠤ ᠶᠢᠨ ᠨᠡᠶᠢᠭᠡᠮᠯᠢᠭ ᠤᠨ ᠤᠲᠤᠷᠢᠳᠬᠤ ᠪᠠᠭ ᠤᠨ ᠬᠢᠨ ᠤ ᠬᠠᠮᠲᠦ ᠶᠢᠨ ᠴᠢᠷᠮᠠᠶᠢᠯᠭ᠎ᠠ ᠶᠢᠨ ᠦᠷ᠎ᠡ ᠳ᠋ᠦᠩ ᠪᠤᠯᠬᠤ ᠪᠠ ᠪᠦᠬᠦ ᠬᠡᠰᠢᠭᠦᠳ ᠤᠨ ︽ᠲᠤᠤᠭᠠᠷᠪᠠᠯ ᠳᠠᠭᠤ ᠨᠢᠭᠡᠲᠡᠢ᠂ ᠲᠤᠭᠲᠤᠷᠪᠠᠯ ᠬᠦᠴᠦᠨ ᠨᠢᠭᠡᠲᠡᠢ︾ ᠪᠠᠶᠢᠭᠰᠠᠠ ᠤ ᠦᠷ᠎ᠡ ᠪᠦᠲᠦᠮᠵᠢ ᠪᠤᠯᠬᠤ ᠶᠤᠮ᠃       ᠤᠨ ᠤ ᠬᠤᠷᠠᠯ ᠳᠠᠭᠠᠨ᠂ 2023 ᠤᠨ ᠳᠤ ᠤᠷᠲᠤ ᠶᠢᠨ ᠳᠠᠭᠤᠤ ᠶᠢᠨ ᠠᠵᠢᠯ ᠳᠤ ᠭᠤᠷᠪᠠ ᠠᠴᠠ ᠳᠡᠭᠡᠭᠰᠢ ᠤᠳᠠᠭ᠎ᠠ ᠤᠷᠤᠯᠴᠠᠭᠰᠠᠠ ᠪᠠᠲᠤᠵᠢᠷᠭᠠᠯ ᠵᠡᠷᠭᠡ 16 ᠰᠢᠯᠢᠳᠡᠭ ᠬᠡᠰᠢᠭᠦᠨ᠂ ᠰᠢᠨ᠎ᠡ ᠤᠷᠲᠤ ᠶᠢᠨ ᠳᠠᠭᠤᠤ ᠵᠤᠬᠢᠶᠠᠠ ᠪᠦᠲᠦᠭᠡᠵᠦ ᠳᠠᠭᠤᠯᠠᠭᠰᠠᠠ ᠤ · ᠰᠧᠳᠡᠩ᠂ ᠴᠢᠨᠳᠠᠮᠤᠨᠢ ᠵᠡᠷᠭᠡ ᠬᠤᠶᠠᠷ ᠰᠢᠯᠢᠳᠡᠭ ᠤᠷᠠᠠ   ᠪᠦᠲᠦᠭᠡᠯᠴᠢ᠂  ᠡᠷᠬᠢᠮᠪᠠᠶᠠᠷ᠂ ᠫᠢᠷᠠᠩᠯᠠᠢ ᠵᠡᠷᠭᠡ ᠬᠤᠶᠠᠷ ᠰᠢᠯᠢᠳᠡᠭ ᠵᠠᠯᠠᠭᠤ ᠳᠠᠭᠤᠴᠢᠨ᠂ ᠤᠶᠤᠨᠰᠤᠶᠤᠯ᠂ ᠯᠢᠩᠬᠤᠸᠠᠴᠡᠴᠡᠭ ᠵᠡᠷᠭᠡ ᠬᠤᠶᠠᠷ ᠰᠢᠯᠢᠳᠡᠭ ᠵᠢᠭᠠᠠ ᠰᠤᠷᠭᠠᠭᠴᠢ ᠢ ᠱᠠᠩᠨᠠᠠ ᠬᠦᠬᠢᠭᠦᠯᠦᠭᠰᠡᠡ ᠪᠠ ᠨᠠᠷᠠᠠᠳᠤᠩᠭᠠᠯᠠᠭ ᠵᠡᠷᠭᠡ 15 ᠨᠡᠷ᠎ᠡ ᠲᠠᠯᠠᠠ ᠨᠠᠰᠤᠨ ᠠᠴᠠ ᠳᠡᠭᠡᠭᠰᠢᠬᠢ ᠭᠡᠰᠢᠭᠦᠳ ᠢᠶᠠᠨ ︽ᠪᠤᠭᠤᠷᠤᠯ ᠳᠠᠭᠤᠴᠢᠨ︾ ᠤ ᠡᠷᠭᠦᠮᠵᠢᠯᠡᠯ ᠤᠯᠭᠤᠨ ᠠᠯᠳᠠᠷᠰᠢᠭᠤᠯᠤᠭᠰᠠᠠ ᠪᠠᠶᠢᠨ᠎ᠠ᠃      ᠤᠨ ᠤ ᠬᠤᠷᠠᠯ ᠳᠤ 80 ᠭᠠᠷᠤᠢ ᠭᠡᠰᠢᠭᠦᠨ ᠤᠷᠤᠯᠴᠠᠠ ᠪᠦᠭᠦᠳᠡᠭᠡᠷ ᠢᠶᠠᠨ ᠨᠢᠭᠡ ᠲᠤᠤᠷ᠎ᠠ ᠬᠤᠷᠠᠠ ᠴᠤᠭᠯᠠᠵᠦ ᠪᠠᠶᠠᠰᠤᠨ ᠴᠡᠩᠭᠡᠵᠦ᠂ ᠰᠡᠳᠬᠢᠯ ᠰᠠᠨᠠᠭ᠎ᠠ ᠪᠠᠨ ᠤᠶᠢᠯᠠᠭᠠᠯᠴᠠᠬᠤ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠭᠰᠠᠠ ᠮᠦᠷᠲᠡᠭᠡᠡ ᠠᠮᠵᠢᠯᠲᠠ ᠪᠠᠨ ᠳ᠋ᠦᠩᠨᠡᠡ ᠠᠯᠲᠠᠭ᠎ᠠ ᠪᠠᠨ ᠨᠤᠲᠠᠯᠠᠠ᠂ ᠰᠠᠶᠢᠨ ᠢ ᠱᠠᠩᠨᠠᠵᠦ ᠰᠢᠯᠢᠳᠡᠭ ᠢ ᠬᠦᠬᠢᠭᠦᠯᠦᠨ ᠵᠤᠷᠢᠭᠵᠢᠭᠤᠯᠤᠭᠰᠠᠠ ᠤᠳᠬ᠎ᠠ ᠳᠡᠭᠦᠯᠳᠡᠷ ᠬᠤᠷᠠᠯ ᠪᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号