| ᠵᠠᠰᠠᠭ ᠤᠨ ᠤᠷᠳᠤᠨ ᠤ ᠠᠵᠢᠯ ᠤᠨ ᠢᠯᠡᠳᠭᠡᠯ | 2024 ᠣᠨ ᠤ 1 ᠰᠠᠷ᠎ᠠ ᠶᠢᠨ 26 ᠤ ᠡᠳᠦᠷ | ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠣᠣ ᠬᠤᠩ | ᠭᠠᠩ | ᠲᠥᠯᠥᠭᠡᠯᠡᠭᠴᠢᠳ ᠡ᠄ | ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠮᠦᠨᠴᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠡᠯ᠎ᠡ | ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠦᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠬᠥᠭᠵᠢᠯᠲᠡ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠪᠦᠯᠬᠦᠮᠳᠡᠯ ᠢ ᠴᠢᠩᠭᠠᠳᠬᠠᠬᠤ᠂ ᠠᠮᠤᠷ ᠲᠦᠪᠰᠢᠨ ᠢ ᠪᠠᠲᠤᠯᠠᠬᠤ ᠶᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ | ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠶᠡᠷᠤᠩᠬᠡᠶᠢᠯᠡᠭᠰᠡᠨ | ᠵᠢᠭᠰᠠᠭᠠᠯᠳᠠ ᠳᠤ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠪᠠ᠃ | ︵ᠨᠢᠭᠡ︶ ᠠᠵᠤ ᠠᠬᠤᠢ ᠶᠢᠨ ᠠᠵᠢᠯᠯᠠᠭᠠᠨ ᠶᠡᠷᠤᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠪᠠ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ 217 ᠳ᠋ᠦᠩᠰᠢᠭᠤᠷ ᠲᠥᠭᠦᠷᠢᠭ ᠢ ᠪᠡᠶᠡᠯᠡᠬᠦᠯᠦᠨ᠂ | ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 63.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30. | 5% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 27.8 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠪᠡ᠃ ᠬᠤᠲᠠ ᠪᠠᠯᠭᠠᠰᠤ | ᠪᠠ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ | ᠲᠣᠰ ᠲᠣᠰ 50980 ᠲᠥᠭᠦᠷᠢᠭ ᠪᠠ 37774 ᠲᠥᠭᠦᠷᠢᠭ ᠲᠤ ᠬᠦᠷᠴᠦ᠂ 6% ᠪᠠ 6.1% ᠪᠠᠷ | ᠨᠡᠮᠡᠭᠳᠡᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ 5 ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠶᠡᠷᠦᠩᠬᠡᠢ ᠬᠡᠮᠵᠢᠶ᠎ᠡ ᠨᠢ ᠴᠥᠮ ᠪᠦᠬᠦ ᠠᠶᠢᠮᠠᠭ ᠤᠨ ᠡᠮᠦᠨ᠎ᠡ ᠭᠤᠷᠪᠠ ᠳᠤ ᠤᠷᠤᠪᠠ᠃ ᠠᠶᠢᠮᠠᠭ ᠤᠨ ᠲᠠᠰ ᠤᠨ 13 | ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠬᠦᠯᠵᠦ᠂ ᠠᠵᠢᠯ ᠡᠬᠢᠯᠡᠬᠦᠯᠦᠭᠰᠡᠨ ᠨᠣᠷᠮ᠎ᠠ | ᠪᠥᠬᠦ ᠠᠶᠢᠮᠠᠭ ᠲᠤ ᠨᠢᠭᠡᠳᠦᠭᠡᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ | ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ | ᠰᠢᠢᠳᠪᠦᠷᠢᠯᠡᠨ ᠥᠭᠴᠦ᠂ ᠵᠢᠵᠢᠭ ᠠᠵᠤ ᠠᠬᠤᠶᠢᠯᠠᠯ ᠳᠤ 17.5 ᠳ᠋ᠦᠩᠰᠢᠭᠤᠷ ᠲᠥᠭᠦᠷᠢᠭ ᠤᠨ ᠵᠢᠭᠡᠯᠡᠯᠭᠡ | ᠲᠠᠯᠪᠢᠵᠤ᠂ 4.9 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠳᠦᠷᠢᠬᠦᠯᠵᠦ᠂ ᠠᠵᠤ ᠠᠬᠤᠶᠢᠯᠠᠯ ᠪᠠ ᠬᠤᠪᠢ ᠶᠢᠨ | ᠬᠤᠳᠠᠯᠳᠤᠭᠠᠨ ᠤ ᠡᠷᠦᠬᠡ 1084 ᠰᠢᠨ᠎ᠡ ᠪᠠᠷ ᠨᠡᠮᠡᠭᠳᠡᠨ᠂ 3 ᠠᠵᠤ ᠦᠶᠯᠡᠳᠪᠦᠷᠢ ᠶᠢᠨ ᠠᠵᠤ ᠠᠬᠤᠶᠢᠯᠠᠯ | ᠰᠢᠨ᠎ᠡ ᠪᠠᠷ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠳᠠᠩᠰᠠᠯᠠᠭᠳᠠᠨ᠂ ᠦᠢᠯᠡᠳᠪᠦᠷᠢᠯᠡᠯ ᠤᠨ | ᠦᠢᠯᠡᠴᠢᠯᠡᠭᠡᠨ ᠤ ᠴᠢᠨᠠᠷᠲᠠᠢ 5 ᠠᠵᠤ ᠠᠬᠤᠶᠢᠯᠠᠯ ᠮᠠᠨ ᠤ ᠬᠤᠰᠢᠭᠤᠨ ᠳᠤ ᠳᠠᠩᠰᠠᠯᠠᠭᠤᠯᠪᠠ᠃ ︽ᠲᠠᠪᠤ ᠶᠢ ᠡᠴᠦᠰ | ᠲᠤᠨᠢ ᠲᠤᠯᠲᠠᠯ᠎ᠠ ᠬᠢᠬᠦ︾ ᠠᠵᠢᠯ ᠢ ᠭᠦᠨᠵᠡᠭᠡᠢ ᠠᠬᠢᠭᠤᠯᠵᠤ᠂ ᠭᠠᠷ ᠭᠦᠢᠴᠡᠳᠬᠡᠯ ᠪᠦᠷᠢᠨᠰᠢᠭᠡᠳᠦᠢ ᠳᠦᠷᠦᠯ ᠵᠦᠢᠯ᠂ | ᠠᠰᠢᠭᠯᠠᠭᠠᠳᠤᠢ ᠪᠡᠯᠡ ᠮᠥᠩᠭᠦ᠂ ︽ᠳᠤᠲᠠᠭᠤ ᠲᠤᠷᠭᠤᠨ ᠵᠤᠭᠰᠤᠭᠰᠠᠨ ᠢᠨᠵᠧᠨᠧᠷᠢᠩ︾᠂ ᠨᠡᠭᠡᠭᠡᠯᠲᠡ ᠶᠢᠨ ᠣᠷᠣᠨ | ᠤ ᠪᠦᠲᠦᠭᠡᠨ ᠪᠠᠶᠢᠭᠤᠯᠤᠯᠲᠠ ᠵᠡᠷᠭᠡ 4 ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠤᠯᠠ | ᠬᠠᠶᠠᠭᠳᠠᠭᠰᠠᠨ ᠭᠠᠵᠠᠷ ᠰᠢᠷᠤᠢ ᠪᠠ ᠵᠦᠪᠰᠢᠶᠡᠷᠡᠭᠰᠡᠨ ᠪᠤᠯᠪᠠᠴᠦ ᠠᠰᠢᠭᠯᠠᠭᠠᠳᠤᠢ ᠭᠠᠵᠠᠷ ᠰᠢᠷᠣᠢ ᠶᠢᠨ ᠠᠰᠠᠭᠤᠳᠠᠯ ᠢ | ᠰᠢᠢᠳᠪᠦᠷᠢᠯᠡᠬᠦ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ | ᠶᠢᠨ ᠲᠣᠭᠤᠷᠢᠭ ᠨᠢ 293 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠶᠡᠷᠤᠩᠬᠡᠢ | ᠬᠦᠴᠦᠨ ᠢᠶᠠᠷ ᠢᠶᠠᠨ ᠪᠦᠬᠦ ᠣᠷᠣᠨ ᠤ ᠡᠮᠦᠨ᠎ᠡ ᠠᠷᠪᠠ ᠳᠤ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠲᠥᠷᠥᠯ ᠤᠨ ᠠᠵᠦ ᠦᠢᠯᠡᠳᠪᠦᠷᠢ ᠶᠢᠨ ᠲᠣᠭᠤᠷᠢᠭ ᠪᠣᠯᠪᠠ᠃ ᠪᠦᠬᠦ ᠬᠤᠰᠢᠭᠤᠨ ᠤ ᠭᠠᠵᠠᠷ ᠣᠷᠣᠨ ᠤ | ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ 7 ᠵᠢᠯ ᠳᠠᠷᠠᠭᠠᠯᠠᠨ ︽ᠳᠤᠮᠳᠠᠳᠤ | ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ︾ ᠤ ᠡᠩᠨᠡᠭᠡᠨ ᠳᠤ ᠣᠷᠣᠵᠤ᠂ 54 | ᠳ᠋ᠦ᠋ᠭᠡᠷ ᠲᠤ ᠵᠢᠭᠰᠠᠭᠠᠭᠳᠠᠪᠠ᠃ | ︵ᠬᠤᠶᠠᠷ︶ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ | ——ᠠᠵᠤ ᠦᠢᠯᠡᠳᠪᠦᠷᠢ ᠶᠢᠨ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠦᠭᠵᠢᠬᠦᠯᠪᠡ᠃ ᠡᠨᠧᠷᠭᠢ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠪᠦᠬᠦ ᠵᠢᠯ ᠳᠤ 6153 ᠲᠦᠮᠡᠨ | ᠲᠣᠨ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃ ᠴᠠᠬᠢᠯᠭᠠᠨ | ᠭᠠᠷᠭᠠᠭᠰᠠᠨ ᠬᠡᠮᠵᠢᠶ᠎ᠡ 231 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17. | 7% ᠪᠠᠷ ᠨᠡᠮᠡᠭᠳᠡᠵᠦ᠂ ᠨᠡᠭᠦᠷᠡᠰᠦᠨ ᠤ ᠭᠠᠷᠤᠯᠲᠠ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠲᠡᠦᠬᠡ ᠶᠢᠨ | ᠰᠢᠨ᠎ᠡ ᠳᠦᠪᠰᠢᠨ ᠳᠤ ᠬᠦᠷᠪᠡ᠃ ︽ᠨᠡᠭᠦᠷᠡᠰᠦ ︱ ᠴᠠᠬᠢᠯᠭᠠᠨ ︱ ᠬᠦᠩᠭᠡᠨᠴᠠᠭᠠᠨ ︱ ᠬᠦᠩᠭᠡᠨᠴᠠᠭᠠᠨ ᠢ | ᠨᠠᠷᠢᠯᠢᠭ ᠪᠤᠯᠪᠠᠰᠤᠷᠠᠭᠤᠯᠬᠤ︾ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠪᠠᠬᠢᠵᠢᠭᠦᠯᠵᠦ᠂ | ᠬᠦᠩᠭᠡᠨᠴᠠᠭᠠᠨ ᠤ ᠳᠦᠬᠦᠭᠡᠢ ᠪᠤᠳᠠᠰ ᠢ ᠨᠡᠶᠢᠲᠡ 21.3 ᠲᠦᠮᠡᠨ ᠲᠣᠨ ᠪᠤᠯᠪᠠᠰᠤᠷᠠᠭᠤᠯᠵᠦ᠂ ᠬᠦᠩᠭᠡᠨᠴᠠᠭᠠᠨ ᠤ | ᠨᠠᠷᠢᠯᠢᠭ ᠪᠤᠯᠪᠠᠰᠤᠷᠠᠭᠤᠯᠤᠭᠰᠠᠨ ᠦᠢᠯᠡᠳᠬᠦᠨ ᠢ 18.3 ᠲᠦᠮᠡᠨ ᠲᠣᠨ ᠦᠢᠯᠡᠳᠪᠦᠷᠢᠯᠡᠪᠡ᠃ ᠰᠢᠨ᠎ᠡ ᠡᠨᠧᠷᠭᠢ ᠶᠢᠨ | ᠠᠵᠤ ᠦᠢᠯᠡᠰ ᠰᠢᠨ᠎ᠡ ᠠᠬᠢᠴᠠ ᠲᠠᠢ ᠪᠤᠯᠵᠦ᠂ ᠪᠦᠬᠦ ᠤᠯᠤᠰ ᠤᠨ ᠬᠠᠮᠤᠭ ᠤᠨ ᠲᠣᠮᠣ ᠵᠠᠳᠠᠭᠠᠢ ᠠᠭᠤᠷᠬᠠᠢ ᠶᠢᠨ | ᠰᠢᠷᠣᠢ ᠣᠪᠤᠭᠠᠯᠠᠬᠤ ᠲᠠᠯᠠᠪᠠᠢ ᠶᠢᠨ ᠨᠠᠷᠠᠨ ᠤ ᠡᠨᠧᠷᠬᠢ ᠶᠢᠨ ᠲᠦᠷᠦᠯ ᠵᠦᠢᠯ ︱ ᠪᠠᠶᠠᠨᠬᠤᠸᠠ ᠦᠪᠡᠷ ᠢ ᠪᠠᠨ | ᠬᠠᠩᠭᠠᠬᠤ ᠴᠠᠬᠢᠯᠭᠠᠨ ᠦᠢᠯᠡᠳᠪᠦᠷᠢ ᠶᠢᠨ 300MW ᠴᠠᠬᠢᠯᠭᠠᠨ ᠭᠠᠷᠭᠠᠬᠤ ᠲᠥᠷᠥᠯ ᠵᠦᠢᠯ ᠤᠨ ᠨᠢᠭᠡᠳᠦᠭᠡᠷ | ᠬᠤᠭᠤᠴᠠᠭ᠎ᠠ ᠨᠢ ᠴᠠᠬᠢᠯᠭᠠᠨ ᠭᠠᠷᠭᠠᠵᠦ ᠠᠰᠢᠭᠯᠠᠯᠳᠠ ᠳᠤ ᠤᠷᠤᠪᠠ᠃ ᠨᠤᠨᠳᠠᠭ ᠨᠡᠭᠦᠷᠡᠰᠦᠨ ᠤ ᠦᠨᠡᠰᠦ ᠶᠢ | ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠤᠸᠠ ᠴᠤᠸᠠᠩ ᠯᠢᠤᠢ ᠶᠠᠨ᠂ ᠶᠤᠸᠠᠨ ᠹᠧᠩ | ᠠᠵᠤ ᠦᠢᠯᠡᠰ᠂ ᠰᠢᠨ ᠱᠢ ᠪᠠᠷᠢᠯᠭ᠎ᠠ ᠶᠢᠨ ᠮᠠᠲ᠋ᠧᠷᠢᠶᠠᠯ ᠵᠡᠷᠭᠡ 3 ᠠᠵᠤ ᠠᠬᠤᠶᠢᠯᠠᠯ ᠤᠨ ᠪᠠᠷᠢᠯᠭ᠎ᠠ ᠶᠢᠨ ᠳᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠵᠢᠷ ᠤᠨ ᠭᠤᠣᠯ ᠬᠤᠶᠠᠳᠤᠭᠠᠷ ᠵᠠᠳᠠᠭᠠᠢ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠲᠠᠬᠢᠨ ᠰᠡᠷᠭᠦᠭᠡᠨ ᠠᠵᠢᠯ ᠡᠬᠢᠯᠡᠬᠦᠯᠵᠦ᠂ ᠬᠤᠸᠠ ᠷᠦᠨ ᠪᠦᠯᠦᠭᠯᠡᠯ | ᠤᠨ ᠪᠠᠷᠠᠭᠤᠨ ᠨᠢᠭᠡᠳᠦᠭᠡᠷ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠬᠠᠮᠲᠤᠷᠠᠨ ᠲᠤᠷᠰᠢᠨ | ᠠᠵᠢᠯᠯᠠᠭᠤᠯᠬᠤ ᠶᠢ ᠪᠡᠶᠡᠯᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ | ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ | ᠳᠠᠭᠤᠰᠬᠠᠵᠤ᠂ ᠰᠦ᠋ ᠨᠧᠩ ᠪᠦᠯᠦᠭᠯᠡᠯ ᠤᠨ ᠪᠠᠶᠠᠨᠬᠤᠸᠠ ᠴᠠᠬᠢᠯᠭᠠᠨ ᠦᠢᠯᠡᠳᠪᠦᠷᠢ ᠶᠢ ᠡᠬᠢᠯᠡᠨ ᠪᠠᠶᠢᠭᠤᠯᠵᠤ᠂ | ᠪᠠᠶᠠᠨᠬᠤᠸᠠ ᠳᠠᠬᠢ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ ᠵᠢᠴᠢ ᠥᠪᠡᠷ ᠢ ᠪᠠᠨ ᠬᠠᠩᠭᠠᠬᠤ ᠴᠠᠬᠢᠯᠭᠠᠨ | ᠦᠢᠯᠡᠳᠪᠦᠷᠢ ᠨᠢ ᠪᠦᠷᠢᠨ ᠴᠢᠳᠠᠪᠬᠢ ᠪᠠᠷ ᠬᠡᠷᠡᠭᠯᠡᠯᠲᠡ ᠳᠤ ᠤᠷᠤᠵᠦ᠂ ᠥᠪᠥᠷ ᠮᠣᠩᠭᠤᠯ ᠤᠨ ᠪᠤᠤ ᠱᠦᠸᠧ ᠰᠢᠨ᠎ᠡ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠤᠷᠤᠭᠰᠢᠲᠠᠢ ᠪᠠᠷ ᠪᠦᠷᠢᠳᠬᠡᠯ ᠳᠤ ᠲᠠᠩᠰᠠᠯᠠᠭᠤᠯᠪᠠ᠃ ᠪᠥᠬᠦ | ᠬᠤᠰᠢᠭᠤᠨ ᠤ 27 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ | 337.3 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 23% ᠪᠠᠷ ᠨᠡᠮᠡᠭᠳᠡᠪᠡ᠃ | —— ᠤᠳᠤᠬᠢᠴᠢᠯᠠᠭᠰᠠᠨ ᠮᠠᠯ ᠠᠵᠤ ᠠᠬᠤᠢ ᠶᠢ ᠯᠠᠪᠳᠠᠭᠤᠨ ᠢᠶᠠᠷ ᠬᠦᠭᠵᠢᠬᠦᠯᠪᠡ᠃ ᠤᠯᠤᠰ ᠤᠨ ᠲᠠᠷᠢᠶᠠᠯᠠᠩ ᠤᠨ | ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠭᠤᠣᠯ ᠪᠣᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠡᠯᠴᠢᠭᠡᠷ ᠤᠨ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠤᠯᠤᠰ ᠤᠨ ᠲᠤᠷᠰᠢᠯᠲᠠ ᠶᠢᠨ ᠲᠥᠷᠥᠯ ᠵᠦᠢᠯ ᠤᠨ ᠵᠢᠯ ᠤᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠳᠤ ᠨᠡᠶᠢᠲᠡ | 131 ᠲᠦᠮᠡᠨ ᠲᠣᠯᠣᠭᠠᠢ ᠮᠠᠯ ᠤᠨ ᠭᠠᠷᠭᠠᠯᠲᠠ ᠬᠢᠵᠦ᠂ ᠠᠳᠠᠯᠢ ᠬᠤᠭᠤᠴᠠᠭᠠᠨ ᠤ ᠬᠢ ᠠᠴᠠ 19 % ᠪᠠᠷ | ᠨᠡᠮᠡᠭᠳᠡᠪᠡ᠃ ᠮᠢᠬᠠᠨ ᠤ ᠦᠬᠡᠷ ᠤᠨ ᠰᠦᠷᠦᠭ ᠢ ᠦᠰᠬᠡᠨ ᠴᠢᠨᠠᠷ ᠢ ᠳᠡᠭᠡᠭᠰᠢᠯᠡᠭᠦᠯᠬᠦ ᠠᠵᠢᠯ ᠢ ᠯᠠᠪᠳᠠᠭᠤᠨ | ᠠᠬᠢᠭᠤᠯᠵᠤ᠂ 716 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠵᠦ᠂ 11 ᠲᠦᠮᠡᠨ | ᠳᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠦ᠂ ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠬᠤ 7 | ᠡᠷᠦᠬᠡ ᠶᠢ ᠰᠢᠨ᠎ᠡ ᠪᠠᠷ ᠦᠨᠡᠯᠡᠨ ᠲᠣᠭᠲᠠᠭᠠᠵᠤ᠂ ︽ᠦᠵᠦᠮᠦᠴᠢᠨ ᠴᠠᠭᠠᠨ ᠦᠬᠡᠷ︾ ᠢ ᠰᠢᠨ᠎ᠡ ᠡᠭᠦᠯᠳᠡᠷ ᠢᠶᠠᠷ | ᠦᠨᠡᠯᠡᠨ ᠲᠣᠭᠲᠠᠭᠠᠬᠤ ᠠᠵᠢᠯ ᠢ ᠦᠷᠭᠦᠯᠵᠢᠯᠡᠨ ᠠᠬᠢᠭᠤᠯᠪᠠ᠃ ᠦᠵᠦᠮᠦᠴᠢᠨ ᠬᠤᠨᠢᠨ ᠤ ᠲᠣᠭᠠᠴᠢᠯᠠᠭᠰᠠᠨ | ᠡᠭᠦᠯᠳᠡᠷ ᠪᠣᠶᠢᠵᠢᠭᠤᠯᠬᠤ ᠰᠢᠰᠲ᠋ᠧᠮ ᠢ ᠪᠠᠶᠢᠭᠤᠯᠵᠦ᠂ 4 ᠲᠦᠮᠡᠨ ᠲᠣᠯᠣᠭᠠᠢ ᠥᠬᠢᠨ ᠲᠦᠯᠦᠭᠡ ᠳᠤ ᠬᠢᠨᠠᠨ | ᠲᠤᠭᠲᠠᠭᠠᠯᠲᠠ ᠬᠢᠵᠣ᠂ 668 ᠲᠦᠮᠡᠨ ᠲᠥᠭᠦᠷᠢᠭ ᠤᠨ ᠬᠤᠨᠢᠨ ᠤ ᠠᠵᠤ ᠦᠢᠯᠡᠰ ᠤᠨ ᠨᠥᠬᠦᠪᠥᠷᠢ ᠮᠥᠩᠭᠦ ᠶᠢ | ᠲᠠᠷᠬᠠᠭᠠᠪᠠ᠃ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠪᠠᠲᠤᠳᠬᠠᠨ ᠳᠡᠭᠡᠭᠰᠢᠯᠡᠭᠦᠯᠵᠦ᠂ 63 | ᠭᠤᠤᠯᠳᠠᠯᠭᠠᠳᠤ ᠰᠦᠷᠦᠭ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ 1 ᠰᠠᠭᠤᠷᠢᠨ ᠭᠠᠵᠠᠷ ᠢ ᠪᠠᠶᠢᠭᠤᠯᠵᠤ᠂ | ᠮᠣᠩᠭᠤᠯ ᠠᠳᠤᠭᠤᠨ ᠤ ᠬᠠᠮᠠᠭᠠᠯᠠᠯᠲᠠ ᠶᠢᠨ ᠨᠥᠬᠦᠪᠥᠷᠢ ᠮᠥᠩᠭᠦ ᠶᠢ 82 ᠲᠦᠮᠡᠨ ᠲᠥᠭᠦᠷᠢᠭ ᠲᠠᠷᠬᠠᠭᠠᠪᠠ᠃ | ᠴᠠᠭᠠᠨ ᠢᠳᠡᠭᠡᠨ ᠤ ᠠᠵᠤ ᠦᠶᠯᠡᠰ ᠢ ᠬᠥᠭᠵᠢᠭᠦᠯᠬᠦ ᠪᠠᠶᠢᠯᠳᠤᠬᠤ ᠪᠣᠳᠤᠯᠭ᠎ᠠ ᠶᠢ ᠬᠡᠷᠡᠭᠵᠢᠬᠦᠯᠵᠦ᠂ SC ᠭᠡᠷᠡᠴᠢᠯᠡᠯ | ᠲᠠᠢ ᠴᠠᠭᠠᠨ ᠢᠳᠡᠭᠡᠨ ᠡᠳ᠋ᠰᠢᠭᠦᠯᠬᠦ 2 ᠠᠵᠤ ᠠᠬᠤᠶᠢᠯᠠᠯ ᠢ ᠲᠡᠳᠬᠦᠵᠦ᠂ ᠴᠠᠭᠠᠨ ᠢᠳᠡᠭᠡᠨ ᠪᠤᠯᠪᠠᠰᠤᠷᠠᠭᠤᠯᠬᠤ 1 | ᠠᠵᠤ ᠠᠬᠤᠶᠢᠯᠠᠯ ᠨᠢ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠣᠷᠣᠨ ᠨᠤᠲᠤᠭ ᠤᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠳᠡᠮᠳᠡᠭ ᠢ ᠤᠯᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠲᠤᠯᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ | ᠦᠵᠡᠭᠦᠯᠬᠦ ᠲᠥᠪ ᠪᠠ ᠲᠡᠵᠢᠭᠡᠯ ᠡᠪᠡᠰᠤ ᠨᠦᠭᠡᠴᠡᠯᠡᠬᠦ 2 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ | ᠠᠮᠢᠳᠠᠨ ᠤ ᠦᠬᠦᠳᠡᠯ ᠢ ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠪᠠᠶᠢᠭᠤᠯᠪᠠ᠃ | ᠦᠵᠦᠮᠦᠴᠢᠨ ᠬᠤᠨᠢ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠷᠪᠠᠨ ᠶᠡᠭᠡ ᠰᠢᠯᠢᠳᠡᠭ ᠡᠭᠦᠯᠳᠡᠷ ᠤᠨ | ᠡᠬᠢ ᠪᠠᠶᠠᠯᠢᠭ ᠲᠤ ᠵᠢᠭᠰᠠᠭᠠᠭᠳᠠᠵᠤ᠂ ᠮᠠᠨ ᠤ ᠬᠤᠰᠢᠭᠤ ᠨᠢ ᠳᠤᠮᠳᠠᠳᠤ ᠤᠯᠤᠰ ᠤᠨ ︽ᠨᠢᠭᠡ ᠤᠷᠤᠨ ᠨᠢᠭᠡ | ᠨᠡᠷᠡᠲᠦ ᠳᠡᠮᠳᠡᠭᠳᠦ︾ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | —— ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠪᠡ᠃ ︽ᠪᠠᠭ᠋ᠠᠷᠤᠮ᠎ᠠ | ᠰᠠᠶᠢᠬᠠᠨ ᠪᠠᠷᠠᠭᠤᠨ ᠦᠵᠦᠮᠦᠴᠢᠨ︾᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 | ᠨᠣᠮᠧᠷᠲᠤ ᠵᠠᠰᠠᠮᠠᠯ ᠵᠠᠮ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠰᠣᠶᠣᠯ ᠵᠢᠭᠤᠯᠴᠢᠯᠠᠯ | ᠤᠨ ᠨᠡᠷᠡᠲᠦ ᠲᠡᠮᠳᠡᠭ ᠢ ᠴᠢᠷᠮᠠᠶᠢᠨ ᠡᠭᠦᠳᠴᠦ᠂ ᠴᠠᠩᠴᠦ᠋ᠨ᠂ ᠮᠦᠭᠳᠡᠨ ᠠᠴᠠ ᠮᠠᠨ ᠤ ᠬᠤᠰᠢᠭᠤᠨ ᠳᠤ ᠢᠷᠡᠬᠦ | ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠤᠷᠤᠭᠰᠢᠲᠠᠢ ᠨᠡᠪᠲᠡᠷᠡᠭᠦᠯᠪᠠ᠃ 5000 ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠤᠯᠠᠭᠠᠨ ᠤᠲᠠᠢ᠂ ᠬᠠᠪᠴᠢᠭᠠᠢ᠂ ︽ᠲᠠᠯ᠎ᠠ ᠨᠤᠲᠤᠭ ᠤᠨ ᠬᠠᠶᠢᠷ᠎ᠠ︾ ᠵᠡᠷᠭᠡ | ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠰ ᠳᠡᠪᠰᠢᠬᠦᠯᠵᠦ᠂ ᠤᠯᠠᠭᠠᠨ ᠤᠲᠠᠢ ᠶᠢᠨ ᠨᠤᠮᠢᠨ ᠵᠢᠷ | ᠵᠤᠴᠢᠳ ᠤᠨ ᠪᠠᠭᠤᠳᠠᠯ ᠢ ᠠᠰᠢᠭᠯᠠᠯᠳᠠ ᠳᠤ ᠤᠷᠤᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ | ᠨᠤᠲᠤᠭ ᠤᠨ ︽99 ᠨᠣᠮᠧᠷᠲᠤ ᠵᠠᠰᠠᠮᠠᠯ ᠵᠠᠮ︾ ᠤᠨ ᠳᠠᠭᠤᠤ ᠬᠥᠭᠵᠢᠮ ᠤᠨ ᠨᠠᠶᠢᠷ᠂ ᠪᠥᠬᠦ ᠤᠯᠤᠰ ᠤᠨ ᠲᠠᠪᠤᠨ | ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ︽ᠮᠢᠩᠭᠠᠨ ᠲᠡᠷᠭᠡ ᠲᠦᠮᠡᠨ ᠬᠥᠮᠥᠨ︾ | ᠤ ᠮᠠᠰᠢᠨ ᠮᠣᠲ᠋ᠣᠷ ᠤᠨ ᠤᠷᠤᠯᠳᠤᠭᠠᠨ᠂ ᠮᠢᠩᠭᠠᠨ ᠬᠥᠮᠥᠨ ᠤ ᠶᠠᠪᠠᠭᠠᠨ ᠠᠯᠬᠤᠬᠤ ᠤᠷᠤᠯᠳᠤᠭᠠᠨ᠂ ᠲᠠᠯ᠎ᠠ | ᠨᠤᠲᠤᠭ ᠤᠨ ᠸᠠᠩ ᠳᠤᠭᠤᠢ ᠲᠡᠷᠭᠡᠨ ᠤᠷᠤᠯᠳᠤᠭᠠᠨ ᠵᠢᠴᠢ ᠭᠦᠶᠦᠯᠲᠡ ᠶᠢᠨ ᠤᠷᠤᠯᠳᠤᠭᠠᠨ᠂ ᠲᠢᠺ ᠲᠤᠺ ᠤᠨ | ᠵᠠᠭᠤᠨ ᠲᠦᠮᠡᠨ ᠳᠠᠭᠠᠭᠴᠢ ᠲᠠᠢ ᠰᠦᠯᠵᠢᠶᠡᠨ ᠤ ᠤᠳᠤᠳ 99 ᠨᠣᠮᠧᠷᠲᠤ ᠵᠠᠰᠠᠮᠠᠯ ᠵᠠᠮ ᠢᠶᠠᠷ ᠵᠤᠭᠠᠴᠠᠬᠤ ᠪᠠ | ᠠᠷᠪᠠᠨ ᠳᠦᠷᠪᠡᠳᠦᠭᠡᠷ ᠤᠳᠠᠭᠠᠨ ᠤ ᠠᠷᠠᠳ ᠤᠨ ᠨᠠᠶᠢᠷ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ | ᠭᠤᠷᠤᠬᠠᠨ ᠴᠥᠬᠦᠷᠦᠮ ᠤᠨ ᠵᠢᠭᠠᠰᠤ ᠭᠦᠬᠢᠳᠡᠬᠦ ᠤᠷᠤᠯᠳᠤᠭᠠᠨ ᠵᠡᠷᠭᠡ ᠠᠯᠢ ᠣᠯᠠᠨ ᠥᠪᠡᠷᠮᠢᠴᠡ ᠣᠨᠴᠠᠯᠢᠭ ᠢᠶᠠᠷ | ᠢᠯᠡ ᠲᠣᠳᠣ᠂ ᠨᠦᠯᠦᠭᠡᠯᠡᠬᠦ ᠬᠦᠴᠦᠨ ᠲᠠᠢ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 130 ᠭᠠᠷᠤᠢ | ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠪᠠᠷᠤᠭ 7.8 ᠳ᠋ᠦᠩᠰᠢᠭᠤᠷ | ᠲᠥᠭᠦᠷᠢᠭ ᠲᠤ ᠬᠦᠷᠪᠡ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠪᠦᠬᠦ ᠤᠯᠤᠰ ᠲᠤ | ᠠᠯᠳᠠᠷᠰᠢᠵᠦ᠂ ᠨᠡᠷᠡᠲᠦ ᠲᠡᠮᠳᠡᠭ ᠤᠨ ᠠᠯᠳᠠᠷᠰᠢᠯ ᠪᠠ ᠬᠠᠯᠠᠮᠰᠢᠯ ᠦᠷᠭᠦᠯᠵᠢᠯᠡᠨ ᠳᠡᠭᠡᠭᠰᠢᠯᠡᠪᠡ᠃ ᠪᠠᠶ᠋ᠬᠠᠷᠬᠡᠳᠤ | ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ︽ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠭᠠᠴᠠᠭ᠎ᠠ︾ ᠪᠠᠷ ᠦᠨᠡᠯᠡᠭᠳᠡᠪᠡ᠃ ︽ᠵᠢᠭᠤᠯᠴᠢᠯᠠᠯ ᠤᠨ ᠦᠢᠯᠡᠰ ᠢ ᠳᠡᠳᠬᠦᠬᠦ | ᠠᠷᠪᠠᠨ ᠵᠤᠷᠪᠤᠰ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 215 ᠲᠦᠮᠡᠨ ᠳᠦᠬᠦᠷᠢᠭ ᠤᠨ | ᠱᠠᠩᠨᠠᠯ ᠤᠨ ᠮᠦᠩᠭᠦ ᠲᠠᠷᠬᠠᠭᠠᠪᠠ᠃ ᠦᠷᠯᠦᠭᠡ ᠶᠢᠨ ᠵᠠᠬ᠎ᠠ᠂ ᠰᠥᠨᠢ ᠶᠢᠨ ᠵᠠᠬ᠎ᠠ ᠶᠢᠨ ᠪᠠᠶᠢᠭᠤᠯᠤᠯᠳᠠ ᠶᠢ | ᠴᠢᠩᠭᠠᠳᠬᠠᠵᠦ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 600 ᠲᠦᠮᠡᠨ ᠲᠥᠭᠦᠷᠢᠭ | ᠲᠠᠷᠬᠠᠭᠠᠵᠤ᠂ 1440 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠡᠯᠧᠺᠲᠷᠣᠨ ᠬᠤᠳᠠᠯᠳᠤᠭᠠᠨ ᠤ | ᠪᠣᠷᠣᠯᠠᠭᠤᠯᠤᠯᠲᠠ ᠶᠢᠨ ᠬᠡᠮᠵᠢᠶ᠎ᠡ 8000 ᠲᠦᠮᠡᠨ ᠲᠥᠭᠦᠷᠢᠭ ᠢ ᠳᠠᠪᠠᠵᠤ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠭᠠᠷᠳᠠᠮ ᠢ | ᠭᠦᠢᠴᠡᠳᠬᠡᠪᠡ᠃ ᠮᠥᠩᠭᠦᠨ ᠭᠦᠶᠯᠭᠡᠭᠡᠨ ᠤ ᠡᠯ᠎ᠡ ᠵᠦᠶᠯ ᠤᠨ ᠬᠠᠳᠠᠭᠠᠯᠠᠮᠵᠢ ᠶᠢᠨ ᠦᠯᠡᠳᠡᠪᠦᠷᠢ 90.3 | ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 108 ᠳ᠋ᠦᠩᠰᠢᠭᠤᠷ ᠲᠥᠭᠦᠷᠢᠭ ᠲᠤ ᠬᠦᠷᠴᠦ᠂ ᠲᠣᠰ | ᠲᠣᠰ 12.9% ᠪᠠ 14.4% ᠪᠠᠷ ᠨᠡᠮᠡᠭᠳᠡᠪᠡ᠃ ᠬᠤᠲᠠ ᠬᠦᠲᠡᠭᠡ ᠶᠢᠨ ᠨᠡᠶᠢᠲᠡ ᠶᠢᠨ ᠮᠠᠰᠢᠨ ᠤ ᠠᠶᠠᠨᠴᠢᠳ | ᠳᠡᠭᠡᠭᠡᠪᠦᠷᠢᠯᠡᠭᠰᠡᠨ ᠬᠡᠮᠵᠢᠶ᠎ᠡ 31.4 ᠲᠦᠮᠡᠨ ᠬᠥᠮᠥᠨ ᠤᠳᠠᠭ᠎ᠠ ᠳᠤ ᠬᠦᠷᠴᠦ᠂ ᠡᠭᠦᠨ ᠳᠤ 20.7 ᠲᠦᠮᠡᠨ | ᠬᠥᠮᠥᠨ ᠤᠳᠠᠭ᠎ᠠ ᠠᠴᠠ ᠰᠦᠢᠳᠬᠡᠯ ᠬᠤᠷᠢᠶᠠᠭᠰᠠᠨ ᠦᠭᠡᠢ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ | ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠠᠬᠢᠭᠤᠯᠵᠤ᠂ ᠠᠭᠤᠷᠬᠠᠶ ᠶᠢᠨ ᠠᠵᠤ ᠠᠬᠤᠶᠢᠯᠠᠯ | ᠢ ᠵᠢᠯᠤᠭᠤᠳᠤᠨ᠂ ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠵᠦ᠂ 8.2 ᠲᠡᠭᠰᠢ ᠳᠥᠷᠪᠡᠯᠵᠢᠨ ᠺᠢᠯᠣᠮᠧᠲᠷ | ᠲᠠᠯᠠᠪᠠᠢ ᠶᠢ ᠵᠠᠰᠠᠭᠤᠯᠪᠠ᠃ ᠶᠤᠸᠠᠢ ᠶᠢᠨ ᠨᠡᠭᠦᠷᠡᠰᠦᠨ ᠠᠭᠤᠷᠬᠠᠶ ᠶᠢᠨ ᠵᠠᠰᠠᠯᠲᠠ ᠶᠢᠨ ᠲᠥᠷᠥᠯ ᠵᠦᠶᠯ ᠨᠢ ᠱᠠᠳᠤᠴᠢ | ᠴᠢᠨᠠᠷᠳᠠᠢ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ 12 ᠠᠭᠤᠷᠬᠠᠶ ᠨᠢ ᠪᠥᠬᠦ ᠠᠶᠢᠮᠠᠭ ᠤᠨ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠨᠡᠷᠡᠰ ᠤᠨ ᠵᠢᠭᠰᠠᠭᠠᠯᠲᠠ ᠳᠤ ᠰᠤᠩᠭᠤᠭᠳᠠᠬᠤ | ᠪᠠᠷᠢᠮᠵᠢᠶᠠᠨ ᠳᠤ ᠬᠥᠷᠪᠡ᠃ ᠭᠤᠣᠯ ᠮᠥᠷᠡᠨ ᠨᠠᠭᠤᠷ ᠴᠥᠭᠦᠷᠥᠮ ᠤᠨ | ︽ᠳᠥᠷᠪᠡᠨ ᠪᠤᠬᠢᠷᠳᠤᠯ︾ ᠢ ᠴᠡᠪᠡᠷᠯᠡᠬᠦ ᠶᠢ ᠪᠠᠶᠢᠩᠭᠤᠵᠢᠭᠤᠯᠤᠨ ᠠᠬᠢᠭᠤᠯᠵᠤ᠂ ᠭᠠᠵᠠᠷ ᠳᠡᠭᠡᠷᠡᠬᠢ ᠤᠰᠤᠨ ᠤ | ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠦᠨᠡᠯᠡᠬᠦ ᠳᠦᠷᠢᠮ ᠢ ᠬᠡᠷᠡᠭᠵᠢᠬᠦᠯᠵᠦ᠂ ᠭᠤᠷᠣᠬᠠᠨ ᠭᠤᠣᠯ ᠢ | ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠵᠢᠯ ᠢ ᠳᠠᠭᠤᠰᠬᠠᠪᠠ᠃ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ᠂ ᠮᠠᠯ | ᠪᠡᠯᠴᠢᠭᠡᠷ ᠤᠨ ᠲᠡᠩᠴᠡᠭᠦᠷᠢ ᠶᠢᠨ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠪᠠᠯᠠ ᠮᠥᠩᠭᠦ᠂ ᠪᠡᠯᠴᠢᠭᠡᠷ ᠰᠡᠷᠭᠦᠭᠡᠬᠦ ᠨᠦᠬᠦᠪᠦᠷᠢ ᠮᠦᠩᠭᠦ ᠶᠢ ᠨᠡᠶᠢᠲᠡ 1.3 ᠳ᠋ᠦᠩᠰᠢᠭᠤᠷ | ᠲᠥᠭᠦᠷᠢᠭ ᠲᠠᠷᠬᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠤ ᠳᠡᠰ ᠤᠨ ᠲᠤᠷᠰᠢᠯᠲᠠ ᠶᠢᠨ ᠬᠤᠰᠢᠭᠤ | ᠪᠠᠷ ᠵᠢᠭᠰᠠᠭᠠᠭᠳᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠤ ᠡᠯᠡᠰᠦᠷᠬᠡᠭ | ᠭᠠᠵᠠᠷ ᠤᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ 10 ᠲᠦᠮᠡᠨ ᠮᠦ ᠭᠠᠵᠠᠷ ᠤᠨ ᠡᠯᠡᠰᠦ ᠶᠢ | ᠲᠣᠭᠲᠠᠪᠤᠷᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ ᠶᠢ ᠪᠡᠶᠡᠯᠡᠬᠦᠯᠪᠡ᠃ ᠪᠣᠬᠢᠷᠲᠤᠯ ᠢ ᠰᠡᠷᠭᠡᠶᠢᠯᠡᠨ | ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠠᠬᠢᠭᠤᠯᠵᠤ᠂ 5 ᠨᠡᠭᠦᠷᠡᠰᠦᠨ ᠠᠭᠤᠷᠬᠠᠢ ᠨᠢ | ᠪᠢᠲᠡᠭᠦᠮᠵᠢᠯᠡᠭᠰᠡᠨ ᠬᠡᠯᠪᠡᠷᠢ ᠶᠢᠨ ᠨᠡᠭᠦᠷᠡᠰᠦ ᠬᠠᠳᠠᠭᠠᠯᠠᠬᠤ ᠬᠥᠮᠥᠷᠭᠡ ᠶᠢ ᠪᠠᠶᠢᠭᠤᠯᠤᠨ᠂ 5 ᠴᠠᠬᠢᠯᠭᠠᠨ ᠦᠢᠯᠡᠳᠪᠦᠷᠢ | ᠨᠢ ᠨᠤᠨᠲᠠᠭ ᠨᠡᠭᠦᠷᠡᠰᠦᠨ ᠤ ᠦᠨᠡᠰᠦ ᠶᠢ ᠰᠢᠭᠰᠢᠬᠦ ᠲᠥᠬᠦᠭᠡᠷᠦᠮᠵᠢ ᠶᠢ ᠣᠭᠰᠠᠷᠴᠤ᠂ ᠴᠡᠪᠡᠷ ᠲᠤᠩᠭᠠᠯᠠᠭ ᠠᠭᠤᠷ | ᠠᠮᠢᠰᠬᠤᠯ ᠲᠠᠢ ᠡᠳᠦᠷ ᠤᠨ ᠬᠠᠷᠢᠴᠠᠯ 98.2% ᠲᠤ ᠬᠦᠷᠪᠡ᠃ ᠪᠠᠶᠠᠨᠬᠤᠸᠠ ᠠᠵᠤ ᠦᠢᠯᠡᠳᠪᠦᠷᠢ ᠶᠢᠨ | ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠤᠰᠤᠨ ᠤ ᠡᠬᠢ ᠪᠠᠶᠠᠯᠢᠭ ᠢ ᠠᠰᠢᠭᠯᠠᠬᠤ | ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠡᠨᠧᠷᠭᠢ ᠠᠷᠪᠢᠯᠠᠵᠤ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ 1.38 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠡᠨᠧᠷᠬᠢ ᠠᠷᠪᠢᠯᠠᠬᠤ 2 ᠳᠦᠷᠦᠯ ᠵᠦᠢᠯ ᠢ ᠪᠡᠶᠡᠯᠡᠭᠦᠯᠪᠡ᠃ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ᠂ ᠨᠡᠭᠦᠷᠡᠰᠦᠨ ᠤ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠳᠤᠭᠤᠶᠢᠯᠠᠩ | ᠪᠤᠯᠤᠨ ᠨᠤᠲᠤᠭ ᠪᠡᠯᠴᠢᠭᠡᠷ ᠤᠶᠢᠲᠦ ᠭᠠᠵᠠᠷ ᠢ ᠡᠪᠳᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠳᠤᠭᠤᠶᠢᠯᠠᠩ ᠠᠴᠠ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠯ ᠤᠨ ᠡᠭᠦᠷᠭᠡ ᠪᠠᠨ | ᠪᠦᠬᠦᠨ ᠢ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠪᠠ᠃ | ︵ᠳᠥᠷᠪᠡ︶ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ | ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ | ᠳᠡᠰ ᠤᠨ 306 ᠵᠠᠰᠮᠠᠠᠯ ᠵᠠᠮ ᠤᠨ ᠵᠡᠭᠦᠨ ᠦᠵᠦᠮᠦᠴᠢᠨ ᠠᠴᠠ ᠪᠠᠷᠠᠭᠤᠨ ᠦᠵᠦᠮᠦᠴᠢᠨ ᠬᠦᠷᠬᠦ ᠪᠥᠬᠦ ᠱᠤᠭᠤᠮ ᠢ | ᠨᠡᠪᠲᠡᠷᠡᠭᠦᠯᠵᠦ᠂ ᠤᠯᠤᠰ ᠤᠨ ᠲᠡᠰ ᠤᠨ 207 ᠵᠠᠰᠠᠮᠠᠯ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ | ᠢ ᠤᠯᠤᠰ ᠤᠨ ᠲᠥᠯᠥᠪᠵᠢᠭᠦᠯᠭᠡ ᠳᠤ ᠣᠷᠣᠭᠤᠯᠵᠤ᠂ ᠤᠯᠤᠰ ᠤᠨ ᠲᠡᠰ ᠤᠨ 305 ᠵᠠᠰᠠᠮᠠᠯ ᠵᠠᠮ ᠤᠨ ᠬᠥᠨᠳᠡᠯᠡᠨ | ᠠᠴᠠ ᠪᠠᠶᠠᠨᠬᠤᠸᠠ ᠬᠥᠷᠬᠦ ᠬᠡᠰᠡᠭ ᠤᠨ ᠨᠤᠲᠤᠭ ᠪᠡᠯᠴᠢᠭᠡᠷ ᠲᠠᠲᠠᠪᠤᠷᠢᠯᠠᠬᠤ ᠠᠵᠢᠯ ᠢ ᠡᠮᠬᠢ ᠵᠢᠷᠤᠮ ᠲᠠᠢ ᠪᠠᠷ | ᠠᠬᠢᠭᠤᠯᠪᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 4 | ᠳ᠋ᠦᠩᠰᠢᠭᠤᠷ ᠢᠯᠡᠭᠦᠦ ᠲᠥᠭᠦᠷᠢᠭ ᠤᠨ ᠪᠡᠯᠡ ᠣᠷᠣᠭᠤᠯᠤᠨ᠂ 14 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ | ᠶᠢᠨ ᠲᠥᠷᠥᠯ ᠵᠦᠢᠯ ᠢ ᠬᠡᠷᠡᠭᠵᠢᠭᠦᠯᠵᠦ᠂ ᠵᠡᠭᠡᠯᠢ ᠶᠢᠨ ᠥᠨᠴᠥᠭ ᠲᠤ 4 ᠵᠢᠵᠢᠭ ᠴᠡᠴᠡᠷᠯᠢᠭ ᠢ ᠪᠠᠶᠢᠭᠤᠯᠵᠦ᠂ | ᠬᠤᠲᠠ ᠪᠠᠯᠭᠠᠰᠤᠨ ᠤ ᠵᠡᠭᠡᠯᠢ ᠭᠤᠳᠤᠮᠵᠢ ᠶᠢ 10 ᠵᠤᠷᠪᠤᠰ ᠵᠠᠰᠠᠨ ᠰᠠᠶᠢᠵᠢᠷᠠᠭᠤᠯᠵᠦ᠂ ᠬᠠᠳᠠᠲᠤ ᠪᠠᠷᠢᠯᠭ᠎ᠠ ᠶᠢᠨ | ᠮᠠᠲ᠋ᠧᠷᠢᠶᠠᠯ ᠤᠨ ᠬᠦᠷᠢᠶᠡᠯᠡᠩ ᠠᠴᠠ ᠬᠤᠲᠠ ᠲᠤᠭᠤᠷᠢᠭ ᠬᠦᠷᠬᠦ ᠵᠠᠮ᠂ ᠶᠠᠩ ᠭᠤᠸᠠᠩ ᠰᠠᠭᠤᠭᠠᠯᠢ ᠠᠷᠠᠳ ᠤᠨ | ᠲᠣᠭᠤᠷᠢᠭ ᠠᠴᠠ ᠶᠢᠨ ᠱᠠᠨ ᠴᠠᠬᠢᠯᠭᠠᠨ ᠦᠢᠯᠡᠳᠪᠦᠷᠢ ᠬᠦᠷᠬᠦ ᠵᠠᠮ ᠢ ᠥᠷᠭᠡᠳᠬᠡᠬᠦ ᠢᠨᠵᠧᠨᠧᠷᠢᠩ ᠵᠢᠴᠢ ᠴᠠᠶᠢᠳᠠᠮ | ᠵᠠᠮ ᠤᠨ ᠬᠤᠷᠠᠯ ᠦᠵᠡᠰᠬᠦᠯᠡᠩ ᠤᠨ ᠲᠥᠪ ᠤᠨ ᠭᠡᠰᠡᠭ ᠵᠠᠮ ᠱᠤᠭᠤᠮ ᠢ ᠵᠠᠰᠠᠵᠦ᠂ ᠭᠤᠷᠣᠬᠠᠨ ᠵᠡᠭᠡᠯᠢ ᠠᠴᠠ | ᠲᠤᠭᠤᠷᠢᠭᠤᠯ ᠵᠠᠮ ᠤᠨ ᠵᠡᠭᠦᠨ ᠭᠡᠰᠡᠭ ᠬᠦᠷᠬᠦ ᠵᠠᠰᠠᠮᠠᠯ ᠵᠠᠮ ᠢ ᠵᠠᠰᠠᠬᠤ ᠠᠵᠢᠯ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢ ᠳᠠᠭᠤᠰᠬᠠᠵᠤ᠂ ᠬᠤᠲᠠ ᠪᠠᠯᠭᠠᠰᠤᠨ ᠤ 22 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ | ᠭᠠᠳᠠᠷᠭᠤ ᠶᠢ ᠵᠠᠰᠠᠵᠦ᠂ 9 ᠲᠦᠮᠡᠨ ᠲᠡᠭᠰᠢ ᠳᠥᠷᠪᠡᠯᠵᠢᠨ ᠮᠧᠲᠷ ᠤᠨ ᠶᠠᠪᠠᠭᠠᠨ ᠬᠦᠮᠦᠨ ᠤ ᠵᠠᠮ ᠢ ᠰᠡᠯᠪᠢᠨ ᠵᠠᠰᠠᠪᠠ | ᠃ 5.3 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ ᠶᠢ ᠥᠭᠡᠷᠡᠴᠢᠯᠡᠨ ᠵᠠᠰᠠᠵᠤ᠂ 496 ᠡᠾᠧᠺᠲ᠋ᠠᠷ | ᠭᠠᠵᠠᠷ ᠢ ᠨᠣᠭᠤᠭᠠᠷᠠᠭᠤᠯᠤᠨ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ | ᠰᠢᠢᠳᠪᠦᠷᠢᠯᠡᠬᠦ ᠦᠢᠯᠡᠳᠪᠦᠷᠢ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ ᠪᠠᠶ᠋ᠬᠠᠭᠤᠯᠠ ᠲᠡᠷᠭᠡᠨ | ᠵᠣᠭᠰᠣᠭᠠᠯ ᠤᠨ ᠭᠠᠵᠠᠷ᠂ ᠬᠤᠷᠠᠯ ᠦᠵᠡᠰᠬᠦᠯᠡᠩ ᠤᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠬᠤᠰᠢᠭᠤᠨ ᠤ ᠡᠮᠦᠨ᠎ᠡ ᠬᠤᠶᠢᠨᠠᠬᠢ ᠭᠠᠷᠬᠤ ᠵᠠᠮ ᠤᠨ ᠠᠭᠤᠯᠵᠠᠭᠤᠷ ᠲᠤ ᠭᠤᠣᠯ ᠰᠡᠳᠦᠪᠲᠦ ᠱᠤᠭᠤᠮᠠᠯ ᠢ ᠪᠠᠶᠢᠭᠤᠯᠵᠤ | ᠳᠠᠭᠤᠰᠬᠠᠪᠠ᠃ ᠪᠠᠶᠠᠨᠭᠤᠣᠯ ᠵᠠᠮ᠂ ᠦᠵᠦᠮᠦᠴᠢᠨ ᠵᠡᠭᠡᠯᠢ ᠶᠢᠨ ᠠᠰᠠᠷ ᠤᠨ ᠭᠡᠷᠡᠯᠲᠦᠭᠦᠯᠭᠡ ᠶᠢᠨ ᠠᠵᠢᠯ ᠢ | ᠬᠡᠷᠡᠭᠵᠢᠬᠦᠯᠦᠨ᠂ 343 ᠵᠠᠮ ᠤᠨ ᠳ᠋ᠧᠩ ᠢ ᠰᠢᠨᠡᠳᠬᠡᠪᠡ᠃ ᠢ ᠾᠧ ᠸᠠᠨ ᠰᠠᠭᠤᠭᠠᠯᠢ ᠠᠷᠠᠳ ᠤᠨ ᠳᠤᠭᠤᠷᠢᠭ ᠤᠨ | ᠰᠤᠯᠠ ᠬᠠᠶᠠᠭᠳᠠᠭᠰᠠᠨ ᠬᠤᠳᠠᠯᠳᠤᠭᠠᠨ ᠤ ᠠᠰᠠᠷ ᠢ ᠵᠠᠰᠠᠵᠤ᠂ 13 ᠵᠢᠯ ᠤᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠪᠡ᠃ 1100 ᠲᠦᠮᠡᠨ ᠲᠥᠭᠦᠷᠢᠭ ᠤᠨ ᠪᠠᠯᠠ ᠣᠷᠣᠭᠤᠯᠤᠨ᠂ 6 ᠬᠠᠭᠤᠴᠢᠨ ᠰᠠᠭᠤᠭᠠᠯᠢ ᠲᠣᠭᠤᠷᠢᠭ | ᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 218 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ | ᠪᠠᠯᠭᠠᠷᠭᠤᠤᠯ ᠪᠠᠯᠭᠠᠰᠤᠨ ᠤ ᠭᠡᠷ ᠪᠠᠶᠢᠰᠢᠩ ᠢ ᠲᠠᠲᠠᠪᠤᠷᠢᠯᠠᠬᠤ ᠭᠡᠷ᠎ᠡ ᠲᠣᠭᠲᠠᠬᠤ ᠪᠠ ᠲᠥᠪᠬᠢᠨᠡᠭᠦᠯᠬᠦ ᠨᠥᠬᠦᠪᠥᠷᠢ ᠶᠢ | ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ 187 ᠡᠷᠦᠬᠡ ᠲᠠᠢ ᠬᠡᠯᠡᠯᠴᠡᠭᠡᠷ ᠲᠣᠭᠲᠠᠵᠤ᠂ 262 ᠡᠷᠦᠬᠡ ᠶᠢᠨ | ᠭᠡᠷ ᠪᠠᠶᠢᠰᠢᠩ ᠢ ᠨᠤᠷᠠᠭᠠᠨ᠂ 1.15 ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠮᠥᠩᠭᠦ ᠶᠢ ᠲᠠᠷᠬᠠᠭᠠᠪᠠ᠃ | ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢ ᠦᠨᠡᠯᠡᠨ ᠲᠤᠭᠲᠠᠭᠠᠬᠤ ᠪᠠᠷ ᠭᠤᠶᠤᠴᠢᠯᠠᠨ ᠮᠡᠳᠡᠬᠦᠯᠬᠦ ᠪᠠ ᠠᠵᠦ | ᠦᠢᠯᠡᠳᠪᠦᠷᠢ ᠶᠢᠨ ᠳᠤᠭᠤᠷᠢᠭ ᠢ ᠳᠡᠰ ᠳᠡᠪᠰᠢᠭᠦᠯᠬᠦ ᠲᠣᠭᠤᠷᠢᠨ ᠳᠤ ᠳᠦᠭᠡᠭᠡᠯ ᠤᠰᠤ᠂ ᠨᠡᠶᠢᠲᠡ ᠶᠢᠨ ᠳᠤᠯᠠᠭᠠᠯᠠᠭ᠎ᠠ | ᠂ ᠵᠠᠮ ᠨᠡᠪᠲᠡᠷᠡᠬᠦᠯᠭᠡ ᠵᠡᠷᠭᠡ ᠭᠤᠣᠯᠳᠠᠯᠭ᠎ᠠ ᠲᠠᠢ 12 ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ | ᠪᠠᠶᠠᠨᠬᠤᠸᠠ ᠭᠠᠯᠲᠤ ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠪᠠᠶᠠᠨᠬᠤᠸᠠ ᠠᠵᠤ ᠦᠢᠯᠡᠳᠪᠦᠷᠢ ᠶᠢᠨ | ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ | 4 ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ | ᠥᠭᠡᠷᠡᠴᠢᠯᠡᠬᠦ ᠶᠢ ᠪᠡᠶᠡᠯᠡᠬᠦᠯᠵᠦ᠂ ᠬᠤᠰᠢᠭᠤ ᠲᠣᠭᠤᠷᠢᠭ ᠠᠴᠠ ᠪᠠᠶᠠᠨᠬᠤᠸᠠ ᠪᠠᠯᠭᠠᠰᠤ ᠬᠦᠷᠬᠦ ᠬᠤᠲᠠ ᠬᠥᠳᠡᠭᠡ ᠶᠢᠨ | ᠨᠡᠶᠢᠲᠡ ᠶᠢᠨ ᠮᠠᠰᠢᠨ ᠢ ᠨᠡᠪᠲᠡᠷᠡᠬᠦᠯᠪᠡ᠃ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ | ᠳᠠᠭᠤᠰᠬᠠᠵᠤ᠂ ᠥᠨᠥ ᠵᠢᠯ ᠤᠨ 5 ᠰᠠᠷ᠎ᠠ ᠳᠤ ᠠᠩᠬᠠᠨ ᠤ ᠨᠢᠰᠦᠯᠲᠡ ᠶᠢ ᠪᠡᠶᠡᠯᠡᠬᠦᠯᠬᠦ ᠪᠠᠷ ᠴᠢᠷᠮᠠᠶᠢᠵᠦ ᠪᠠᠶᠢᠨ᠎ᠠ᠃ | ︵ᠲᠠᠪᠤ︶ ᠬᠥᠳᠡᠭᠡᠲ᠋ᠤᠰᠬᠤᠨ ᠮᠠᠯᠵᠢᠬᠤ ᠣᠷᠣᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ | ᠵᠢᠱᠢᠶ᠎ᠡ ᠦᠵᠡᠬᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠦ᠂ ᠤᠯᠤᠰ ᠤᠨ ᠲᠡᠰ ᠤᠨ 3᠂ ᠣᠷᠣᠨ ᠤ | ᠲᠡᠰ ᠤᠨ 1᠂ ᠠᠶᠢᠮᠠᠭ ᠤᠨ ᠳᠡᠰ ᠤᠨ 3 ᠂ ᠬᠤᠰᠢᠭᠤ ᠲᠡᠰ ᠤᠨ 8 ᠵᠢᠱᠢᠶ᠎ᠡ ᠦᠵᠡᠭᠦᠯᠬᠦ ᠭᠠᠴᠠᠭ᠎ᠠ ᠶᠢ | ᠠᠮᠵᠢᠯᠳᠠᠳᠠᠢ ᠲᠠᠩᠰᠠᠯᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠨᠡᠶᠢᠲᠡ | 4000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 25 | ᠲᠥᠷᠥᠯ ᠵᠦᠶᠯ ᠢ ᠬᠡᠷᠡᠭᠵᠢᠬᠦᠯᠪᠡ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢ ᠨᠢᠭᠡᠳᠦᠯᠲᠡᠢ ᠲᠥᠯᠥᠪᠵᠢᠭᠦᠯᠦᠨ᠂ 96 ᠬᠤᠳᠳᠤᠭ ᠰᠢᠨ᠎ᠡ ᠪᠠᠷ ᠮᠠᠯᠲᠠᠵᠤ᠂ 30 ᠡᠷᠦᠬᠡ ᠳᠤ ᠲᠦᠭᠡᠭᠡᠯ ᠤᠰᠤ | ᠤᠷᠤᠭᠤᠯᠤᠨ᠂ 7 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠬᠡᠪᠡ᠃ ᠮᠠᠯᠵᠢᠬᠤ ᠣᠷᠣᠨ ᠤ | 11 ᠵᠤᠷᠪᠤᠰ 273 ᠺᠢᠯᠤᠮᠧᠲᠷ ᠤᠨ ᠵᠠᠰᠠᠮᠠᠯ ᠵᠠᠮ ᠢ ᠦᠷᠭᠦᠯᠵᠢᠯᠡᠨ ᠵᠠᠰᠠᠵᠦ᠂ 10 ᠵᠤᠷᠪᠤᠰ 126 | ᠺᠢᠯᠤᠮᠧᠲᠷ ᠤᠨ ᠵᠠᠰᠠᠮᠠᠯ ᠵᠠᠮ ᠪᠠ 48 ᠵᠤᠷᠪᠤᠰ 275 ᠺᠢᠯᠤᠮᠧᠲᠷ ᠤᠨ ᠡᠪᠳᠡᠭᠳᠡᠭᠰᠡᠨ ᠵᠠᠮ ᠢ ᠵᠠᠰᠠᠨ ᠰᠢᠨᠡᠳᠬᠡᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠭᠦᠯᠬᠦ ᠬᠤᠰᠢᠭᠤ ᠪᠠᠷ ᠦᠨᠡᠯᠡᠭᠳᠡᠪᠡ᠃ 7 ᠳᠦᠷᠦᠯ ᠤᠨ ᠴᠠᠬᠢᠯᠭᠠᠨ ᠲᠣᠣᠷ ᠤᠨ ᠰᠠᠭᠤᠷᠢ ᠢᠨᠵᠧᠨᠧᠷᠢᠩ ᠢ | ᠪᠡᠶᠡᠯᠡᠬᠦᠯᠵᠦ᠂ 479 ᠡᠷᠦᠭᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠦᠨ᠂ ᠥᠨᠳᠦᠷ ᠬᠦᠴᠦᠳᠡᠯ ᠲᠠᠢ ᠨᠠᠷᠠ | ᠰᠠᠯᠬᠢᠨ ᠢᠶᠠᠷ ᠴᠠᠬᠢᠯᠭᠠᠨ ᠭᠠᠷᠭᠠᠬᠤ ᠳᠦᠬᠦᠭᠡᠷᠦᠮᠵᠢ 140 ᠶᠢ ᠤᠭᠰᠠᠷᠠᠵᠤ᠂ ᠪᠦᠬᠦ ᠬᠤᠰᠢᠭᠤᠨ ᠤ ᠴᠠᠬᠢᠯᠭᠠᠨ | ᠨᠡᠪᠲᠡᠷᠡᠭᠡᠳᠦᠢ ᠬᠠᠮᠤᠭ ᠰᠡᠭᠦᠯᠴᠢ ᠶᠢᠨ 7 ᠭᠠᠴᠠᠭᠠᠨ ᠤ ᠠᠯᠪᠠᠨ ᠭᠡᠷ ᠲᠤ ᠴᠥᠮ ᠴᠠᠬᠢᠯᠭᠠᠨ ᠨᠡᠪᠲᠡᠷᠡᠭᠦᠯᠪᠡ᠃ 5G | ᠴᠢᠮᠡᠭᠡ ᠨᠡᠪᠳᠡᠷᠡᠬᠦᠯᠭᠡ ᠶᠢᠨ ᠰᠠᠭᠤᠷᠢ ᠥᠷᠲᠡᠭᠡ 60 ᠶᠢ ᠰᠢᠨ᠎ᠡ ᠪᠠᠷ ᠪᠠᠶᠢᠭᠤᠯᠤᠨ᠂ ᠮᠠᠯᠵᠢᠬᠤ ᠣᠷᠣᠨ ᠤ ᠴᠢᠮᠡᠭᠡ | ᠬᠤᠯᠪᠣᠭᠠᠨ ᠤ ᠳᠣᠬᠢᠶ᠎ᠠ ᠦᠭᠡᠢ ᠡᠷᠦᠬᠡ ᠳᠤ ᠲᠤᠬᠢᠶ᠎ᠠ ᠨᠡᠪᠳᠡᠷᠡᠬᠦᠯᠬᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠬᠦᠯᠪᠡ᠃ | ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠠᠬᠢᠭᠤᠯᠵᠤ᠂ ᠭᠡᠷ ᠬᠤᠲᠠ ᠪᠠᠨ ᠴᠡᠪᠡᠷᠯᠡᠬᠦ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠬᠤᠭ ᠨᠤᠪᠰᠢ ᠬᠤᠷᠢᠶᠠᠨ | ᠴᠤᠭᠯᠠᠭᠤᠯᠬᠤ ᠴᠡᠭ 9 ᠶᠢ ᠪᠠᠶᠢᠭᠤᠯᠵᠤ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ 100% ᠳᠤ ᠬᠦᠷᠪᠡ᠃ 292 | ᠮᠠᠯᠵᠢᠬᠤ ᠡᠷᠦᠬᠡ ᠳᠤ ᠵᠣᠷᠯᠣᠩ ᠪᠠᠷᠢᠵᠦ ᠥᠭᠴᠦ᠂ 33 ᠭᠠᠴᠠᠭ᠎ᠠ ᠶᠢ ᠨᠣᠭᠤᠭᠠᠷᠠᠭᠤᠯᠤᠨ ᠭᠤᠶᠤᠵᠢᠭᠤᠯᠵᠤ᠂ | ᠭᠠᠴᠠᠭ᠎ᠠ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 30% ᠠᠴᠠ ᠳᠡᠭᠡᠭᠰᠢ ᠳᠤ | ᠬᠦᠷᠭᠡᠪᠡ᠃ | ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠬᠦᠯᠪᠡ | ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠲᠡᠷᠢᠭᠦᠨ ᠢᠨᠵᠧᠨᠧᠷᠢᠩ ᠪᠣᠯᠭᠠᠵᠤ᠂ ᠠᠷᠠᠯᠵᠢᠶᠠᠴᠢᠨ ᠤᠷᠢᠬᠤ ᠠᠵᠢᠯ | ᠢ ᠶᠡᠬᠡᠪᠡᠷ ᠦᠷᠨᠢᠬᠦᠯᠦᠨ᠂ ᠤᠷᠢᠳ ᠬᠤᠵᠢᠳ ᠪᠡᠭᠡᠵᠢᠩ᠂ ᠲᠢᠶᠠᠨᠵᠢᠨ ᠵᠡᠷᠭᠡ ᠭᠠᠵᠠᠷ ᠲᠤ ᠠᠷᠠᠯᠵᠢᠶᠠᠴᠢᠨ ᠤᠷᠢᠵᠤ | ᠪᠡᠯᠡ ᠲᠠᠲᠠᠬᠤ ᠪᠠ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ ᠢ ᠡᠷᠬᠢᠯᠡᠵᠦ᠂ 44 ᠲᠥᠷᠥᠯ | ᠵᠦᠢᠯ ᠤᠨ ᠭᠡᠷ᠎ᠡ ᠶᠢ ᠲᠤᠭᠲᠠᠵᠤ᠂ ᠬᠡᠯᠡᠯᠴᠡᠭᠡᠷ ᠲᠤ ᠲᠤᠭᠲᠠᠭᠰᠠᠨ ᠪᠡᠯᠡ ᠣᠷᠣᠭᠤᠯᠤᠯᠲᠠ ᠨᠢ 144 ᠳ᠋ᠦᠩᠰᠢᠭᠤᠷ | ᠲᠥᠭᠦᠷᠢᠭ ᠲᠤ ᠬᠦᠷᠴᠦ᠂ ᠣᠷᠣᠨ ᠤ ᠭᠠᠳᠠᠨ᠎ᠠ ᠠᠴᠠ ᠪᠡᠯᠡ ᠲᠠᠲᠠᠬᠤ ᠠᠵᠢᠯ ᠢ 52.2 ᠳ᠋ᠦᠩᠰᠢᠭᠤᠷ ᠲᠥᠭᠦᠷᠢᠭ | ᠪᠡᠶᠡᠯᠡᠬᠦᠯᠵᠦ᠂ ᠵᠢᠯ ᠤᠨ ᠡᠭᠦᠷᠭᠡ ᠪᠠᠨ 109% ᠪᠠᠷ ᠳᠠᠪᠠᠭᠤᠯᠤᠨ ᠪᠡᠶᠡᠯᠡᠭᠦᠯᠪᠡ᠃ ᠵᠥᠩ ᠭᠤᠸᠠᠩ ᠴᠧᠨ ᠴᠡᠪᠡᠷ | ᠡᠨᠧᠷᠭᠢ᠂ ᠬᠤᠸᠠ ᠴᠤᠸᠠᠩ ᠨᠤᠨᠳᠠᠭ ᠨᠡᠭᠦᠷᠡᠰᠦᠨ ᠤ ᠦᠨᠡᠰᠦ᠂ ᠴᠢᠶᠠᠨ ᠬᠥᠦ ᠴᠠᠬᠢᠯᠭᠠᠨ ᠵᠢᠭᠤᠴᠢᠯᠠᠭᠤᠷ᠂ ᠯᠢᠶᠠᠩ | ᠢ ᠠᠮᠢᠳᠤ ᠪᠣᠳᠠᠰ᠂ ᠰᠢᠨ ᠨᠢᠦ ᠲᠧᠭᠨᠢᠭ ᠮᠡᠷᠭᠡᠵᠢᠯ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠬᠡᠯᠬᠢᠶᠡᠵᠢᠯ ᠢ ᠤᠷᠳᠤᠳᠬᠠᠨ ᠬᠡᠯᠪᠡᠷᠢ ᠶᠢ ᠬᠤᠪᠢᠷᠠᠭᠤᠯᠬᠤ ᠳᠦᠷᠦᠯ ᠵᠦᠢᠯ ᠢ ᠲᠠᠲᠠᠨ ᠠᠪᠴᠢᠷᠠᠵᠤ᠂ ᠠᠷᠠᠯᠵᠢᠶᠠᠴᠢᠨ | ᠤᠷᠢᠵᠤ ᠪᠡᠯᠡ ᠲᠠᠲᠠᠭᠰᠠᠨ ᠲᠥᠷᠥᠯ ᠵᠦᠢᠯ ᠢ ᠠᠵᠢᠯ ᠡᠬᠢᠯᠡᠭᠦᠯᠦᠭᠰᠡᠨ ᠨᠤᠷᠮ᠎ᠠ ᠪᠦᠬᠦ ᠠᠶᠢᠮᠠᠭ ᠲᠤ ᠲᠡᠷᠢᠬᠦᠯᠡᠪᠡ᠃ | ᠠᠷᠠᠯᠵᠢᠶᠠᠴᠢᠨ ᠤᠷᠢᠵᠦ ᠪᠡᠯᠡ ᠲᠠᠲᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ 350 ᠲᠦᠮᠡᠨ | ᠲᠥᠭᠦᠷᠢᠭ ᠤᠨ ᠱᠠᠩᠨᠠᠯ ᠤᠨ ᠮᠦᠩᠭᠦ ᠲᠠᠷᠬᠠᠭᠠᠪᠠ᠃ 3.6 ᠲᠦᠮᠡᠨ ᠲᠡᠭᠰᠢ ᠳᠥᠷᠪᠡᠯᠵᠢᠨ ᠮᠧᠲᠷ ᠤᠨ | ᠬᠦᠩᠭᠡᠨᠴᠠᠭᠠᠨ ᠤ ᠮᠠᠲ᠋ᠧᠷᠢᠶᠠᠯ ᠤᠨ ᠠᠩᠬᠠᠨ ᠤ ᠪᠦᠳᠦᠭᠡᠭᠳᠡᠬᠦᠨ ᠤ ᠪᠠᠷᠢᠮᠵᠢᠶᠠᠲᠤ ᠦᠶᠯᠡᠳᠪᠦᠷᠢ ᠶᠢᠨ ᠲᠥᠷᠦᠯ ᠵᠦᠢᠯ | ᠢ ᠠᠵᠢᠯ ᠡᠬᠢᠯᠡᠬᠦᠯᠦᠨ ᠪᠠᠶᠢᠭᠤᠯᠪᠠ᠃ ᠬᠠᠤᠯᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠶᠡᠬᠡᠪᠡᠷ ᠴᠡᠭᠴᠡᠯᠡᠨ | ᠵᠠᠰᠠᠵᠤ᠂ ᠠᠭᠤᠷᠬᠠᠢ ᠶᠢᠨ ᠣᠷᠣᠨ ᠤ ᠡᠷᠭᠢᠨ ᠲᠣᠭᠤᠷᠢᠨ ᠳᠤ ᠵᠦᠪᠰᠢᠶᠡᠷᠡᠯ ᠦᠭᠡᠢ ᠪᠠᠷ ᠪᠠᠷᠢᠭᠰᠠᠨ 6.8 ᠲᠦᠮᠡᠨ | ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢ ᠨᠤᠷᠠᠭᠠᠨ ᠴᠡᠭᠴᠡᠯᠡᠪᠡ᠃ ︽ᠬᠤᠶᠠᠷ ᠢ ᠰᠢᠯᠢᠳᠡᠭᠵᠢᠭᠦᠯᠬᠦ︾ | ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠠᠷᠳᠠᠮ ᠢ ᠴᠤᠮᠬᠠᠳᠬᠠᠨ | ᠳᠦᠬᠦᠮᠴᠢᠯᠡᠭᠰᠡᠨ ᠬᠠᠷᠢᠴᠠᠯ 47% ᠳᠤ ᠬᠦᠷᠪᠡ᠃ 62 ᠵᠦᠢᠯ ᠤᠨ ᠪᠠᠶᠢᠩᠭᠤ ᠶᠢᠨ ᠭᠠᠷᠳᠠᠮ ᠢ ᠬᠠᠰᠤᠨ | ᠬᠡᠯᠲᠦᠷᠢᠭᠦᠯᠵᠦ᠂ ᠠᠵᠤ ᠠᠬᠤᠶᠢᠯᠠᠯ ᠡᠷᠭᠢᠯᠡᠬᠦ ᠳᠤ ᠬᠡᠷᠡᠭᠯᠡᠬᠦ 13 ᠵᠦᠢᠯ ᠤᠨ ᠭᠠᠷᠳᠠᠮ ᠢ ᠰᠦᠯᠵᠢᠶᠡᠨ ᠳᠡᠭᠡᠷ᠎ᠡ ᠨᠢᠭᠡ | ᠯᠡ ᠤᠳᠠᠭ᠎ᠠ ᠳᠤ ᠭᠦᠶᠴᠡᠳᠬᠡᠬᠦ᠂ 111 ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾᠂ ᠤᠰᠤ | ᠴᠠᠬᠢᠯᠭᠠᠨ ᠳᠤᠯᠠᠭᠠᠯᠠᠭ᠎ᠠ ᠵᠡᠷᠭᠡ 7 ᠠᠷᠠᠳ ᠤᠨ ᠠᠮᠢᠳᠤᠷᠠᠯ ᠤᠨ ᠬᠡᠷᠡᠭᠯᠡᠭᠡ ᠶᠢ ︽ᠮᠥᠩᠬᠡ ᠰᠤᠪᠠᠭ︾ APP ᠳᠤ | ᠤᠷᠤᠭᠤᠯᠬᠤ ᠶᠢ ᠪᠡᠶᠡᠯᠡᠬᠦᠯᠪᠡ᠃ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠤᠲᠠᠰᠤ ᠪᠠᠷ ᠬᠦᠯᠢᠶᠡᠨ ᠠᠪᠤᠭᠰᠠᠨ ᠠᠰᠠᠭᠤᠳᠠᠯ ᠢ ᠰᠢᠶᠳᠪᠦᠷᠢᠯᠡᠭᠰᠡᠨ ᠨᠣᠷᠮ᠎ᠠ 99.96% ᠳᠤ | ᠬᠦᠷᠴᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠳᠦᠰᠦᠨ ᠱᠠᠲᠤ ᠲᠡᠶᠢᠰᠢ | ᠭᠦᠨᠵᠡᠭᠡᠶᠢᠷᠡᠬᠦᠯᠬᠦ ᠠᠬᠤᠢ ᠲᠠᠯᠠᠪᠠᠶ ᠶᠢᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ︽ᠲᠠᠨ ᠢ | ᠬᠠᠪᠰᠤᠷᠤᠨ ᠭᠦᠢᠴᠡᠳᠬᠡᠬᠦ + ᠠᠵᠢᠯ ᠤᠨ ᠥᠭᠡᠷᠡᠴᠢᠯᠡᠯᠲᠡ + N︾ ᠦᠢᠯᠡᠴᠢᠯᠡᠭᠡᠨ ᠤ ᠰᠢᠨ᠎ᠡ ᠵᠠᠭᠪᠤᠷ ᠢ | ᠡᠭᠦᠳᠴᠦ᠂ 127 ᠳᠦᠷᠦᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ 1 ᠬᠠᠮᠳᠤ | ᠨᠢᠭᠡᠴᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ | ᠬᠠᠮᠳᠤ ᠨᠢᠭᠡᠴᠡ ᠪᠠᠷ ᠦᠨᠡᠯᠡᠭᠳᠡᠵᠦ᠂ 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ | ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠨ᠂ ᠰᠢᠨ᠎ᠡ ᠶᠢ ᠡᠭᠦᠳᠬᠦ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠦᠭᠡᠢ ᠪᠠᠶᠢᠭᠰᠠᠨ ᠲᠡᠤᠬᠡ ᠶᠢ ᠡᠴᠦᠰᠯᠡᠬᠦᠯᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ | —— ᠰᠤᠷᠭᠠᠨ ᠬᠦᠮᠦᠵᠢᠯ ᠤᠨ ᠠᠵᠢᠯ ᠤᠨ ᠲᠠᠯ᠎ᠠ ᠪᠠᠷ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠨᠥᠬᠦᠴᠡᠯ | ᠢ ᠦᠷᠭᠦᠯᠵᠢᠯᠡᠨ ᠰᠠᠶᠢᠵᠢᠷᠠᠭᠤᠯᠵᠤ᠂ ᠬᠤᠭᠤᠯᠠᠳᠤ ᠶᠢᠨ ᠭᠤᠣᠯ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ᠂ | 8 ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠰᠡᠷᠭᠡᠶᠢᠯᠡᠬᠦ ᠳᠦᠬᠦᠭᠡᠷᠦᠮᠵᠢ ᠶᠢᠨ ᠥᠭᠡᠷᠡᠴᠢᠯᠡᠯᠲᠡ ᠪᠠ 2 ᠳᠤᠮᠳᠠᠳᠤ | ᠪᠠᠭ᠎ᠠ ᠰᠤᠷᠭᠠᠭᠤᠯᠢ ᠶᠢᠨ ᠤᠶᠤᠨᠴᠢ ᠲᠤᠷᠰᠢᠯᠲᠠ ᠶᠢᠨ ᠲᠠᠰᠤᠭ ᠤᠨ ᠥᠭᠡᠷᠡᠴᠢᠯᠡᠯᠲᠡ ᠶᠢᠨ ᠲᠦᠷᠦᠯ ᠵᠦᠢᠯ ᠢ | ᠪᠡᠶᠡᠯᠡᠭᠦᠯᠵᠦ᠂ ᠶᠡᠷᠦᠩᠬᠡᠶᠢᠯᠡᠭᠰᠡᠨ ᠥᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠠᠰᠢᠭᠯᠠᠯᠳᠠ ᠳᠤ ᠤᠷᠤᠭᠤᠯᠪᠠ᠃ ︽ᠬᠤᠣᠰ ᠨᠢᠭᠡᠳᠦᠭᠡᠷ | ᠲᠡᠰ ᠤᠨ ᠶᠡᠭᠡ ᠰᠤᠷᠭᠠᠭᠤᠯᠢ︾ ᠠᠴᠠ ᠲᠡᠭᠦᠰᠦᠭᠰᠡᠨ ᠰᠤᠷᠤᠭᠴᠢ ᠶᠢ ᠢᠯᠡ ᠪᠠᠷ ᠤᠷᠢᠨ ᠬᠡᠷᠡᠭᠯᠡᠬᠦ ᠵᠡᠷᠭᠡ ᠠᠷᠭ᠎ᠠ ᠪᠠᠷ | ᠳᠠᠮᠵᠢᠭᠤᠯᠤᠨ᠂ 58 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠡᠯᠰᠡᠪᠡ᠃ ᠪᠤᠭᠤᠲᠤ᠂ ᠣᠷᠳᠣᠰ | ᠵᠡᠷᠭᠡ ᠭᠠᠵᠠᠷ ᠣᠷᠣᠨ ᠤ ᠨᠠᠷᠠᠲᠤ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠰᠤᠷᠭᠠᠭᠤᠯᠢ ᠶᠢᠨ ᠬᠤᠭᠤᠷᠣᠨᠳᠣᠬᠢ | ᠬᠠᠮᠲᠤᠷᠠᠯᠴᠠᠭᠠᠨ ᠤ ᠵᠦᠪᠳᠡᠯᠴᠡᠭᠡᠷ ᠲᠣᠭᠲᠠᠪᠠ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠤᠷᠣᠬᠤ ᠨᠣᠷᠮ᠎ᠠ | 4.8 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠠᠶᠢᠮᠠᠭ ᠲᠤ ᠲᠠᠪᠤᠳᠤᠭᠠᠷ ᠲᠤ ᠵᠢᠭᠰᠠᠭᠠᠭᠳᠠᠪᠠ᠃ | ᠭᠤᠤᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠭᠰᠠᠨ ᠨᠣᠷᠮ᠎ᠠ 3 ᠵᠠᠭᠤᠨ ᠤ ᠬᠤᠪᠢ | ᠶᠢᠨ ᠴᠡᠭ ᠳᠡᠭᠡᠭᠰᠢᠯᠡᠪᠡ᠃ | —— ᠡᠷᠡᠬᠦᠯ ᠬᠠᠮᠠᠭᠠᠯᠠᠯ ᠤᠨ ᠠᠵᠢᠯ ᠤᠨ ᠲᠠᠯ᠎ᠠ ᠪᠠᠷ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ | ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠡᠷᠡᠭᠦᠯᠵᠢᠭᠦᠯᠬᠦ ᠰᠠᠯᠠᠭ᠎ᠠ᠂ | ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠶᠢ ᠲᠦᠷᠭᠡᠨ ᠠᠪᠤᠷᠬᠠᠤ ᠲᠥᠪ᠂ ᠠᠮᠢᠰᠬᠤᠯ ᠤᠨ ᠬᠦᠨᠳᠦ ᠡᠪᠡᠳᠴᠢᠨ | ᠤ ᠰᠠᠯᠠᠭ᠎ᠠ ᠶᠢ ᠨᠠᠮᠠᠨ ᠪᠠᠶᠢᠭᠤᠯᠵᠤ᠂ ᠬᠡᠤᠬᠡᠳ ᠤᠨ ᠰᠠᠯᠠᠭᠠᠨ ᠤ ᠡᠮᠨᠡᠯᠭᠡ ᠳᠤ ᠰᠠᠭᠤᠬᠤ ᠭᠠᠵᠠᠷ ᠢ ᠪᠠᠶᠢᠭᠤᠯᠤᠨ᠂ | ᠰᠢᠳᠦᠨ ᠤ ᠰᠠᠯᠠᠭᠠᠨ ᠤ ᠨᠠᠷᠠᠲᠤ ᠡᠮᠴᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠠᠷᠠᠳ ᠳᠦᠮᠡᠨ ᠳᠤ ᠨᠡᠩ | ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ ᠪᠠᠷ | ᠤᠷᠢᠨ ᠬᠡᠷᠡᠭᠯᠡᠪᠡ᠃ ᠠᠯᠪᠠᠨ ᠠᠴᠠ ᠪᠠᠶᠢᠭᠤᠯᠤᠭᠰᠠᠨ 2 ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ | ᠳᠡᠰ ᠤᠨ ᠡᠮᠨᠡᠯᠭᠡ ᠶᠢᠨ ᠬᠤᠷᠢᠶᠠᠨ ᠤ ᠳᠠᠬᠢᠨ ᠰᠢᠯᠭᠠᠯᠳᠠ ᠳᠤ ᠬᠢᠷᠢ ᠲᠡᠩᠴᠡᠪᠡ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ | ᠭᠥᠷᠳᠡᠬᠦ ᠶᠢ ᠠᠬᠢᠭᠤᠯᠪᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ᠂ | ᠪᠠᠶᠠᠨᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠤᠷᠢᠨ ᠠᠪᠴᠢᠷᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ 16 | ᠲᠤᠰᠬᠠᠢ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠨ ᠬᠡᠷᠡᠭᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠤ | ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠯᠲᠠ ᠳᠤ ᠬᠢᠷᠢ ᠲᠡᠩᠴᠡᠪᠡ᠃ | —— ᠠᠷᠠᠳ ᠤᠨ ᠠᠮᠢᠳᠤᠷᠠᠯ ᠤᠨ ᠠᠵᠢᠯ ᠤᠨ ᠲᠠᠯ᠎ᠠ ᠪᠠᠷ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ᠂ ᠬᠤᠲᠠ ᠪᠠᠯᠭᠠᠰᠤᠨ ᠤ 1300 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠲᠠ | ᠤᠷᠤᠭᠰᠠᠨ 4147 ᠮᠠᠯᠴᠢᠨ ᠲᠠᠷᠢᠶᠠᠴᠢᠨ ᠳᠤ ᠠᠵᠢᠯ ᠣᠯᠭᠤᠵᠤ᠂ ᠵᠢᠯ ᠤᠨ ᠡᠭᠦᠷᠭᠡ ᠪᠠᠨ ᠳᠠᠪᠠᠭᠤᠯᠤᠨ | ᠪᠡᠶᠡᠯᠡᠬᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1.51% ᠪᠣᠯᠪᠠ᠃ | ᠠᠵᠢᠯ ᠦᠶᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠤ ᠨᠡᠶᠢᠭᠡᠮ ᠤᠨ ᠳᠠᠭᠠᠳᠬᠠᠯ ᠤᠨ | ᠨᠦᠬᠦᠪᠦᠷᠢ ᠵᠡᠷᠭᠡ ᠪᠠᠯᠠ ᠮᠥᠩᠭᠦ ᠶᠢ 5200 ᠭᠠᠷᠤᠶ ᠲᠦᠮᠡᠨ ᠲᠥᠭᠦᠷᠢᠭ ᠲᠠᠷᠬᠠᠭᠠᠵᠦ᠂ ᠰᠤᠯᠠ ᠠᠵᠢᠯᠴᠢᠨ | ᠬᠡᠷᠡᠭᠯᠡᠬᠦ ᠵᠠᠬ᠎ᠠ ᠳᠡᠯᠭᠡᠭᠦᠷ ᠢ ᠪᠠᠶᠢᠭᠤᠯᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠂ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠨᠦᠬᠦᠪᠦᠷᠢ᠂ ᠲᠦᠷ ᠴᠠᠭ ᠤᠨ ᠠᠪᠤᠷᠠᠨ ᠲᠤᠰᠠᠯᠠᠬᠤ | ᠨᠦᠬᠦᠪᠦᠷᠢ᠂ ᠥᠨᠳᠥᠷ ᠨᠠᠰᠤᠨ ᠤ ᠨᠥᠬᠦᠪᠥᠷᠢ᠂ ᠵᠡᠮᠳᠡᠭᠴᠦᠳ ᠤᠨ | ︽ᠬᠤᠶᠠᠷ ᠵᠦᠢᠯ ᠤᠨ ᠨᠥᠬᠦᠪᠦᠷᠢ︾ ᠵᠡᠷᠭᠡ ᠨᠦᠬᠦᠪᠦᠷᠢ ᠮᠦᠩᠬᠦ ᠶᠢ ᠨᠡᠶᠢᠲᠡ 2612 ᠲᠦᠮᠡᠨ ᠲᠥᠭᠦᠷᠢᠭ | ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠨᠣᠷᠮ᠎ᠠ ᠶᠢ 2 ᠵᠠᠭᠤᠨ ᠤ ᠴᠡᠭ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ ᠤᠨ ᠣᠯᠭᠤᠮᠵᠢ ᠶᠢ ᠠᠷᠪᠠ ᠶᠢᠰᠦᠨ ᠵᠢᠯ ᠳᠠᠷᠠᠭᠠᠯᠠᠨ ᠳᠡᠭᠡᠭᠰᠢᠯᠡᠭᠦᠯᠪᠠ᠃ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠰᠠᠭᠤᠷᠢ ᠲᠤᠭ᠎ᠠ ᠪᠥᠬᠦ | ᠠᠶᠢᠮᠠᠭ ᠤᠨ ᠳᠡᠷᠢᠭᠦᠨ ᠳᠤ ᠤᠷᠤᠪᠠ᠃ 1.68 ᠲᠦᠮᠡᠨ ᠡᠷᠦᠬᠡ ᠳᠤ 3.36 ᠲᠦᠮᠡᠨ ᠲᠣᠨ ᠬᠢᠮᠳᠠ ᠨᠡᠭᠦᠷᠡᠰᠦ | ᠲᠠᠷᠬᠠᠭᠠᠪᠠ᠃ 2300 ᠭᠠᠷᠤᠢ ᠬᠥᠯᠥᠰᠥᠨ ᠠᠵᠢᠯᠴᠢᠨ ᠳᠤ 3100 ᠭᠠᠷᠤᠢ ᠲᠦᠮᠡᠨ ᠲᠥᠭᠦᠷᠢᠭ ᠤᠨ ᠴᠠᠯᠢᠩ ᠢ | ᠨᠡᠬᠡᠮᠵᠢᠯᠡᠨ ᠣᠯᠭᠤᠪᠠ᠃ ᠨᠡᠶᠢᠲᠡ ᠶᠢᠨ ᠤᠩᠭᠤᠨ ᠤ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ | ᠵᠦᠢᠯ ᠢ ᠪᠠᠷᠢᠯᠭ᠎ᠠ ᠳᠠᠭᠤᠰᠬᠠᠪᠠ᠃ ᠪᠠᠶ᠋ᠬᠠᠭᠤᠯᠠ ᠨᠠᠰᠤᠳᠠᠶᠢᠴᠤᠳ ᠢ ᠠᠰᠠᠷᠠᠬᠤ ᠬᠦᠷᠢᠶᠡᠯᠡᠩ᠂ ᠦᠷᠡᠭᠳᠡᠭᠰᠡᠨ | ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠢ ᠶᠢ ᠡᠬᠢᠯᠡᠨ ᠪᠠᠶᠢᠭᠤᠯᠪᠠ᠃ | —— ᠰᠤᠶᠤᠯ ᠤᠨ ᠠᠵᠢᠯ ᠤᠨ ᠲᠠᠯ᠎ᠠ ᠪᠠᠷ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠠᠰᠢᠭᠯᠠᠯᠳᠠ ᠳᠤ | ᠤᠷᠤᠭᠤᠯᠵᠦ᠂ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠣᠷᠳᠣᠨ ᠢ ᠪᠠᠷᠢᠯᠭ᠎ᠠ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠭᠤᠷᠤᠬᠠᠨ ᠪᠠᠯᠭᠠᠰᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ | ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ᠂ ᠨᠠᠶᠢᠷ ᠤᠨ | ᠲᠠᠯᠠᠪᠠᠢ ᠶᠢᠨ ᠰᠠᠭᠤᠷᠢ ᠳᠦᠬᠦᠭᠡᠷᠦᠮᠵᠢ ᠶᠢ ᠰᠡᠯᠪᠢᠨ ᠵᠠᠰᠠᠪᠠ᠃ ᠬᠤᠰᠢᠭᠤ ᠤᠯᠠᠭᠠᠨᠮᠥ᠋ᠴᠢᠷ ᠨᠢ 6 ᠲᠣᠭᠯᠠᠭᠴᠢ ᠶᠢ | ᠢᠯᠡ ᠪᠠᠷ ᠤᠷᠢᠨ ᠡᠯᠰᠡᠵᠦ᠂ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ | ᠠᠵᠢᠯᠯᠠᠭ᠎ᠠ ᠶᠢ 160 ᠭᠠᠷᠤᠢ ᠤᠳᠠᠭ᠎ᠠ ᠦᠷᠨᠢᠬᠦᠯᠦᠨ᠂ ᠤᠯᠠᠨ ᠲᠦᠮᠡᠨ ᠳᠤ 15 ᠲᠦᠮᠡᠨ ᠬᠥᠮᠥᠨ ᠤᠳᠠᠭ᠎ᠠ | ᠦᠢᠯᠡᠴᠢᠯᠡᠵᠦ᠂ ᠮᠣᠩᠭᠤᠯ ᠵᠦᠴᠦᠭᠡ ︽ᠠᠵᠢᠨᠠᠢ ᠴᠠᠭᠠᠨ︾ ᠨᠢ 2023 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠱᠠᠩᠨᠠᠯ ᠢ | ᠬᠦᠷᠳᠡᠪᠡ᠃ ᠬᠤᠰᠢᠭᠤ ᠬᠠᠮ ᠵᠠᠭᠤᠴᠢᠯᠠᠭᠤᠷ ᠤᠨ ᠲᠥᠪ ᠤᠨ ︽ ᠳᠡᠭᠦᠯᠢᠯᠳᠡ ᠬᠠᠮ ᠵᠠᠭᠤᠴᠢᠯᠠᠭᠤᠷ ︾ ᠳᠡᠭᠡᠷ᠎ᠡ | ᠡᠬᠡ ᠪᠢᠴᠢᠭ ᠨᠡᠶᠢᠲᠡᠯᠡᠭᠰᠡᠨ ᠬᠡᠮᠵᠢᠶ᠎ᠡ ᠪᠥᠬᠦ ᠣᠷᠣᠨ ᠳᠤ ᠶᠢᠰᠦᠳᠦᠭᠡᠷ ᠲᠤ ᠤᠷᠤᠪᠠ᠃ | ︵ᠨᠠᠢᠮᠠ︶ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠳᠦᠷᠦᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠪᠦᠳᠦᠮᠵᠢᠳᠡᠢ | ᠰᠢᠢᠳᠪᠦᠷᠢᠯᠡᠪᠡ᠃ ᠠᠮᠤᠷ ᠳᠦᠪᠰᠢᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠷᠡᠭᠦᠦ ᠶᠢᠨ | ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ᠡᠭᠦᠰᠦᠭᠰᠡᠨ ᠨᠤᠷᠮ᠎ᠠ ᠪᠠᠭᠤᠷᠠᠵᠤ᠂ ᠵᠠᠮ ᠬᠠᠷᠢᠯᠴᠠᠭᠠᠨ ᠤ ᠠᠳᠡᠯ ᠬᠡᠷᠡᠭ | ᠦᠷᠭᠦᠯᠵᠢᠯᠡᠨ ᠪᠠᠭᠠᠰᠪᠠ᠃ ᠡᠳ᠋ ᠤᠨ ᠵᠠᠰᠠᠭ ᠠᠴᠠ ᠭᠠᠳᠠᠨᠠᠬᠢ ᠵᠠᠰᠠᠭ ᠵᠠᠬᠢᠷᠭᠠᠨ ᠤ ᠥᠷᠢ ᠥᠭᠴᠡᠭᠡ ᠶᠢ ᠨᠡᠶᠢᠲᠡ 4. | 72 ᠳ᠋ᠦᠩᠰᠢᠭᠤᠷ ᠲᠥᠭᠦᠷᠢᠭ ᠳᠦᠯᠦᠵᠦ᠂ ᠥᠪᠡᠷᠲᠡᠭᠡᠨ ᠵᠠᠰᠠᠬᠤ ᠣᠷᠣᠨ ᠤ | ︽ᠳᠥᠷᠪᠡᠨ ᠪᠦᠯᠦᠭ︾ ᠢ ᠦᠭᠡᠶᠢᠰᠬᠡᠬᠦ ᠡᠭᠦᠷᠭᠡ ᠶᠢ ᠪᠡᠶᠡᠯᠡᠭᠦᠯᠪᠡ᠃ ᠪᠤᠷᠤᠬᠤᠰᠢᠭᠤ ᠨᠡᠭᠦᠷᠡᠰᠦᠨ ᠠᠭᠤᠷᠬᠠᠢ ᠶᠢᠨ | ᠵᠠᠬ᠎ᠠ ᠬᠥᠲᠥᠯ ᠢ ᠵᠠᠰᠠᠬᠤ᠂ ᠬᠠᠳᠠᠲᠤ ᠰᠢᠨ᠎ᠡ ᠬᠤᠳᠳᠤᠭ ᠤᠨ ᠨᠡᠭᠦᠷᠡᠰᠦᠨ ᠠᠭᠤᠷᠬᠠᠢ ᠶᠢ ᠬᠠᠭᠠᠬᠤ ᠵᠡᠷᠭᠡ | ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠂ ᠡᠩ ᠤᠨ ᠬᠡᠮ ᠰᠣᠭᠤᠭ ᠢ 4173 ᠵᠦᠢᠯ᠂ | ᠬᠦᠨᠳᠦ ᠶᠡᠭᠡ ᠬᠡᠮ ᠰᠣᠭᠤᠭ ᠢ 24 ᠵᠦᠢᠯ ᠪᠠᠶᠢᠴᠠᠭᠠᠨ ᠴᠡᠭᠴᠡᠯᠡᠨ ᠵᠠᠰᠠᠵᠤ᠂ ᠲᠤᠰ ᠵᠢᠯ ᠳᠤ ᠬᠦᠨᠳᠦ | ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠬᠡᠷᠡᠭ ᠭᠠᠷᠤᠭᠰᠠᠨ ᠦᠭᠡᠢ᠃ ᠬᠤᠰᠢᠭᠤ ᠭᠠᠯ ᠰᠡᠷᠭᠡᠶᠢᠯᠡᠵᠦ | ᠠᠪᠤᠷᠠᠨ ᠲᠤᠰᠠᠯᠠᠬᠤ ᠶᠡᠭᠡ ᠠᠩᠭᠢ ᠨᠢ ᠪᠦᠬᠦ ᠤᠷᠤᠨ ᠤ ︽ᠤᠮᠠᠷᠠᠲᠤ ᠶᠢᠨ ᠦᠯᠢᠭᠡᠷ ᠳᠠᠭᠤᠷᠢᠶᠠᠯ︾ ᠴᠣᠯᠠ ᠶᠢ | ᠬᠦᠷᠲᠡᠪᠡ᠃ ︽ᠠᠬᠢᠨ ᠲᠠᠬᠢᠨ ᠵᠠᠬᠢᠳᠠᠯ ᠰᠤᠷᠪᠤᠯᠵᠢᠯᠠᠯ ᠬᠢᠬᠦ᠂ ᠣᠨ ᠤᠳᠠᠭᠰᠠᠨ ᠵᠠᠬᠢᠳᠠᠯ ᠰᠤᠷᠪᠤᠯᠵᠢᠯᠠᠯ ᠢ | ᠰᠢᠶᠳᠪᠦᠷᠢᠯᠡᠬᠦ︾ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ | ᠵᠠᠬᠢᠳᠠᠯ ᠰᠤᠷᠪᠤᠯᠵᠢᠯᠠᠯ ᠢ ᠬᠤᠯᠪᠣᠭᠠᠯᠠᠨ ᠰᠢᠢᠳᠪᠦᠷᠢᠯᠡᠬᠦ ᠠᠯᠪᠠᠨ ᠭᠡᠷ ᠠᠴᠠ ᠲᠤᠰᠢᠶᠠᠨ ᠥᠭᠬᠦᠭᠰᠡᠨ 7 ᠬᠤᠪᠢ | ᠬᠡᠷᠡᠭ᠂ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠨ ᠥᠭᠬᠦᠭᠰᠡᠨ 26 ᠬᠤᠪᠢ ᠬᠡᠷᠡᠭ᠂ ᠥᠪᠡᠷᠲᠡᠭᠡᠨ ᠵᠠᠰᠠᠬᠤ | ᠣᠷᠣᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠲᠤᠰᠢᠶᠠᠭᠰᠠᠨ 19 ᠬᠤᠪᠢ | ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠶᠳᠪᠦᠷᠢᠯᠡᠵᠦ ᠳᠠᠭᠤᠰᠬᠠᠪᠠ᠃ | ᠨᠢᠭᠡ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠨᠠᠮ ᠤᠨ ᠭᠡᠰᠢᠭᠦᠨ ᠺᠠᠳ᠋ᠷᠴᠤᠳ ᠤᠯᠠᠨ ᠳᠦᠮᠡᠨ ᠢ ᠬᠥᠲᠥᠯᠥᠨ ᠵᠢᠯᠤᠭᠤᠳᠴᠤ᠂ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ | ᠪᠠᠶᠢᠨ᠎ᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠮᠡᠳᠡᠭᠦᠯᠵᠦ᠂ 229 ᠬᠤᠪᠢ | ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠬᠡᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠢᠯ ᠤᠨ ᠰᠤᠷᠲᠠᠯ ᠪᠠ ᠦᠢᠯᠡᠴᠢᠯᠡᠭᠡᠨ ᠤ ᠦᠷ᠎ᠡ | ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠣᠯ ᠱᠤᠭᠤᠮ ᠢ ᠪᠠᠳᠤᠳᠬᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ᠶᠢ | ᠡᠭᠦᠳᠦᠨ ᠪᠠᠶᠢᠭᠤᠯᠤᠭᠰᠠᠨ ᠨᠣᠷᠮ᠎ᠠ 100% ᠳᠤ ᠬᠦᠷᠴᠦ᠂ ︽ᠭᠤᠷᠪᠠᠨ ᠰᠠᠯᠵᠤ ᠴᠢᠳᠠᠰᠢ ᠦᠭᠡᠢ︾᠂ ︽ | ᠳᠥᠷᠪᠡ ᠶᠢ ᠬᠠᠮᠲᠤᠳᠬᠠᠬᠤ ︾᠂ ︽ᠲᠠᠪᠤ ᠶᠢ ᠮᠡᠳᠡᠷᠡᠬᠦ︾ ᠶᠢ ᠬᠥᠮᠥᠰ ᠤᠨ ᠰᠡᠳᠬᠢᠯ ᠳᠤ ᠨᠠᠩ ᠭᠦᠨ | ᠬᠠᠳᠠᠩᠰᠢᠭᠤᠯᠵᠤ᠂ 1 ᠬᠠᠮᠳᠤ ᠨᠢᠭᠡᠴᠡ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠠᠮᠳᠤ ᠨᠢᠭᠡᠴᠡ ᠪᠠᠷ ᠦᠨᠡᠯᠡᠭᠳᠡᠵᠦ᠂ 3 ᠬᠠᠮᠳᠤ ᠨᠢᠭᠡᠴᠡ ᠨᠢ ᠪᠥᠬᠦ ᠠᠶᠢᠮᠠᠭ ᠤᠨ ᠵᠢᠱᠢᠶ᠎ᠡ ᠦᠵᠡᠭᠦᠯᠬᠦ | ᠬᠠᠮᠳᠤ ᠨᠢᠭᠡᠴᠡ ᠪᠠᠷ ᠦᠨᠡᠯᠡᠭᠳᠡᠪᠡ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ | ᠰᠡᠷᠭᠡᠶᠢᠯᠡᠯᠲᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠪᠠ ᠳᠤᠮᠳᠠᠳᠤ ᠶᠢᠨ | ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ | ᠡᠪᠬᠡᠮᠡᠯ ᠲᠡᠦᠬᠡ ᠤᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠤᠨ ᠠᠵᠢᠯ ᠴᠥᠮ ᠰᠢᠨ᠎ᠡ ᠠᠬᠢᠴᠠ ᠲᠠᠢ ᠪᠣᠯᠵᠤ᠂ | ᠠᠵᠢᠯᠳᠠᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠪᠠᠶᠢᠳᠠᠯ ᠲᠠᠢ ᠪᠣᠯᠵᠤ᠂ | ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠥᠬᠦ ᠤᠯᠤᠰ ᠤᠨ ᠰᠢᠶᠠᠨ ᠤ ᠱᠠᠲᠤᠨ ᠤ ︽ᠲᠠᠪᠤᠨ | ᠰᠠᠶᠢᠨᠲᠠᠢ︾ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢᠶᠠᠨ ᠡᠷᠬᠢᠴᠡᠬᠦᠯᠪᠡᠯ᠂ ᠪᠢᠳᠡᠨ ᠳᠤ ᠳᠤᠯᠠᠭᠠᠷᠠᠭᠰᠠᠨ | ᠲᠦᠭᠰᠢᠭᠦᠷᠢ᠂ ᠳᠠᠷᠤᠯᠲᠠ ᠪᠣᠯᠣᠨ ᠥᠷᠢᠰᠦᠯᠳᠦᠭᠡᠨ ᠤᠷᠢᠳᠤ ᠡᠮᠦᠨ᠎ᠡ ᠪᠠᠶᠢᠭ᠎ᠠ ᠦᠭᠡᠢ ᠶᠤᠮ᠂ ᠭᠡᠪᠡᠴᠦ ᠪᠢᠳᠡ | ᠢᠮᠠᠭᠲᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠷᠢᠮᠲᠠᠯᠠᠵᠤ᠂ ᠡᠭᠦᠷᠢᠳᠡ ᠴᠠᠯᠠᠭᠠᠶᠢᠷᠠᠬᠤ ᠦᠭᠡᠢ | ᠤᠶᠤᠨ ᠰᠠᠨᠠᠭᠠᠨ ᠤ ᠬᠦᠴᠦ ᠪᠣᠯᠣᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠵᠣᠷᠢᠭ ᠰᠠᠨᠠᠭ᠎ᠠ ᠪᠠᠷ ᠡᠷᠡᠰ | ᠰᠢᠭᠤᠷᠬᠠᠢ ᠤᠷᠤᠭᠰᠢᠯᠠᠨ ᠳᠠᠪᠰᠢᠵᠤ᠂ ᠬᠠᠲᠠᠭᠤᠵᠢᠯᠲᠠᠢ ᠪᠠᠷ ᠪᠣᠳᠠᠲᠠᠢ ᠠᠵᠢᠯᠯᠠᠵᠤ᠂ ᠰᠥᠷᠭᠡᠦ ᠣᠷᠴᠢᠨ ᠳᠤ | ᠰᠢᠪᠲᠤᠯᠤᠯᠲᠠ ᠭᠠᠷᠭᠠᠨ᠂ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠬᠥᠭᠵᠢᠯᠲᠡ ᠶᠢ ᠡᠷᠢᠯᠬᠢᠯᠡᠨ ᠰᠢᠨ᠎ᠡ ᠶᠢ | ᠡᠭᠦᠳᠴᠦ᠂ ᠬᠦᠴᠢᠷᠳᠡᠯ ᠢᠶᠠᠨ ᠰᠢᠢᠳᠪᠦᠷᠢᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠶᠠᠪᠤᠳᠠᠯ | ᠬᠢᠵᠠᠢ᠃ ᠡᠲᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠤ ᠪᠠᠶᠢᠨ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠣᠲᠣᠨᠣ | ᠬᠠᠯᠠᠮᠵᠢᠯᠠᠯ᠂ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠮᠦᠨᠴᠦ ᠬᠤᠰᠢᠭᠤ ᠨᠠᠮ ᠤᠨ ᠬᠤᠷᠢᠶᠠᠨ ᠤ | ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ᠂ ᠪᠦᠲᠦᠮᠵᠢᠲᠡᠶ ᠬᠢᠨᠠᠯᠲᠠ ᠶᠢᠨ ᠦᠷ᠎ᠡ ᠳ᠋ᠦᠩ᠂ ᠪᠥᠬᠦ | ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠪᠣᠯᠣᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠠᠵᠢᠯ ᠠᠴᠠ ᠪᠠᠨ | ᠠᠮᠠᠷᠠᠭᠰᠠᠨ ᠠᠬᠠᠮᠠᠳ ᠨᠥᠬᠦᠳ᠂ ᠮᠠᠨ ᠤ ᠬᠤᠰᠢᠭᠤᠨ ᠳᠤ ᠪᠡᠯᠡ ᠣᠷᠣᠭᠤᠯᠤᠨ ᠦᠢᠯᠡᠰ ᠪᠣᠰᠬᠠᠵᠤ ᠪᠠᠶᠢᠭ᠎ᠠ ᠠᠵᠤ | ᠠᠬᠤᠶᠢᠯᠠᠯᠳᠠᠳ ᠪᠣᠯᠣᠨ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠪᠦᠲᠦᠭᠡᠨ ᠪᠠᠶᠢᠭᠤᠯᠤᠭᠴᠢᠳ᠂ | ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠦᠬᠦᠳ | ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠳᠠᠭᠠᠣ ᠪᠢᠳᠡ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠡᠳᠦᠢ ᠲᠡᠳᠦᠢ | ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠦ ᠮᠡᠳᠡᠪᠡ᠃ ᠡᠭᠦᠨ ᠳᠤ ᠭᠤᠣᠯᠳᠠᠭᠤ᠄ | ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠲᠠᠭᠤᠵᠢᠯᠳᠠᠢ | ᠪᠠᠶᠢᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠥᠨ ᠯᠡ ᠲᠤᠲᠠᠭᠳᠠᠯ ᠣᠷᠣᠰᠢᠵᠤ ᠪᠠᠶᠢᠨ᠎ᠠ᠃ | ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠶᠠᠰᠤ ᠴᠢᠨᠠᠷ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ᠃ | ᠡᠳᠡᠭᠡᠷ ᠠᠰᠠᠭᠤᠳᠠᠯ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠦᠨᠡᠨᠬᠦ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ | ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ᠃ | ᠬᠤᠶᠠᠷ᠂ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ᠂ | ᠮᠦᠨᠴᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ | ᠦᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠠᠷᠠᠭᠤᠨ ᠦᠵᠦᠮᠦᠴᠢᠨ | ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭᠠᠨ ᠤ ᠪᠥᠬᠦᠳᠡ | ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠠᠷᠭ᠎ᠠ ᠵᠠᠮ ᠢ ᠰᠦᠪᠡᠭᠴᠢᠯᠡᠨ᠂ ᠲᠡᠮᠡᠴᠡᠯ ᠤᠨ | ᠬᠠᠷᠠᠯᠲᠠ ᠪᠠᠨ ᠲᠣᠭᠲᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠳᠠᠯᠠᠨ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠨ᠂ ᠵᠢᠷᠭᠤᠭᠠᠨ ᠢᠨᠵᠧᠨᠧᠷᠢᠩ ᠢ | ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠢ ᠶᠢᠨ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠬᠦᠷᠢᠶ᠎ᠡ ᠴᠠᠷᠠᠭᠠᠨ ᠤ ᠠᠵᠢᠯ ᠤᠨ ᠳᠠᠪᠰᠢᠯᠲᠠ | ᠶᠢ ᠠᠬᠢᠭᠤᠯᠤᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠨ᠎ᠡ᠃ | ᠦᠨᠥ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ᠃ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 20% ᠤᠷᠴᠢᠮ ᠨᠡᠮᠡᠭᠳᠡᠬᠦᠯᠦᠨ᠎ᠡ᠃ ᠡᠩ ᠤᠨ ᠤᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 4.7% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6.6% ᠪᠠᠷ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ | ᠦᠨᠳᠣᠷ ᠪᠤᠯᠭᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠳᠤᠯᠠᠲᠠ᠂ ᠳᠣᠣᠷᠠᠬᠢ ᠲᠤᠯᠤᠭᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠳᠦᠷᠦᠯ ᠵᠦᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠠᠳᠬᠤᠵᠤ᠂ | ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠤᠨ᠎ᠠ | ᠨᠢᠭᠡ ᠳᠤ᠂ ᠪᠦᠬᠦ ᠬᠦᠴᠦᠨ ᠢᠶᠠᠨ ᠳᠦᠪᠯᠡᠷᠡᠬᠦᠯᠦᠨ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠠᠬᠢᠭᠤᠯᠤᠨ᠎ᠠ | ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠷᠭᠦᠯᠵᠢᠯᠡᠨ ︽ᠲᠡᠷᠢᠭᠦᠨ ᠢᠨᠵᠧᠨᠧᠷᠢᠩ︾ ᠪᠣᠯᠭᠠᠵᠤ᠂ | ᠤᠳᠤᠬᠢᠴᠢᠯᠠᠭᠰᠠᠨ ᠡᠨᠧᠷᠭᠢ᠂ ᠣᠷᠴᠢᠯ ᠠᠵᠤ ᠠᠬᠤᠶ᠂ ᠬᠦᠩᠭᠡᠨᠴᠠᠭᠠᠨ ᠵᠢᠴᠢ ᠥᠩᠭᠡᠲᠦ ᠲᠡᠮᠦᠷᠯᠢᠭ᠂ ᠪᠣᠬᠢᠷᠲᠤᠯ | ᠦᠭᠡᠶ ᠠᠮᠢ ᠠᠬᠤᠶ᠂ ᠤᠳᠤᠬᠢᠴᠢᠯᠠᠭᠰᠠᠨ ᠰᠣᠶᠣᠯ ᠵᠢᠭᠤᠯᠴᠢᠯᠠᠯ᠂ ᠤᠳᠤᠬᠢᠴᠢᠯᠠᠭᠰᠠᠨ ᠮᠠᠯ ᠠᠵᠤ ᠠᠬᠤᠶ᠂ | ᠬᠢᠯᠢ ᠶᠢᠨ ᠪᠣᠭᠤᠮᠲᠠ ᠳᠤ ᠳᠤᠯᠭᠠᠭᠤᠷᠢᠯᠠᠭᠰᠨ ᠠᠵᠤ ᠠᠬᠤᠢ᠂ ᠤᠳᠤᠬᠢᠴᠢᠯᠠᠭᠰᠠᠨ ᠪᠤᠳᠠᠰ ᠤᠨ ᠭᠦᠢᠯᠭᠡᠭᠡ᠂ ᠠᠷᠠᠳ | ᠤᠨ ᠠᠮᠢᠳᠤᠷᠠᠯ ᠵᠡᠷᠭᠡ 9 ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ | ᠨᠡᠩ ᠥᠨᠳᠥᠷ ᠰᠢᠨᠵᠢᠯᠡᠬᠦ ᠤᠬᠠᠭᠠᠨᠴᠢᠯᠠᠭᠰᠠᠨ ᠮᠡᠷᠭᠡᠵᠢᠯ ᠤᠨ ᠠᠭᠤᠯᠤᠭᠳᠠᠴᠠ ᠲᠠᠢ᠂ ᠨᠡᠩ ᠥᠨᠳᠥᠷ ᠨᠡᠮᠡᠯᠲᠡ | ᠥᠷᠲᠡᠭ ᠲᠠᠢ᠂ ᠨᠡᠩ ᠳᠣᠣᠷ᠎ᠠ ᠡᠨᠧᠷᠭᠢ ᠶᠢᠨ ᠬᠤᠷᠣᠭᠳᠠᠯ ᠲᠠᠢ ᠴᠢᠨᠠᠷ ᠰᠠᠶᠢᠲᠠᠶ ᠲᠥᠷᠥᠯ ᠵᠦᠢᠯ ᠢ ᠬᠠᠨᠳᠤᠯᠭᠠᠳᠤ | ᠴᠢᠨᠠᠷᠲᠠᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠲᠤᠲᠠᠭᠳᠠᠯ ᠪᠠ ᠪᠠᠭᠤᠷᠠᠶ ᠲᠠᠯ᠎ᠠ ᠶᠢ | ᠴᠢᠷᠮᠠᠶᠢᠨ ᠨᠥᠬᠦᠪᠥᠷᠢᠯᠡᠨ᠎ᠡ᠃ ᠡᠷᠬᠡ ᠬᠠᠷᠢᠭᠤᠴᠠᠯᠭ᠎ᠠ ᠶᠢ ᠲᠡᠩᠴᠡᠭᠦᠦ ᠪᠠᠶᠢᠯᠭᠠᠬᠤ᠂ ᠬᠠᠷᠠᠭᠠᠯᠵᠠᠯ ᠬᠦᠷᠳᠡᠭᠡᠬᠦ ᠪᠠ | ᠦᠢᠯᠡᠳᠪᠦᠷᠢᠯᠡᠵᠦ ᠭᠠᠷᠭᠠᠬᠤ ᠶᠢ ᠬᠠᠷᠢᠯᠴᠠᠨ ᠬᠤᠯᠪᠣᠭᠳᠠᠭᠤᠯᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢᠨ | ᠡᠷᠴᠢᠮ᠂ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ᠂ ᠪᠥᠳᠥᠭᠡᠨ ᠪᠠᠶᠢᠭᠤᠯᠬᠤ ᠴᠠᠭ ᠤᠨ ᠬᠢᠵᠠᠭᠠᠷ ᠵᠡᠷᠭᠡ | ᠪᠠᠷᠢᠮᠵᠢᠶ᠎ᠠ ᠶᠢ ᠲᠤᠪᠤᠶᠢᠯᠭᠠᠨ᠂ ᠭᠡᠷ᠎ᠡ ᠪᠠᠨ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠠᠷᠠᠯᠵᠢᠶᠠᠴᠢᠨ | ᠤᠷᠢᠵᠤ ᠪᠡᠯᠡ ᠲᠠᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠵᠢᠯ ᠲᠤ ᠮᠢᠩᠭᠠᠨ ᠲᠦᠮᠡᠨ ᠲᠥᠭᠦᠷᠢᠭ | ᠠᠴᠠ ᠳᠡᠭᠡᠭᠰᠢᠬᠢ ᠪᠡᠯᠡ ᠤᠷᠤᠭᠤᠯᠤᠯᠳᠠ ᠲᠠᠢ ᠲᠥᠷᠥᠯ ᠵᠦᠢᠯ 20 ᠶᠢ ᠣᠷᠣᠭᠤᠯᠵᠤ ᠠᠪᠴᠢᠷᠠᠨ᠂ 55 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢᠨ ᠤᠷᠤᠭᠤᠯᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ | ᠶᠢᠨ ᠮᠠᠨ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠮᠧᠩ ᠭᠦᠢ | ᠥᠨᠳᠥᠷ ᠴᠡᠪᠡᠷᠴᠡᠲᠦ ᠥᠭᠡᠬᠦᠨ ᠴᠢᠯᠠᠭᠤ᠂ ᠶᠤᠸᠠᠨ ᠹᠧᠩ 20 ᠲᠦᠮᠡᠨ ᠲᠣᠨ ᠤ ᠴᠣᠬᠤᠢ᠂ ᠵᠢᠩ ᠨᠸᠡᠭ | 20MW ᠶᠢᠨ ᠦᠨᠳᠦᠷ ᠴᠢᠳᠠᠮᠵᠢᠲᠤ ᠰᠠᠯᠬᠢᠨ ᠤᠰᠤᠲᠥ᠋ᠷᠥᠭᠴᠢ ᠶᠢᠨ ᠬᠠᠳᠠᠭᠠᠯᠠᠯᠲᠠ ᠵᠡᠷᠭᠡ ᠨᠢᠭᠡ ᠪᠦᠯᠦᠭ | ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠶᠢ ᠠᠬᠢᠭᠤᠯᠵᠤ᠂ ᠲᠤᠰ | ᠵᠢᠯ ᠳᠤ ᠪᠠᠯᠠ ᠣᠷᠣᠭᠤᠯᠤᠯᠲᠠ ᠶᠢᠨ ᠳᠦᠷᠦᠯ ᠵᠦᠢᠯ ᠢ ᠪᠤᠲᠠᠲᠠᠶᠢᠵᠢᠭᠤᠯᠬᠤ ᠪᠠᠷ ᠴᠢᠷᠮᠠᠶᠢᠨ᠎ᠠ᠃ ᠹᠦ᠋ ᠪᠤᠣ ᠲᠧᠩ ᠳ᠋ᠠ | ᠹᠯᠣᠷ ᠤᠨ ᠬᠢᠮᠢ ᠶᠢᠨ ᠠᠵᠤ ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠎ᠠ᠃ ᠬᠦᠩᠭᠡᠨᠴᠠᠭᠠᠨ ᠤ ᠦᠢᠯᠡᠰ᠂ ᠵᠤᠭᠠᠴᠠᠯ ᠤᠨ ᠦᠢᠯᠡᠰ᠂ | ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠴᠢᠨ ᠤᠷᠢᠬᠤ ᠤᠬᠠᠭᠤᠯᠭ᠎ᠠ ᠶᠢᠨ ᠬᠤᠷᠠᠯ ᠢ ᠢᠳᠡᠪᠬᠢᠲᠡᠢ | ᠰᠦᠪᠡᠭᠴᠢᠯᠡᠵᠦ᠂ ᠮᠠᠨ ᠤ ᠬᠤᠰᠢᠭᠤᠨ ᠤ ᠬᠥᠭᠵᠢᠯᠲᠡ ᠶᠢᠨ ᠢᠷᠡᠭᠡᠳᠦᠢ ᠶᠢᠨ ᠳᠠᠪᠠᠭᠤᠯᠢᠭ ᠢ ᠭᠦᠢᠴᠡᠳ | ᠢᠯᠡᠷᠡᠬᠦᠯᠦᠨ᠂ ᠨᠠᠩ ᠣᠯᠠᠨ ᠠᠵᠤ ᠠᠬᠤᠶᠢᠯᠠᠯᠲᠠᠨ ᠢ ᠪᠠᠷᠠᠭᠤᠨ ᠦᠵᠦᠮᠦᠴᠢᠨ ᠳᠤ ᠢᠷᠡᠭᠦᠯᠵᠦ ᠪᠡᠯᠡ ᠣᠷᠣᠭᠤᠯᠤᠨ | ᠦᠢᠯᠡᠰ ᠪᠣᠰᠬᠠᠨ᠎ᠠ᠃ | ᠬᠤᠶᠠᠷ ᠲᠤ᠂ ᠤᠯᠠᠨ ᠠᠷᠭ᠎ᠠ ᠠᠪᠴᠠᠯ ᠢᠶᠠᠷ ᠠᠵᠤ ᠠᠬᠤᠢ ᠶᠢᠨ ᠠᠵᠢᠯᠯᠠᠭᠠᠨ ᠢ ᠲᠤᠭᠲᠠᠪᠤᠷᠢᠵᠢᠭᠤᠯᠤᠨ᠎ᠠ᠃ ᠨᠢᠭᠡ | ᠲᠠᠯ᠎ᠠ ᠪᠠᠷ ᠪᠦᠬᠦ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠠᠩᠬ᠎ᠠ ᠠᠯᠬᠤᠮ 78 ᠲᠣᠬᠢᠷᠠᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 75.6 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ | ᠲᠥᠷᠥᠯ ᠵᠦᠢᠯ 15 ᠪᠠᠶᠢᠵᠤ᠂ 50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠲᠥᠯᠥᠪᠯᠡᠵᠦ ᠪᠣᠶ᠃ ︽ᠲᠥᠷᠥᠯ ᠵᠦᠢᠯ ᠪᠣᠯ ᠬᠠᠮᠤᠭ ᠤᠨ ᠭᠤᠣᠯᠳᠠᠯᠭ᠎ᠠ︾ ᠭᠡᠬᠦ ᠣᠶᠢᠯᠠᠭᠠᠭᠳᠠᠬᠤᠨ ᠢ ᠪᠠᠲᠤ | ᠴᠤᠭᠴᠠᠯᠠᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠢ 4 ᠰᠠᠷ᠎ᠠ ᠶᠢᠨ 15 ᠤ ᠡᠳᠦᠷ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠲᠠᠢ ᠪᠤᠯᠭᠠᠨ᠎ᠠ᠃ ︽ | ᠬᠡᠯᠡᠯᠴᠡᠭᠡᠷ ᠲᠤᠭᠲᠠᠭᠰᠠᠨ ᠲᠥᠷᠥᠯ ᠵᠦᠢᠯ ᠢ ᠳᠠᠷᠤᠶᠢᠬᠠᠨ ᠵᠦᠪᠰᠢᠶᠡᠯ ᠣᠯᠭᠤᠬᠤ᠂ ᠵᠦᠪᠰᠢᠶᠡᠷᠡᠯ ᠣᠯᠤᠭᠰᠠᠨ | ᠲᠥᠷᠥᠯ ᠵᠦᠢᠯ ᠢ ᠳᠠᠷᠤᠶᠢᠬᠠᠨ ᠠᠵᠢᠯ ᠡᠬᠢᠯᠡᠬᠦᠯᠬᠦ᠂ ᠠᠵᠢᠯ ᠡᠬᠢᠯᠡᠭᠦᠯᠦᠭᠰᠡᠨ ᠲᠥᠷᠥᠯ ᠵᠦᠢᠯ ᠢ ᠳᠠᠷᠤᠶᠢᠬᠠᠨ | ᠠᠰᠢᠭᠯᠠᠯᠲᠠ ᠳᠤ ᠣᠷᠣᠭᠤᠯᠬᠤ︾ ᠱᠠᠭᠠᠷᠳᠠᠯᠭ᠎ᠠ ᠶᠤᠰᠤᠭᠠᠷ᠂ ᠤᠳᠤᠷᠢᠳᠤᠯᠭ᠎ᠠ ᠠᠴᠠ ᠳᠠᠭᠠᠭᠠᠴᠢᠯᠠᠨ ᠬᠢᠬᠦ᠂ | ᠲᠤᠰᠬᠠᠢ ᠠᠩᠭᠢ ᠲᠤᠬᠢᠷᠠᠭᠤᠯᠬᠤ᠂ ᠨᠢᠭᠡᠳᠦᠯᠳᠡᠢ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠵᠡᠷᠭᠡ | ᠠᠵᠢᠯ ᠤᠨ ᠲᠣᠭᠲᠠᠴᠠ ᠶᠢ ᠴᠢᠩᠭᠠᠳᠬᠠᠨ᠂ ᠪᠥᠬᠦ ᠬᠦᠴᠦᠨ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠠᠲᠤᠯᠠᠨ᠎ᠠ᠃ ᠨᠥᠭᠦᠭᠡ ᠲᠠᠯ᠎ᠠ ᠪᠠᠷ᠂ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠤᠶᠢᠷ᠎ᠠ ᠶᠢᠨ | ᠵᠢᠯ ᠳᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠰᠡᠨ | ᠪᠣᠯᠪᠠᠴᠤ ᠬᠡᠷᠡᠭᠯᠡᠵᠦ ᠪᠣᠯᠬᠤ ᠡᠳ᠋ ᠤᠨ ᠬᠦᠴᠦᠨ ᠮᠥᠨ ᠬᠢᠵᠠᠭᠠᠷ ᠲᠠᠢ ᠪᠠᠶᠢᠨ᠎ᠠ᠃ ᠡᠯ᠎ᠡ ᠰᠠᠯᠠᠭ᠎ᠠ ᠮᠥᠴᠢᠷ ᠨᠢ | ᠳᠡᠭᠡᠳᠦ ᠱᠠᠲᠤᠨ ᠤ ᠪᠡᠯᠡ ᠤᠷᠤᠭᠤᠯᠤᠯᠲᠠ ᠶᠢᠨ ᠲᠥᠷᠦ ᠶᠢᠨ ᠪᠣᠳᠣᠯᠭ᠎ᠠ ᠶᠢᠨ ᠵᠢᠯᠣᠭᠤᠳᠤᠮᠵᠢ ᠶᠢ ᠴᠢᠩᠭ᠎ᠠ | ᠠᠳᠬᠤᠵᠤ᠂ ᠴᠢᠬᠤᠯᠠ ᠶᠡᠭᠡ ᠲᠥᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠨᠡᠩ ᠤᠯᠠᠨ ᠲᠥᠷᠥᠯ | ᠵᠦᠢᠯ ᠤᠨ ᠳᠡᠮᠵᠢᠯᠭᠡ ᠶᠢ ᠡᠷᠡᠮᠡᠯᠵᠡᠯᠡᠨ᠂ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠵᠡᠷᠭᠡ ᠡᠯ᠎ᠡ ᠲᠥᠷᠥᠯ ᠤᠨ | ᠪᠡᠯᠡ ᠮᠥᠩᠭᠦ ᠶᠢ ᠡᠷᠡᠮᠡᠯᠵᠡᠯᠡᠨ ᠣᠯᠬᠤ ᠬᠦᠴᠦᠯᠡᠴᠡ ᠪᠠᠨ ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠦᠴᠦᠲᠡᠢ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ᠃ | ᠭᠤᠷᠪᠠ ᠳᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠶᠢ ᠠᠳᠬᠤᠨ᠎ᠠ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠤᠨ ᠣᠷᠳᠣᠨ | ᠤ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠶᠴᠡᠳᠬᠡᠬᠦ ᠲᠣᠭᠲᠠᠴᠠ ᠶᠢ ᠲᠡᠭᠦᠯᠳᠡᠷᠵᠢᠭᠦᠯᠤᠨ᠂ ᠠᠷᠠᠯᠵᠢᠶᠠᠴᠢᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠩ ᠰᠢᠯᠢᠳᠡᠭ ᠠᠷᠠᠯᠵᠢᠶ᠎ᠠ | ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠵᠦ᠂ | ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠣᠯᠠᠨ ᠬᠦᠷᠢᠶ᠎ᠡ ᠴᠠᠷᠠᠭᠠᠨ ᠳᠤ ︽ᠥᠨᠳᠥᠷ | ᠪᠦᠲᠦᠮᠵᠢᠲᠡᠶ ᠪᠠᠷ ᠤᠴᠢᠷ ᠶᠠᠪᠤᠳᠠᠯ ᠢ ᠭᠦᠶᠴᠡᠳᠬᠡᠬᠦ︾ ᠶᠢ ᠪᠡᠶᠡᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ | ᠭᠦᠶᠴᠡᠳᠬᠡᠬᠦ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠩᠭᠤ ᠭᠦᠢᠴᠡᠳᠬᠡᠬᠦ ᠭᠠᠷᠳᠠᠮ ᠢ ᠭᠠᠷ ᠤᠲᠠᠰᠤᠨ | ᠳᠡᠭᠡᠷ᠎ᠡ ᠪᠠᠨ ᠭᠦᠢᠴᠡᠳᠬᠡᠵᠦ ᠴᠢᠳᠠᠬᠤ ᠪᠤᠯᠭᠠᠵᠦ᠂ ᠨᠡᠩ ᠳᠦᠭᠦᠮ ᠳᠦᠳᠡ ᠦᠢᠯᠡᠴᠢᠯᠡᠭᠡ ᠬᠠᠩᠭᠠᠨ᠎ᠠ᠃ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠦᠨᠳᠦᠰᠦᠨ ᠱᠠᠳᠤᠨ ᠳᠤ ᠭᠦᠨᠵᠡᠭᠡᠶᠢᠷᠡᠬᠦ ᠶᠢ ᠠᠬᠢᠭᠤᠯᠤᠨ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠣᠶᠢᠷ᠎ᠠ ᠬᠠᠪᠢ ᠳᠠᠭᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ | ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠳᠬᠠᠵᠦ᠂ ︽ᠦᠨᠡᠮᠯᠡᠯ ᠬᠡᠷᠡᠭᠯᠡᠬᠦ ᠥᠬᠡᠶ ᠪᠠᠷ | ᠭᠦᠶᠴᠡᠳᠬᠡᠬᠦ︾ ᠦᠶᠯᠡᠴᠢᠯᠡᠭᠡ ᠶᠢ ᠭᠦᠨᠵᠡᠭᠡᠶ ᠠᠬᠢᠭᠤᠯᠤᠨ᠎ᠠ᠃ ᠣᠯᠠᠨ ᠲᠦᠮᠡᠨ ᠤ ᠪᠣᠳᠠᠲᠠᠶ ᠬᠡᠷᠡᠭᠴᠡᠭᠡ | ᠱᠠᠭᠠᠷᠳᠠᠯᠭ᠎ᠠ ᠶᠢ ᠰᠢᠶᠳᠪᠦᠷᠢᠯᠡᠬᠦ ᠠᠴᠠ ᠡᠭᠦᠰᠴᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 12345 | ᠤᠳᠠᠰᠤᠨ ᠤ ᠬᠦᠯᠢᠶᠡᠨ ᠲᠤᠰᠤᠭᠰᠠᠨ ᠶᠠᠪᠤᠳᠠᠯ ᠢ ᠰᠢᠶᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ | ᠭᠦᠶᠴᠡᠳᠬᠡᠵᠦ ᠳᠠᠭᠤᠰᠬᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠲᠤᠰᠬᠠᠢ | ᠠᠩᠭᠢ ᠪᠠᠶᠢᠭᠤᠯᠤᠨ ᠳᠠᠭᠠᠭᠠᠴᠢᠯᠠᠬᠤ ᠲᠤᠭᠲᠠᠴᠠ ᠶᠢ ᠪᠣᠳᠠᠲᠠᠶᠢᠵᠢᠭᠤᠯᠵᠤ᠂ ᠭᠠᠳᠠᠭᠰᠢ ᠭᠠᠷᠴᠦ ᠠᠷᠠᠯᠵᠢᠶᠠᠴᠢᠨ | ᠤᠷᠢᠬᠤ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠭᠠᠷᠳᠠᠮ ᠭᠦᠢᠴᠡᠳᠬᠡᠬᠦ᠂ ᠪᠠᠷᠢᠯᠭ᠎ᠠ ᠡᠬᠢᠯᠡᠭᠦᠯᠦᠨ ᠪᠦᠳᠦᠭᠡᠨ | ᠪᠠᠶᠢᠭᠤᠯᠬᠤ ᠵᠡᠷᠭᠡ ᠡᠯ᠎ᠡ ᠭᠤᠭᠴᠤᠭ᠎ᠠ ᠳᠤ ᠪᠦᠷ ᠤᠨᠤᠪᠴᠢᠳᠠᠢ ᠦᠢᠯᠡᠴᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ | ᠢ ᠪᠦᠬᠦ ᠲᠠᠯ᠎ᠠ ᠪᠠᠷ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠵᠦ᠂ ᠦᠷ᠎ᠡ ᠠᠰᠢᠭ ᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢ ᠤᠯᠠᠮ ᠨᠢᠭᠡ | ᠠᠯᠬᠤᠮ ᠰᠢᠯᠢᠳᠡᠭᠵᠢᠬᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ︽ᠢᠯᠡ ᠪᠣᠯᠭᠠᠬᠤ︾ | ᠠᠵᠢᠯᠯᠠᠭ᠎ᠠ ᠶᠢ ᠠᠬᠢᠭᠤᠯᠤᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠡᠷᠡᠰ ᠭᠤᠶᠢᠪᠢᠰᠢ ᠦᠭᠡᠢ | ᠠᠳᠬᠤᠵᠤ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | ᠨᠢᠭᠡ ᠳᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠳᠦᠮᠵᠢᠳᠡᠢ ᠪᠠᠶᠢᠬᠤ ᠶᠢ ᠠᠬᠢᠭᠤᠯᠤᠨ᠎ᠠ᠃ | ᠤᠯᠤᠰ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠭᠤᠣᠯ ᠪᠣᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠤᠯᠤᠰ ᠤᠨ ᠮᠠᠯ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠮᠵᠢᠯᠠᠯᠲᠤ ᠪᠡᠯᠴᠢᠭᠡᠷ ᠤᠨ ᠮᠠᠯ ᠠᠵᠤ ᠠᠬᠤᠶ ᠶᠢ ᠤᠳᠤᠬᠢᠴᠢᠯᠠᠭᠰᠠᠨ | ᠠᠮᠢ ᠠᠬᠤᠶ ᠶᠢᠨ ᠮᠠᠯ ᠠᠵᠤ ᠠᠬᠤᠶ ᠲᠡᠶᠢᠰᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ | ᠲᠥᠬᠦᠭᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠦᠮᠡᠨ ᠲᠣᠯᠣᠭᠠᠢ ᠮᠢᠬᠠᠨ ᠤ ᠦᠬᠡᠷ ᠢ | ᠬᠡᠪᠴᠢᠶᠡᠵᠢᠭᠦᠯᠦᠨ ᠲᠡᠵᠢᠭᠡᠨ ᠮᠠᠯᠵᠢᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠵᠤ᠂ ᠮᠠᠯᠴᠢᠳ ᠪᠠ ᠠᠵᠤ | ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠦᠨ᠎ᠡ᠃ ᠦᠵᠦᠮᠦᠴᠢᠨ ᠬᠤᠨᠢᠨ ᠤ ᠡᠭᠦᠯᠳᠡᠷ ᠪᠣᠶᠢᠵᠢᠭᠤᠯᠬᠤ ᠲᠣᠭᠠᠴᠢᠯᠠᠭᠰᠠᠨ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠦᠵᠦᠮᠦᠴᠢᠨ ᠬᠤᠨᠢᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ︽ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ | ᠬᠡᠷᠡᠭᠵᠢᠭᠦᠯᠬᠦ ᠲᠥᠰᠥᠯ︾ ᠢ ᠰᠠᠶᠢᠲᠤᠷ ᠨᠠᠶᠢᠳᠠᠪᠤᠷᠢᠵᠢᠭᠤᠯᠵᠦ᠂ ︽ᠦᠵᠦᠮᠦᠴᠢᠨ ᠴᠠᠭᠠᠨ ᠦᠬᠡᠷ︾ ᠢ ᠰᠢᠨ᠎ᠡ | ᠡᠭᠦᠯᠳᠡᠷ ᠢᠶᠠᠷ ᠬᠢᠨᠠᠨ ᠲᠤᠭᠲᠠᠭᠠᠬᠤ ᠪᠠ ᠳᠡᠯᠭᠡᠷᠡᠬᠦᠯᠬᠦ ᠶᠢ ᠠᠬᠢᠭᠤᠯᠵᠤ᠂ ᠤᠯᠤᠰ ᠤᠨ ᠲᠡᠰ ᠤᠨ ᠪᠠᠷᠢᠮᠵᠢᠶᠠᠲᠤ | ᠱᠠᠷᠦ᠋ᠯᠠᠢ ᠦᠬᠡᠷ ᠤᠨ ᠡᠭᠦᠯᠳᠡᠷ ᠪᠣᠶᠢᠵᠢᠭᠤᠯᠬᠤ ᠭᠤᠤᠯᠳᠠᠯᠭᠠᠳᠤ ᠲᠠᠯᠠᠪᠠᠢ ᠪᠠ ᠡᠭᠦᠯᠳᠡᠷ ᠬᠠᠮᠠᠭᠠᠯᠠᠬᠤ ᠲᠠᠯᠠᠪᠠᠢ ᠶᠢ | ᠪᠠᠶᠢᠭᠤᠯᠤᠨ᠎ᠠ᠃ ᠤᠳᠤᠬᠢᠴᠢᠯᠠᠭᠰᠠᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ | ᠦᠵᠦᠮᠦᠴᠢᠨ ᠴᠠᠭᠠᠨ ᠠᠳᠤᠭᠤᠨ ᠤ ᠡᠭᠦᠯᠳᠡᠷ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ | ᠴᠡᠭᠡ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠬᠤ ᠪᠠᠷ ᠲᠥᠯᠥᠪᠵᠢᠭᠦᠯᠦᠨ᠎ᠡ᠃ ᠴᠠᠭᠠᠨ ᠢᠳᠡᠭᠡᠨ ᠤ ᠦᠶᠯᠡᠰ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠴᠠᠭᠠᠨ ᠢᠳᠡᠭᠡᠨ ᠤ | ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠨᠠᠷᠢᠯᠢᠭ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠤᠨ᠎ᠡ᠃ ᠥᠪᠥᠷ | ᠮᠣᠩᠭᠤᠯ ᠤᠨ ᠼᠤᠤ ᠳ᠋ᠦ᠋ ᠬᠢᠵᠠᠭᠠᠷᠳᠤ ᠺᠤᠮᠫᠠᠨᠢ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠡᠪᠡᠰᠦ ᠪᠣᠷᠳᠤᠭ᠎ᠠ ᠬᠠᠩᠭᠠᠬᠤ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠯᠢᠮᠠᠭ ᠪᠤᠷᠳᠤᠭ᠎ᠠ ᠵᠡᠷᠭᠡ | ᠡᠪᠡᠰᠦ ᠪᠤᠷᠳᠤᠭᠠᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠴᠢᠳᠠᠪᠤᠷᠢ᠂ ᠭᠤᠷᠪᠠᠨ ᠱᠠᠲᠤᠨ ᠤ ᠡᠪᠡᠰᠦ ᠪᠣᠷᠳᠤᠭ᠎ᠠ | ᠨᠥᠭᠡᠴᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠳᠠᠷᠢᠬᠤ᠂ ᠬᠠᠳᠤᠵᠤ | ᠬᠤᠷᠢᠶᠠᠬᠤ᠂ ᠡᠳ᠋ᠰᠢᠭᠦᠯᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠬᠡᠯᠬᠢᠶ᠎ᠡ ᠶᠢ ᠨᠢᠭᠡ | ᠴᠣᠭᠴᠠᠵᠢᠭᠤᠯᠤᠨ ᠡᠵᠡᠩᠨᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ | ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠨᠡᠷᠡᠲᠦ ᠲᠥᠷᠥᠯ ᠲᠡᠮᠳᠡᠭᠲᠦ ᠶᠢ ᠡᠭᠦᠳᠴᠦ᠂ ᠲᠠᠷᠢᠶᠠᠯᠠᠩ | ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ ᠠᠬᠤᠶᠢᠯᠠᠯ ᠤᠨ ᠪᠦᠳᠦᠭᠡᠭᠳᠡᠬᠦᠨ ᠢ ᠨᠠᠷᠢᠯᠢᠭ ᠬᠤᠪᠢᠶᠠᠬᠤ᠂ | ᠪᠤᠯᠭᠤᠭᠰᠠᠨ ᠢᠳᠡᠭᠡᠨ ᠦᠶᠯᠡᠳᠬᠦ ᠵᠡᠷᠭᠡ ᠨᠠᠷᠢᠯᠢᠭ ᠡᠳ᠋ᠰᠢᠭᠦᠯᠬᠦ ᠦᠶᠯᠡᠳᠪᠦᠷᠢᠯᠡᠯ ᠢ ᠬᠥᠭᠵᠢᠭᠦᠯᠬᠦ ᠶᠢ ᠳᠠᠮᠵᠢᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠡᠷᠦᠩᠬᠡᠶᠢᠯᠡᠭᠰᠡᠨ ᠦᠨ᠎ᠡ ᠦᠷᠳᠡᠭ ᠤᠨ | ᠦᠰᠦᠯᠲᠡ ᠶᠢ ᠳᠡᠭᠡᠭᠰᠢᠯᠡᠭᠦᠯᠦᠨ᠎ᠡ᠃ ︽ᠨᠢᠭᠡ ᠤᠷᠤᠨ ᠨᠢᠭᠡ ᠨᠡᠷᠡᠲᠦ ᠳᠡᠮᠳᠡᠭᠳᠦ︾ ᠣᠨᠴᠠᠯᠢᠭᠲᠤ ᠠᠵᠤ ᠦᠢᠯᠡᠰ | ᠤᠨ ᠰᠠᠭᠤᠷᠢᠨ ᠭᠠᠵᠠᠷ ᠢ ᠪᠠᠶᠢᠭᠤᠯᠤᠨ᠂ ᠦᠵᠦᠮᠦᠴᠢᠨ ᠬᠤᠨᠢ᠂ ᠴᠠᠭᠠᠨ ᠦᠬᠡᠷ᠂ ᠴᠠᠭᠠᠨ ᠠᠳᠤᠭᠤ᠂ ᠲᠠᠯ᠎ᠠ | ᠨᠤᠲᠤᠭ ᠤᠨ ᠤᠨᠴᠠᠯᠢᠭᠲᠤ ᠠᠷᠠᠳ ᠤᠨ ᠪᠠᠭᠤᠳᠠᠯ᠂ ᠦᠵᠦᠮᠦᠴᠢᠨ ᠪᠠᠶᠢᠭᠠᠯᠢᠯᠢᠭ ᠡᠪᠡᠰᠦ ᠪᠡᠯᠴᠢᠭᠡᠷ ᠵᠡᠷᠭᠡ ᠨᠡᠷᠡᠲᠦ | ᠳᠡᠮᠳᠡᠭ ᠢ ᠤᠯᠠᠮ ᠨᠢᠭᠡ ᠠᠯᠬᠤᠮ ᠬᠥᠭᠵᠢᠭᠦᠯᠦᠨ᠎ᠡ᠃ | ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠦᠨ᠎ᠡ᠃ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠶᠠᠨᠬᠤᠸᠠ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠵᠠᠳᠠᠭᠠᠶ ᠠᠭᠤᠷᠬᠠᠶ ᠶᠢᠨ ᠭᠠᠵᠠᠷ ᠬᠡᠷᠡᠭᠯᠡᠬᠦ ᠭᠠᠷᠳᠠᠮ ᠢ ᠭᠦᠶᠴᠡᠳᠬᠡᠬᠦ ᠶᠢ | ᠠᠬᠢᠭᠤᠯᠤᠨ᠎ᠠ᠃ ᠬᠤᠸᠠ ᠷᠦᠨ ᠪᠠᠷᠠᠭᠤᠨ ᠨᠢᠭᠡᠳᠦᠭᠡᠷ ᠠᠭᠤᠷᠬᠠᠢ ᠶᠢ ᠳᠠᠷᠤᠢ ᠲᠦᠷᠭᠡᠨ ᠪᠠᠶᠢᠭᠤᠯᠵᠤ ᠳᠠᠭᠤᠰᠬᠠᠬᠤ | ᠶᠢ ᠱᠠᠭᠠᠷᠳᠠᠨ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 6420 ᠲᠦᠮᠡᠨ ᠲᠣᠨ ᠣᠷᠴᠢᠮ ᠳᠤ ᠬᠦᠷᠭᠡᠬᠦ ᠪᠠᠷ | ᠴᠢᠷᠮᠠᠶᠢᠨ᠎ᠠ᠃ ᠦᠢᠯᠡᠳᠪᠦᠷᠢᠯᠡᠵᠦ ᠲᠡᠭᠡᠭᠡᠪᠦᠷᠢᠯᠡᠬᠦ ᠪᠣᠷᠣᠯᠠᠭᠤᠯᠬᠤ ᠲᠣᠬᠢᠷᠠᠭᠤᠯᠭ᠎ᠠ ᠶᠢ ᠴᠢᠩᠭᠠᠳᠬᠠᠨ᠂ ᠨᠡᠭᠦᠷᠡᠰᠦᠨ | ᠤ ᠠᠵᠤ ᠠᠬᠤᠶᠢᠯᠠᠯ ᠢ ᠱᠠᠭᠠᠷᠳᠠᠨ᠂ ᠳᠤᠮᠳᠠ ᠪᠠ ᠤᠷᠲᠤ ᠬᠤᠭᠤᠴᠠᠭᠠᠨ ᠤ ᠭᠡᠷ᠎ᠡ ᠲᠣᠭᠲᠠᠬᠤ ᠠᠵᠢᠯ ᠢ ᠰᠠᠶᠢᠲᠤᠷ | ᠬᠢᠯᠭᠡᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠬᠦᠯᠦᠨ᠎ᠡ᠃ ᠤᠯᠤᠰ ᠤᠨ ᠴᠠᠬᠢᠯᠭᠠᠨ | ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ | ᠴᠠᠬᠢᠯᠭᠠᠨ ᠦᠶᠯᠡᠳᠪᠦᠷᠢ ᠶᠢᠨ ᠬᠤᠣᠰ ᠮᠠᠰᠢᠨ ᠤ ᠠᠰᠢᠭᠯᠠᠯᠳᠠ ᠳᠤ ᠣᠷᠤᠬᠤ ᠶᠢ ᠲᠦᠷᠭᠡᠳᠬᠡᠨ ᠠᠬᠢᠭᠤᠯᠵᠤ᠂ | ᠵᠢᠶᠠᠩᠰᠦ ᠶᠢᠨ ᠡᠨᠧᠷᠭᠢ ᠶᠢᠨ ᠪᠦᠯᠦᠭᠯᠡᠯ ᠤᠨ ᠪᠠᠶᠠᠨᠬᠤᠸᠠ ᠴᠠᠬᠢᠯᠭᠠᠨ ᠦᠶᠯᠡᠳᠪᠦᠷᠢ ᠶᠢᠨ ᠰᠠᠭᠤᠷᠢ ᠢᠨᠵᠧᠨᠧᠷᠢᠩ ᠢ | ᠪᠡᠶᠡᠯᠡᠭᠦᠯᠦᠨ᠂ ᠢᠯᠴᠢ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠮᠵᠢᠶ᠎ᠡ ᠶᠢ 616 ᠲᠦᠮᠡᠨ | ᠺᠢᠯᠣᠸᠠᠲ ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 290 ᠳ᠋ᠦᠩᠰᠢᠭᠤᠷ ᠺᠢᠯᠣᠸᠠᠲ ᠴᠠᠭ ᠠᠴᠠ | ᠳᠠᠪᠠᠭᠤᠯᠤᠨ᠎ᠠ᠃ ᠨᠡᠭᠦᠷᠡᠰᠦᠨ ᠤ ᠪᠤᠰᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠶᠯᠡᠳᠪᠦᠷᠢᠯᠡᠯ ᠤᠨ | ᠠᠵᠢᠯᠯᠠᠭ᠎ᠠ ᠶᠢ ᠰᠠᠶᠢᠲᠤᠷ ᠠᠳᠬᠤᠵᠤ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ | ᠦᠢᠯᠡᠳᠪᠦᠷᠢᠯᠡᠬᠦ᠂ ᠬᠢᠩᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ᠂ ᠪᠤᠣ ᠱᠦᠸᠧ ᠬᠦᠩᠭᠡᠨᠴᠠᠭᠠᠨ | ᠪᠤᠯᠪᠠᠰᠤᠷᠠᠭᠤᠯᠬᠤ᠂ ᠬᠤᠸᠠ ᠴᠤᠸᠠᠩ ᠨᠤᠨᠳᠠᠭ ᠨᠡᠭᠦᠷᠡᠰᠦᠨ ᠤ ᠦᠨᠡᠰᠦ ᠶᠢ ᠪᠤᠯᠪᠠᠰᠤᠷᠠᠭᠤᠯᠬᠤ ᠵᠢᠴᠢ ᠥᠩᠭᠡᠲᠦ | ᠲᠡᠮᠦᠷᠯᠢᠭ ᠰᠤᠩᠭᠤᠨ ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠢ ᠲᠦᠯᠬᠢᠨ ᠠᠬᠢᠭᠤᠯᠵᠤ᠂ | ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢ 400 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ | ᠴᠢᠷᠮᠠᠶᠢᠨ᠎ᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠳᠦᠷᠭᠡᠳᠬᠡᠵᠦ᠂ ᠪᠠᠶᠠᠨᠬᠤᠸᠠ ᠳᠥᠷᠪᠡᠳᠦᠭᠡᠷ | ᠠᠭᠤᠷᠬᠠᠢ ᠶᠢᠨ ᠡᠷᠬᠢᠨ ᠲᠣᠭᠤᠷᠢᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨᠬᠤᠸᠠ ᠥᠪᠡᠷ ᠢ ᠪᠠᠨ ᠬᠠᠩᠭᠠᠬᠤ | ᠴᠠᠬᠢᠯᠭᠠᠨ ᠦᠢᠯᠡᠳᠪᠦᠷᠢ ᠶᠢᠨ 30 ᠲᠦᠮᠡᠨ ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠶᠢ | ᠣᠷᠣᠯᠠᠭᠤᠯᠬᠤ᠂ ᠦᠪᠡᠷᠳᠡᠭᠡᠨ ᠴᠠᠬᠢᠯᠭᠠᠨ ᠭᠠᠷᠭᠠᠵᠦ ᠦᠪᠡᠷᠳᠡᠭᠡᠨ ᠬᠡᠷᠡᠭᠯᠡᠬᠦ 5 ᠲᠦᠮᠡᠨ ᠺᠢᠯᠣᠸᠠᠲ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠬᠢ ᠤᠨ ᠲᠣᠣᠷ ᠲᠤ ᠬᠠᠳᠠᠭᠠᠯᠠᠵᠤ ᠪᠣᠯᠬᠤ 20 ᠲᠦᠮᠡᠨ ᠺᠢᠯᠣᠸᠠᠲ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠡᠷᠲᠡᠬᠡᠨ ᠠᠵᠢᠯ ᠡᠬᠢᠯᠡᠬᠦᠯᠦᠨ ᠪᠠᠶᠢᠭᠤᠯᠵᠦ᠂ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠲᠠᠷᠬᠠᠮᠠᠯ ᠬᠡᠯᠪᠡᠷᠢ ᠶᠢᠨ ᠨᠠᠷᠠᠨ ᠤ | ᠡᠨᠧᠷᠬᠢ ᠶᠢᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠪᠠᠶᠠᠨᠬᠤᠸᠠ ᠶᠢᠨ ᠱᠠᠨ ᠴᠠᠬᠢᠯᠭᠠᠨ | ᠦᠢᠯᠡᠳᠪᠦᠷᠢ᠂ ᠪᠦᠦ ᠱᠦᠸᠧ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠭᠡᠷ ᠤᠨ ᠠᠳᠠᠷ ᠲᠠᠬᠢ ᠨᠠᠷᠠᠨ ᠤ ᠡᠨᠧᠷᠬᠢ ᠶᠢᠨ | ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ | ᠡᠨᠧᠷᠭᠢ ᠶᠢ ᠠᠰᠢᠭᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠠᠨᠬᠤᠸᠠ ᠨᠠᠷᠢᠯᠢᠭᠵᠢᠭᠤᠯᠤᠭᠰᠠᠨ | ᠬᠦᠩᠭᠡᠨᠴᠠᠭᠠᠨ ᠤ ᠬᠠᠪᠲᠠᠰᠤ ᠪᠤᠯᠪᠠᠰᠤᠷᠠᠭᠤᠯᠬᠤ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠠᠵᠤ ᠠᠬᠤᠶᠢᠯᠠᠯ ᠢ | ᠵᠢᠯᠣᠭᠤᠳᠤᠨ᠂ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ ᠵᠦᠶᠯ ᠢ ᠲᠥᠯᠥᠪᠵᠢᠭᠦᠯᠦᠨ | ᠬᠡᠷᠡᠭᠵᠢᠭᠦᠯᠦᠨ᠎ᠡ᠃ | ᠭᠤᠷᠪᠠ ᠳᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠤᠷᠳᠤᠴᠠ ᠶᠢ ᠳᠦᠷᠭᠡᠳᠬᠡᠨ᠎ᠡ᠃ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠵᠢᠭᠤᠯᠴᠢᠯᠠᠯ ᠤᠨ ᠦᠢᠯᠡᠰ ᠢ ᠳᠡᠳᠬᠦᠬᠦ ᠠᠷᠪᠠᠨ ᠵᠤᠷᠪᠤᠰ︾ ᠲᠥᠷᠥ ᠶᠢᠨ ᠪᠣᠳᠣᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠤᠯᠴᠢᠯᠠᠯ ᠢ ᠤᠬᠠᠭᠤᠯᠤᠨ | ᠳᠡᠯᠭᠡᠷᠡᠭᠦᠯᠬᠦ ᠶᠢ ᠦᠷᠭᠦᠯᠵᠢᠯᠡᠨ ᠥᠷᠨᠢᠭᠦᠯᠵᠦ᠂ ᠦᠵᠡᠮᠵᠢ ᠶᠢᠨ ᠤᠷᠤᠨ ᠤ ᠡᠭᠦᠳᠡᠨᠪᠢᠯᠧᠲ ᠢ ᠬᠠᠰᠤᠵᠦ | ᠬᠡᠯᠲᠦᠷᠢᠭᠦᠯᠬᠦ ᠪᠠᠨ ᠴᠢᠩᠭᠠᠳᠬᠠᠨ᠂ ᠭᠠᠳᠠᠨ᠎ᠠ ᠶᠢᠨ ᠵᠢᠭᠤᠯᠴᠢᠯᠠᠭᠰᠠᠳ ᠲᠤ ᠬᠠᠷᠠᠮᠵᠢ ᠦᠭᠡᠢ ᠪᠠᠷ ᠨᠠᠭᠠᠳᠴᠤ ᠪᠤᠯᠠᠬᠤ | ᠲᠥᠷᠥᠯ ᠵᠦᠢᠯ ᠢ ᠬᠡᠷᠡᠭᠵᠢᠭᠦᠯᠦᠨ᠎ᠡ᠃ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ | ᠶᠢ ᠬᠡᠷᠡᠭᠵᠢᠭᠦᠯᠵᠦ᠂ ︽ᠬᠤᠭᠤᠯᠠ ᠤᠮᠳᠠ᠂ ᠶᠠᠪᠤᠵᠦ ᠰᠠᠭᠤᠬᠤ᠂ ᠵᠤᠭᠠᠴᠠᠬᠤ᠂ ᠬᠡᠷᠡᠭᠯᠡᠭᠡ ᠬᠢᠬᠦ᠂ ᠨᠠᠭᠠᠳᠤᠨ | ᠴᠡᠩᠭᠡᠯᠳᠦᠬᠦ︾ ᠵᠢᠷᠭᠤᠭᠠᠨ ᠶᠡᠭᠡ ᠡᠯᠧᠮᠧᠨ᠋ᠲ ᠤᠨ ᠲᠣᠭᠤᠷᠢᠨ ᠳᠤ᠂ ᠬᠠᠮᠢᠶ᠎ᠠ ᠪᠥᠬᠦᠶ ᠰᠠᠭᠤᠷᠢ ᠲᠥᠬᠦᠭᠡᠷᠦᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠷᠣᠬᠠᠨ ᠵᠢᠭᠤᠯᠴᠢᠯᠠᠭᠰᠠᠳ ᠲᠤ ᠦᠶᠯᠡᠴᠢᠯᠡᠬᠦ ᠲᠥᠪ᠂ ᠰᠡᠷᠭᠦᠯᠡᠩ | ᠬᠠᠷᠠᠭᠠᠲᠤ ᠦᠵᠡᠮᠵᠢ ᠶᠢᠨ ᠣᠷᠣᠨ ᠤ ᠮᠣᠳᠣᠨ ᠬᠦᠭᠦᠷᠭᠡᠨ ᠵᠠᠮ᠂ ᠨᠡᠭᠦᠳᠡᠯᠴᠢᠨ ᠠᠶᠢᠮᠠᠭ ᠵᠤᠭᠠᠴᠠᠯ ᠤᠨ ᠤᠷᠤᠨ ᠤ | ᠦᠵᠡᠮᠵᠢ ᠶᠢᠨ ᠲᠠᠪᠴᠠᠩ᠂ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠳᠡᠭᠦᠰᠬᠡᠯ ᠤᠨ ᠴᠡᠭ ᠢ ᠲᠠᠰ | ᠳᠡᠪᠰᠢᠭᠦᠯᠬᠦ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ | ᠬᠠᠪᠴᠢᠭᠠᠢ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠠᠵᠢᠯ ᠤᠨ ᠤᠬᠠᠭᠤᠯᠭ᠎ᠠ ᠬᠥᠮᠦᠵᠢᠯ | ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠮᠠᠨ ᠤ ᠬᠤᠰᠢᠭᠤᠨ ᠤ ᠴᠠᠭ ᠠᠭᠤᠷ ᠤᠨ | ᠣᠨᠴᠠᠯᠢᠭ ᠲᠠᠢ ᠤᠶᠠᠯᠳᠤᠭᠤᠯᠤᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠ ᠪᠦᠲᠦᠭᠡᠭᠳᠡᠭᠦᠨ ᠢᠶᠠᠨ | ᠪᠠᠶᠠᠯᠢᠭᠵᠢᠭᠤᠯᠵᠤ᠂ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠨᠠᠷᠢᠯᠢᠭ ᠲᠥᠰᠦᠪᠯᠡᠵᠦ᠂ ᠲᠠᠯ᠎ᠠ ᠨᠤᠲᠤᠭ ᠤᠨ ︽ | 99 ᠨᠣᠮᠧᠷᠲᠤ ᠵᠠᠰᠠᠮᠠᠯ ᠵᠠᠮ︾ ᠢᠶᠠᠷ ᠨᠠᠷᠠᠲᠤ ᠲᠡᠮᠳᠡᠭᠲᠦ ᠪᠤᠯᠭᠠᠭᠰᠠᠨ ᠬᠡᠭᠡᠷᠯᠡᠨ ᠵᠤᠭᠠᠴᠠᠬᠤ᠂ ᠮᠠᠷᠠᠽᠤᠨ᠂ ᠬᠡᠷᠡᠯ | ᠵᠢᠷᠤᠭ ᠤᠨ ᠤᠷᠤᠯᠳᠤᠭᠠᠨ᠂ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠂ | ᠶᠠᠰᠤ ᠴᠢᠨᠠᠷ ᠢ ᠳᠡᠭᠡᠭᠰᠢᠯᠡᠭᠦᠯᠦᠨ᠂ ᠨᠡᠷ᠎ᠡ ᠠᠯᠳᠠᠷ ᠢᠶᠠᠨ ᠮᠠᠨᠳᠤᠭᠤᠯᠬᠤ ᠪᠠᠷ ᠴᠢᠷᠮᠠᠶᠢᠨ᠎ᠠ᠃ ᠨᠢᠭᠡ ᠪᠦᠯᠦᠭ ᠤᠳᠤᠨ | ᠲᠡᠰ ᠤᠨ ᠪᠠᠭᠤᠳᠠᠯ᠂ ᠤᠳᠤᠨ ᠲᠡᠰ ᠤᠨ ᠠᠷᠠᠳ ᠤᠨ ᠪᠠᠭᠤᠳᠠᠯ ᠪᠠ ᠠᠷᠠᠳ ᠤᠨ ᠵᠠᠩ ᠦᠢᠯᠡ ᠶᠢᠨ ᠣᠨᠴᠠᠯᠢᠭ ᠢ | ᠳᠤᠪᠤᠶᠢᠯᠭᠠᠭᠰᠠᠨ ︽ᠮᠠᠯᠴᠢᠨ ᠠᠶᠢᠯ ᠤᠨ ᠵᠤᠭᠠᠴᠠᠯ ᠤᠨ ᠭᠠᠵᠠᠷ ︾ ᠢ ᠪᠣᠶᠢᠵᠢᠭᠤᠯᠵᠤ᠂ ᠵᠢᠭᠤᠯᠴᠢᠯᠠᠯ ᠤᠨ | ᠭᠠᠵᠠᠷ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠶᠠᠨᠴᠢᠳ ᠤᠨ ᠨᠢᠰᠬᠡᠯ᠂ | ᠲᠡᠮᠦᠷ ᠵᠠᠮ ᠪᠠ ᠨᠠᠷᠠᠲᠤ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠤᠯᠴᠢᠯᠠᠯ ᠤᠨ ᠲᠤᠰᠬᠠᠢ ᠨᠢᠰᠬᠡᠯ ᠪᠠ | ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠨᠡᠪᠲᠡᠷᠡᠬᠦᠯᠬᠦ ᠪᠠᠷ ᠢᠳᠡᠪᠬᠢᠲᠡᠶ ᠬᠠᠷᠢᠯᠴᠠᠵᠦ᠂ ᠵᠢᠭᠤᠯᠴᠢᠯᠠᠭᠰᠠᠳ | ᠤᠨ ᠶᠠᠪᠤᠵᠤ ᠰᠠᠭᠤᠬᠤ ᠳᠤ ᠳᠦᠭᠦᠮ ᠦᠵᠡᠬᠦᠯᠦᠨ᠎ᠡ᠃ ᠠᠳᠤᠭᠤᠨ ᠰᠣᠶᠣᠯ ᠬᠢᠭᠡᠳ ᠰᠣᠶᠣᠯ ᠵᠢᠭᠤᠯᠴᠢᠯᠠᠯ ᠤᠨ | ᠠᠭᠤᠰᠤᠯᠴᠠᠯ ᠢ ᠠᠬᠢᠭᠤᠯᠵᠤ᠂ ︽ᠠᠳᠤᠭᠤᠨ︾ ᠤ ᠨᠠᠷᠠᠲᠤ ᠲᠡᠮᠳᠡᠭᠲᠦ ᠶᠢᠨ ᠵᠢᠭᠤᠯᠴᠢᠯᠠᠯ ᠤᠨ ᠬᠦᠴᠦᠨ ᠵᠦᠶᠯ ᠢ | ᠪᠠᠶᠠᠯᠢᠭᠵᠢᠭᠤᠯᠤᠨ᠂ ᠮᠣᠷᠢ ᠠᠷᠠᠴᠢᠯᠠᠵᠤ ᠡᠮᠨᠢᠭ ᠰᠤᠷᠭᠠᠬᠤ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠵᠤ᠂ | ᠮᠣᠩᠭᠤᠯ ᠮᠣᠷᠢᠨ ᠤ ᠡᠯ᠎ᠡ ᠲᠥᠷᠥᠯ ᠤᠨ ᠤᠷᠤᠯᠳᠤᠭᠠᠨ ᠢ ᠵᠤᠬᠢᠶᠠᠨ ᠪᠠᠶᠢᠭᠤᠯᠬᠤ ᠪᠠ ᠰᠣᠶᠣᠯ ᠤᠷᠠᠯᠢᠭ ᠤᠨ | ᠲᠣᠭᠯᠠᠯᠲᠠ ᠦᠷᠨᠢᠬᠦᠯᠦᠨ᠎ᠡ᠃ ᠭᠠᠷ ᠤᠷᠠᠯᠠᠯ ᠤᠨ ᠠᠵᠤ ᠠᠬᠤᠶᠢᠯᠠᠯ ᠤᠨ ᠪᠤᠳᠠᠰ ᠤᠨ ᠪᠤᠰᠤ ᠰᠤᠶᠤᠯ ᠤᠨ ᠥᠪ ᠤᠨ | ᠪᠦᠳᠦᠭᠡᠭᠳᠡᠬᠦᠨ᠂ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ | ᠵᠤᠭᠠᠴᠠᠯ ᠤᠨ ᠲᠠᠸᠠᠷ ᠢ ᠲᠥᠯᠥᠪᠯᠡᠨ ᠰᠤᠳᠤᠯᠬᠤ ᠶᠢ ᠵᠤᠷᠢᠭᠵᠢᠭᠤᠯᠤᠨ ᠳᠡᠮᠵᠢᠵᠦ᠂ ᠠᠩᠬᠠᠳᠤᠭᠠᠷ ᠤᠳᠠᠭᠠᠨ ᠤ | ᠰᠣᠶᠣᠯ ᠤᠨ ᠪᠦᠲᠦᠭᠡᠭᠳᠡᠬᠦᠨ ᠤ ᠤᠷᠤᠯᠳᠤᠭᠠᠨ ᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠲᠠᠸᠠᠷ ᠤᠨ | ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ ᠨᠤᠭᠤᠭᠠᠨᠬᠠᠳᠠ ᠭᠠᠴᠠᠭ᠎ᠠ ᠶᠢ ᠤᠯᠤᠰ ᠤᠨ ᠲᠡᠰ ᠤᠨ ᠬᠥᠳᠡᠭᠡ | ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠭᠠᠴᠠᠭ᠎ᠠ ᠪᠠᠷ ᠡᠷᠡᠮᠡᠯᠵᠡᠯᠡᠬᠦ ᠶᠢ ᠠᠬᠢᠭᠤᠯᠤᠨ᠎ᠠ᠃ | ︵ᠭᠤᠷᠪᠠ︶ ᠣᠷᠴᠢᠨ ᠳᠤᠭᠤᠷᠢᠨ ᠤ ᠬᠠᠮᠠᠭᠠᠯᠠᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠨ ᠬᠥᠭᠵᠢᠯᠲᠡ ᠶᠢ | ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ | ᠨᠢᠭᠡ ᠳᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠠᠶᠢᠳᠦᠷ ᠵᠠᠰᠠᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠵᠤ ᠪᠡᠯᠴᠢᠭᠡᠷ ᠰᠡᠷᠭᠦᠭᠡᠬᠦ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽ᠪᠠᠷᠠᠭᠤᠨ ᠦᠵᠦᠮᠦᠴᠢᠨ | ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠠᠰᠠᠭᠤᠳᠠᠯ ᠢ ᠰᠢᠶᠳᠪᠦᠷᠢᠯᠡᠬᠦ ᠬᠡᠷᠡᠭᠵᠢᠭᠦᠯᠬᠦ | ᠲᠥᠰᠦᠯ︾ ᠢ ᠲᠣᠭᠲᠠᠭᠠᠨ ᠨᠡᠶᠢᠲᠡᠯᠡᠵᠦ᠂ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢ ᠨᠤᠲᠤᠭ ᠪᠡᠯᠴᠢᠭᠡᠷ | ᠤᠨ ᠳᠠᠭᠠᠭᠠᠴᠢᠯᠠᠨ ᠡᠵᠡᠩᠨᠡᠭᠴᠢ ᠶᠢᠨ ᠬᠠᠷᠢᠭᠤᠴᠠᠯᠭ᠎ᠠ ᠪᠠᠨ ᠭᠦᠶᠴᠡᠳᠬᠡᠬᠦ ᠲᠠᠢ ᠬᠤᠯᠪᠣᠭᠳᠠᠭᠤᠯᠬᠤ ᠲᠣᠭᠲᠠᠴᠠ ᠶᠢ | ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠵᠤᠭᠰᠤᠭᠠᠬᠤ ᠰᠡᠯᠭᠦᠨ ᠮᠠᠯᠵᠢᠬᠤ ᠲᠦᠷᠢᠮ ᠪᠠ ᠳᠠᠭᠠᠭᠠᠴᠠ ᠠᠴᠠ | ᠬᠡᠲᠦᠷᠡᠭᠦᠯᠦᠨ ᠮᠠᠯᠵᠢᠬᠤ ᠵᠡᠷᠭᠡ ᠦᠶᠯᠡ ᠠᠵᠢᠯᠯᠠᠭ᠎ᠠ ᠶᠢ ᠰᠢᠢᠳᠬᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠪᠡᠯᠴᠢᠭᠡᠷᠯᠡᠭᠦᠯᠬᠦ + ᠪᠤᠷᠳᠤᠬᠤ︾᠂ ︽ᠪᠥᠬᠦ ᠵᠢᠯ ᠳᠤ | ᠪᠡᠯᠴᠢᠭᠡᠷᠯᠡᠭᠦᠯᠬᠦ ᠶᠢ ᠴᠠᠭᠠᠵᠠᠯᠠᠨ ᠬᠠᠰᠢᠶᠠᠯᠠᠨ ᠲᠡᠵᠢᠭᠡᠬᠦ︾ ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠡᠪᠤᠯ ᠤᠨ | ᠤᠯᠠᠷᠢᠯ ᠳᠤ ᠨᠤᠲᠤᠭ ᠠᠯᠤᠰᠯᠠᠨ ᠲᠡᠵᠢᠭᠡᠬᠦ ᠵᠡᠷᠭᠡ ᠵᠠᠭᠪᠤᠷ ᠢ ᠬᠡᠷᠡᠭᠵᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ | ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠲᠤᠷᠤᠭᠰᠢ ᠪᠤᠯᠭᠠᠨ᠎ᠠ᠃ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠦᠵᠦᠮᠦᠴᠢᠨ ᠤ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ | ᠠᠬᠢᠭᠤᠯᠵᠤ᠂ 6.5 ᠲᠦᠮᠡᠨ ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ 3 ᠲᠦᠮᠡᠨ ᠮᠥ ᠭᠠᠵᠠᠷ ᠲᠤ | ᠬᠥᠮᠦᠨ ᠤ ᠬᠦᠴᠦ ᠪᠠᠷ ᠡᠪᠡᠰᠦ ᠲᠠᠷᠢᠬᠤ᠂ 0.7 ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠬᠤ ᠪᠠᠷ | ᠳᠦᠯᠦᠪᠯᠡᠵᠦ ᠪᠠᠶᠢᠨ᠎ᠠ᠃ ᠨᠠᠷᠠᠨ ᠤ ᠡᠨᠧᠷᠬᠢ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ | ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠤᠷᠤᠯᠭ᠎ᠠ ᠶᠢᠨ | ᠬᠤᠪᠢᠶᠠᠷᠢᠯᠠᠯᠲᠠ ᠵᠡᠷᠭᠡ ᠲᠠᠯ᠎ᠠ ᠳᠤ ᠳᠡᠭᠡᠳᠦ ᠱᠠᠲᠤᠨ ᠤ ᠳᠡᠮᠵᠢᠯᠭᠡ ᠶᠢ ᠴᠢᠷᠮᠠᠶᠢᠨ ᠡᠷᠡᠮᠡᠯᠵᠡᠯᠡᠨ᠎ᠡ᠃ ᠲᠠᠯ᠎ᠠ | ᠨᠤᠲᠤᠭ ᠤᠨ ᠠᠮᠢ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ | ᠵᠦᠪᠰᠢᠶᠡᠷᠡᠯ ᠦᠭᠡᠢ ᠪᠠᠷ ᠪᠠᠷᠢᠯᠭ᠎ᠠ ᠪᠠᠷᠢᠬᠤ᠂ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠲᠡᠭᠦᠵᠦ | ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠭᠦᠨ᠎ᠡ᠃ ︽ᠤᠰᠤ ᠪᠠᠷ ᠳᠦᠷᠪᠡ ᠶᠢ ᠲᠤᠭᠲᠠᠭᠠᠬᠤ︾ | ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠨ᠎ᠠ᠃ ᠲᠥᠪ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠨᠠᠷᠯᠢᠭ ᠠᠬᠢᠭᠤᠯᠵᠤ᠂ ᠦᠯᠡᠳᠡᠵᠦ ᠪᠠᠶᠢᠭ᠎ᠠ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠥᠩᠭᠡᠷᠡᠭᠰᠡᠨ ᠵᠢᠯ | ᠤᠳ ᠤᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠳᠠᠬᠢᠨ ᠪᠠᠶᠢᠴᠠᠭᠠᠬᠤ︾ ᠠᠵᠢᠯ ᠢ ᠥᠷᠨᠢᠭᠦᠯᠵᠦ᠂ | ᠰᠢᠨ᠎ᠡ ᠨᠢᠭᠡ ᠡᠭᠡᠯᠵᠢ ᠶᠢᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢ ᠬᠦᠯᠢᠶᠡᠬᠦ | ᠪᠡᠯᠡᠳᠬᠡᠯ ᠠᠵᠢᠯ ᠢ ᠰᠠᠶᠢᠳᠤᠷ ᠬᠢᠨ᠎ᠡ᠃ 65 ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢᠨ | ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ 3 ᠵᠦᠶᠯ ᠤᠨ ᠠᠭᠠᠷ ᠮᠠᠨᠳᠠᠯ ᠤᠨ ᠪᠤᠬᠢᠷᠳᠤᠯ ᠪᠤᠳᠠᠰ ᠤᠨ ᠭᠦᠶᠴᠡᠳᠬᠡᠯ ᠲᠤᠭ᠎ᠠ ᠨᠢ | ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠬᠦ ᠶᠢ ᠪᠡᠶᠡᠯᠡᠬᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ ᠢ | ᠪᠠᠶᠢᠩᠭᠤᠵᠢᠭᠤᠯᠤᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ᠂ ᠬᠤᠲᠠ ᠪᠠᠯᠭᠠᠰᠤ ᠪᠠ ᠠᠵᠤ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠭᠤᠣᠯᠳᠠᠯᠭ᠎ᠠ ᠲᠠᠢ ᠤᠰᠤ | ᠭᠠᠳᠠᠭᠰᠢᠯᠠᠭᠤᠯᠬᠤ ᠠᠵᠤ ᠠᠬᠤᠶᠢᠯᠠᠯ ᠢ ᠪᠠᠷᠢᠮᠵᠢᠶᠠᠨ ᠳᠤ ᠬᠦᠷᠦᠭᠦᠯᠦᠨ ᠬᠢᠨᠠᠨ ᠬᠠᠮᠢᠶᠠᠷᠬᠤ ᠶᠢ ᠴᠢᠩᠭᠠᠳᠬᠠᠵᠤ᠂ | ᠬᠤᠲᠠ ᠪᠠᠯᠭᠠᠰᠤᠨ ᠤ ᠪᠣᠬᠢᠷ ᠤᠰᠤᠨ ᠤ ᠦᠢᠯᠡᠳᠪᠦᠷᠢ ᠶᠢᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠳᠤᠳᠬᠠᠵᠦ᠂ ᠨᠤᠨᠲᠠᠭ ᠨᠡᠭᠦᠷᠡᠰᠦᠨ ᠤ | ᠦᠨᠡᠰᠦ ᠶᠢ ᠶᠡᠷᠦᠩᠬᠡᠶᠢᠯᠡᠨ ᠠᠰᠢᠭᠯᠠᠬᠤ ᠪᠦᠬᠦᠯᠢ ᠴᠣᠭᠴᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠶᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠦᠯᠡᠳᠡᠭᠳᠡᠯ | ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠲᠤ ᠬᠤᠯᠪᠣᠭᠳᠠᠬᠤ ᠠᠵᠢᠯ ᠲᠥᠷᠥᠯ ᠪᠣᠯᠤᠨ ᠠᠶᠤᠯᠲᠠᠶ ᠬᠠᠶᠠᠭᠳᠠᠮᠠᠯ | ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠪᠣᠬᠢᠷᠲᠤᠯ ᠤᠨ ᠬᠡᠮ ᠰᠣᠭᠤᠭ ᠢ ᠪᠠᠶᠢᠴᠠᠭᠠᠨ ᠴᠡᠭᠴᠡᠯᠡᠨ | ᠵᠠᠰᠠᠬᠤ ᠶᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ 17 ᠭᠤᠣᠯᠳᠠᠯᠭ᠎ᠠ ᠲᠠᠢ ᠬᠠᠮᠢᠶᠠᠷᠴᠤ ᠪᠠᠶᠢᠭ᠎ᠠ ᠨᠢᠭᠡᠴᠡ ᠶᠢ ᠪᠦᠬᠦᠨ ᠢ ︽ | ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠲᠠᠪᠴᠠᠩ ᠳᠤ ᠤᠷᠤᠭᠤᠯᠬᠤ ᠪᠠᠷ ᠴᠢᠷᠮᠠᠶᠢᠨ᠎ᠠ᠃ | ᠭᠤᠷᠪᠠ ᠳᠤ᠂ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ ᠲᠡᠶᠢᠰᠢ ᠬᠤᠪᠢᠷᠠᠭᠤᠯᠬᠤ ᠶᠢ ᠤᠷᠢᠳᠠᠪᠠᠷ ᠬᠡᠷᠡᠭᠵᠢᠭᠦᠯᠵᠦ | ᠤᠷᠢᠳᠠᠪᠠᠷ ᠲᠤᠷᠰᠢᠬᠤ ᠠᠵᠢᠯ ᠤᠨ ᠲᠥᠰᠦᠯ︾ ᠤᠨ ᠲᠣᠭᠤᠷᠢᠨ ᠳᠤ᠂ ᠪᠣᠳᠠᠲᠠᠶ ᠲᠠᠢ ᠪᠠᠨ ᠤᠶᠠᠯᠳᠤᠭᠤᠯᠤᠨ ᠮᠠᠨ ᠤ | ᠬᠤᠰᠢᠭᠤᠨ ᠤ ᠪᠤᠳᠠᠲᠠᠢ ᠨᠠᠶᠢᠳᠠᠪᠤᠷᠢᠵᠢᠭᠤᠯᠬᠤ ᠲᠥᠰᠥᠪ ᠪᠠ ︽ᠪᠤᠬᠢᠷᠳᠤᠯ ᠦᠭᠡᠢ ᠴᠠᠬᠢᠯᠭᠠᠨ ᠢ ᠠᠰᠢᠭᠯᠠᠬᠤ + | ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ ᠲᠤᠰᠬᠠᠶ ᠠᠵᠢᠯᠯᠠᠭᠠᠨ ᠤ ᠲᠥᠰᠦᠯ ᠢ ᠨᠠᠶᠢᠷᠠᠭᠤᠯᠤᠨ ᠵᠤᠬᠢᠶᠠᠨ᠎ᠠ᠃ | ᠮᠠᠨ ᠤ ᠬᠤᠰᠢᠭᠤᠨ ᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠠᠮᠢᠶ᠎ᠠ ᠪᠥᠬᠦᠶ ᠦᠶᠯᠡᠳᠬᠦᠨ | ᠤ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠤᠶᠢᠯᠠᠭᠠᠨ ᠪᠠᠶᠢᠴᠠᠭᠠᠵᠤ᠂ ᠰᠢᠨᠡᠳᠬᠡᠨ ᠥᠭᠡᠷᠡᠴᠢᠯᠡᠬᠦ ᠶᠢ ᠠᠯᠬᠤᠮ ᠠᠯᠬᠤᠮ ᠢᠶᠠᠷ ᠲᠥᠷᠥᠯ ᠬᠤᠪᠢᠶᠠᠨ | ᠬᠡᠷᠡᠭᠵᠢᠭᠦᠯᠦᠨ᠎ᠡ᠃ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠲᠠᠰᠤ ᠶᠢᠨ ᠲᠥᠷᠥᠯ ᠵᠦᠶᠯ ᠤᠨ | ᠪᠤᠬᠢᠷᠳᠤᠯ ᠦᠭᠡᠢ ᠴᠠᠬᠢᠯᠭᠠᠨ ᠬᠡᠷᠡᠭᠯᠡᠬᠦ ᠡᠷᠴᠢᠮ ᠢ ᠨᠡᠮᠡᠭᠳᠡᠬᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠬᠡᠷᠡᠭᠯᠡᠬᠦ | ᠬᠡᠮᠵᠢᠶ᠎ᠡ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠯ ᠤᠨ ᠬᠢᠷᠢ ᠳᠦᠪᠰᠢᠨ ᠢ ᠠᠯᠬᠤᠮ ᠠᠯᠬᠤᠮ ᠢᠶᠠᠷ | ᠪᠠᠭᠤᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠭᠡᠯᠵᠢ ᠶᠢᠨ ᠠᠭᠤᠷᠬᠠᠶ ᠬᠠᠶᠢᠬᠤ | ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠦᠷᠨᠢᠬᠦᠯᠬᠦ ᠶᠢ ᠢᠳᠡᠪᠬᠢᠳᠡᠢ ᠳᠡᠮᠵᠢᠵᠦ᠂ ᠢᠤᠢ | ᠯᠦᠩ ᠠᠭᠤᠷᠬᠠᠶ ᠶᠢᠨ ᠦᠶᠯᠡᠰ ᠤᠨ ᠬᠠᠷ᠎ᠠ ᠲᠤᠭᠤᠯᠭ᠎ᠠ ᠴᠠᠶᠢᠷ ᠵᠡᠰ ᠤᠨ ᠠᠭᠤᠷᠬᠠᠶ᠂ ᠪᠦᠳᠦᠭᠦᠨ ᠠᠭᠤᠯᠠ ᠮᠥᠩᠭᠦ | ᠲᠡᠮᠦᠷᠯᠢᠭ ᠤᠨ ᠠᠭᠤᠷᠬᠠᠶ᠂ ᠳᠡᠯᠪᠡᠴᠡᠨ ᠠᠯᠲᠠᠨ ᠤ ᠠᠭᠤᠷᠬᠠᠶ ᠵᠡᠷᠭᠡ ᠶᠢᠨ ᠠᠭᠤᠷᠬᠠᠶ ᠬᠠᠶᠢᠬᠤ ᠡᠷᠬᠡ ᠶᠢ ᠨᠡᠭᠡᠭᠡᠨ | ᠮᠠᠯᠲᠠᠬᠤ ᠡᠷᠬᠡ ᠪᠣᠯᠭᠠᠨ ᠬᠤᠪᠢᠷᠠᠭᠤᠯᠬᠤ ᠭᠠᠷᠳᠠᠮ ᠢ ᠦᠷᠭᠦᠯᠵᠢᠯᠡᠨ ᠠᠬᠢᠭᠤᠯᠵᠦ᠂ ᠬᠠᠳᠠᠲᠤ ᠴᠣᠬᠤᠢ ᠶᠢᠨ | ᠴᠢᠯᠠᠭᠤᠨ ᠠᠭᠤᠷᠬᠠᠢ ᠶᠢᠨ ᠨᠤᠲᠤᠭ ᠪᠡᠯᠴᠢᠭᠡᠷ ᠢ ᠲᠠᠲᠠᠪᠤᠷᠢᠯᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠎ᠠ᠃ ᠡᠯ᠎ᠡ ᠠᠭᠤᠷᠬᠠᠢ ᠶᠢᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠨᠡᠭᠦᠷᠡᠰᠦᠨ ᠠᠭᠤᠷᠬᠠᠢ ᠶᠢᠨ ᠬᠡᠷᠡᠭᠯᠡᠵᠦ | ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠪᠡᠶᠡᠯᠡᠭᠦᠯᠦᠨ᠎ᠡ᠃ ︽ᠲᠠᠪᠤ ᠶᠢ | ᠡᠴᠦᠰ ᠲᠤ ᠨᠢ ᠲᠤᠯᠲᠠᠯ᠎ᠠ ᠬᠢᠬᠦ︾ ᠠᠵᠢᠯᠯᠠᠭ᠎ᠠ ᠶᠢ ᠭᠦᠨᠵᠡᠭᠡᠢ ᠦᠷᠨᠢᠬᠦᠯᠵᠦ᠂ ᠰᠤᠯᠠ ᠪᠠᠶᠢᠭ᠎ᠠ ᠭᠠᠵᠠᠷ ᠰᠢᠷᠣᠶ ᠶᠢ | ᠰᠢᠶᠳᠪᠦᠷᠢᠯᠡᠬᠦ ᠪᠠ ᠵᠦᠪᠰᠢᠶᠡᠷᠡᠭᠰᠡᠨ ᠪᠤᠯᠪᠠᠴᠦ ᠠᠰᠢᠭᠯᠠᠭᠠᠳᠤᠢ ᠭᠠᠵᠠᠷ ᠰᠢᠷᠤᠢ ᠶᠢᠨ ᠠᠰᠠᠭᠤᠳᠠᠯ ᠢ ᠰᠢᠢᠳᠪᠦᠷᠢᠯᠡᠬᠦ | ᠵᠢᠯ ᠤᠨ ᠡᠭᠦᠷᠭᠡ ᠶᠢ ᠪᠡᠶᠡᠯᠡᠬᠦᠯᠦᠨ᠎ᠡ᠃ | ︵ᠳᠥᠷᠪᠡ︶ ᠥᠭᠡᠷᠡᠴᠢᠯᠡᠯᠲᠡ ᠶᠢ ᠭᠤᠶᠢᠪᠢᠰᠢ ᠦᠭᠡᠢ ᠠᠳᠬᠤᠨ ᠰᠢᠨ᠎ᠡ ᠶᠢ ᠡᠭᠦᠳᠬᠦ ᠶᠢ ᠡᠷᠢᠯᠬᠢᠯᠡᠵᠦ᠂ ᠴᠢᠨᠠᠷ | ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠲᠠᠶᠢᠴᠢᠯᠠᠨ᠎ᠠ | ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠦ᠂ ᠾᠧᠪᠧᠢ ᠶᠢᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠲᠠᠢ ᠬᠤᠯᠪᠣᠭᠠᠯᠠᠨ ᠪᠣᠭᠤᠮᠲᠠ ᠰᠢᠪᠲᠤᠯᠬᠤ ᠢ ᠥᠷᠨᠢᠭᠦᠯᠵᠦ᠂ ᠬᠥᠩᠭᠡᠨᠴᠠᠭᠠᠨ ᠤ ᠠᠵᠤ | ᠦᠢᠯᠡᠰ᠂ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ᠂ ᠠᠳᠤᠭᠤᠨ ᠤ | ᠪᠦᠲᠦᠭᠡᠭᠳᠡᠭᠦᠨ ᠤ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠰᠢᠨ᠎ᠡ ᠬᠡᠯᠪᠡᠷᠢ ᠶᠢᠨ ᠬᠥᠩᠭᠡᠨᠴᠠᠭᠠᠨ ᠤ | ᠪᠦᠲᠦᠭᠡᠭᠳᠡᠭᠦᠨ ᠦᠢᠯᠡᠳᠬᠦ᠂ ᠦᠵᠦᠮᠦᠴᠢᠨ ᠬᠤᠨᠢᠨ ᠤ ︽ᠢᠬᠡᠷ᠎ᠡ ᠬᠤᠷᠠᠭ᠎ᠠ︾ ᠶᠢ ᠰᠤᠩᠭᠤᠨ ᠪᠤᠶᠢᠵᠢᠭᠤᠯᠬᠤ᠂ | ᠦᠵᠦᠮᠦᠴᠢᠨ ᠴᠠᠭᠠᠨ ᠦᠬᠡᠷ ᠤᠨ ᠤᠳᠤᠮᠯᠠᠯ ᠢ ᠬᠢᠨᠠᠨ ᠲᠣᠭᠲᠠᠭᠠᠬᠤ᠂ ᠮᠤᠷᠢᠨ ᠤ ᠴᠢᠰᠤᠨ ᠴᠠᠶᠢᠪᠠᠩ ᠵᠡᠷᠭᠡ | ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠤᠳᠤᠯᠤᠨ᠎ᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠭᠡ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠪᠠ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ 2 ᠠᠴᠠ ᠳᠡᠭᠡᠭᠰᠢ ᠭᠤᠣᠯᠳᠠᠯᠭ᠎ᠠ ᠲᠠᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ | ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | 10 ᠠᠴᠠ ᠳᠡᠭᠡᠭᠰᠢ ᠪᠣᠶᠢᠵᠢᠭᠤᠯᠤᠨ᠎ᠠ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠢᠭᠤᠳ ᠬᠠᠷᠢᠶ᠎ᠠ ᠠᠵᠤ ᠠᠬᠤᠶᠢᠯᠠᠯ ᠤᠨ ︽ᠵᠢᠷᠭᠤᠭ᠎ᠠ ᠶᠢ | ᠲᠣᠭᠲᠠᠭᠠᠬᠤ︾ ᠲᠥᠰᠦᠯ ᠢ ᠬᠡᠷᠡᠭᠵᠢᠭᠦᠯᠵᠦ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠬᠠᠮᠢᠶᠠᠷᠤᠯᠲᠠ | ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠲᠠᠢ ᠤᠶᠠᠯᠳᠤᠭᠤᠯᠤᠨ᠂ ᠬᠤᠰᠢᠭᠤ ᠲᠡᠰ ᠤᠨ ᠤᠯᠤᠰ ᠤᠨ ᠥᠮᠴᠢᠯᠡᠯᠲᠤ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠠᠮᠵᠢᠵᠤ᠂ ᠡᠯ᠎ᠡ ᠲᠥᠷᠥᠯ ᠤᠨ ᠦᠷ᠎ᠡ ᠠᠰᠢᠭ ᠢᠶᠠᠷ ᠳᠣᠣᠷ᠎ᠠ ᠪᠠᠶᠢᠭ᠎ᠠ | ᠪᠡᠯᠡ ᠬᠥᠷᠥᠩᠭᠡ ᠶᠢ ᠠᠰᠢᠭᠯᠠᠵᠤ᠂ ᠠᠯᠳᠠᠭᠳᠠᠯ ᠲᠠᠢ ᠠᠵᠤ ᠠᠬᠤᠶᠢᠯᠠᠯ ᠢ ᠨᠢᠭᠡᠳᠬᠡᠵᠦ ᠪᠣᠯᠬᠤ ᠶᠢ ᠨᠢ ᠨᠢᠭᠡᠳᠬᠡᠨ᠂ | ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠬᠦᠴᠦᠨ ᠦᠭᠡᠢ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠨ ᠪᠤᠵᠠᠭᠠᠶᠢᠷᠬᠠᠤ ᠶᠢ ᠪᠥᠬᠦ ᠬᠦᠴᠦᠨ ᠢᠶᠠᠷ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠢ | ᠪᠣᠶᠢᠵᠢᠭᠤᠯᠬᠤ᠂ ᠲᠡᠰ ᠲᠡᠪᠰᠢᠭᠦᠯᠵᠦ ᠪᠦᠷᠢᠳᠬᠡᠯ ᠳᠤ ᠤᠷᠤᠭᠤᠯᠬᠤ ᠪᠠ ᠭᠤᠤᠯᠳᠠᠯᠭ᠎ᠠ ᠲᠠᠢ ᠠᠵᠢᠯ ᠲᠥᠷᠥᠯ ᠤᠨ | ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ | ᠬᠤᠰᠢᠭᠤᠨ ᠳᠤ ᠪᠠᠨ ᠳᠠᠩᠰᠠᠯᠠᠭᠤᠯᠬᠤ ᠵᠡᠷᠭᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠦ᠂ ᠭᠠᠶᠢᠯᠢ ᠶᠢᠨ ᠢᠷᠡᠯᠲᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠵᠢᠵᠢᠭ ᠠᠵᠤ | ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠦᠭᠵᠢᠯᠳᠡ ᠶᠢᠨ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ᠬᠤᠪᠢ ᠶᠢᠨ ᠡᠵᠡᠩᠨᠡᠯᠲᠡ ᠶᠢᠨ ᠡᠷᠦᠬᠡ ᠶᠢ ᠠᠵᠤ ᠠᠬᠤᠶᠢᠯᠠᠯ | ᠪᠣᠯᠭᠠᠬᠤ︾᠂ ︽ᠵᠢᠵᠢᠭ ᠠᠵᠦ ᠠᠬᠤᠶᠢᠯᠠᠯ ᠢ ᠬᠡᠪᠴᠢᠶᠡᠵᠢᠭᠦᠯᠬᠦ︾ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠷᠳᠠᠮ ᠭᠦᠶᠴᠡᠳᠬᠡᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ | ᠬᠦᠴᠦᠨ ᠵᠦᠶᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠲᠠᠯ᠎ᠠ ᠶᠢᠨ | ᠠᠰᠠᠭᠤᠳᠠᠯ ᠳᠤ ᠬᠠᠨᠳᠤᠯᠭᠠᠳᠤ ᠴᠢᠨᠠᠷᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ | ᠭᠤᠷᠪᠠ ᠳᠤ᠂ ᠭᠠᠳᠠᠭᠠᠳᠤ ᠨᠡᠭᠡᠭᠡᠯᠲᠡ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ | ᠥᠷᠭᠡᠳᠬᠡᠨ᠎ᠡ᠃ ᠪᠠᠶᠠᠨᠬᠤᠸᠠ ᠣᠯᠠᠨ ᠤᠯᠤᠰ ᠤᠨ ᠪᠤᠳᠠᠰ ᠤᠨ ᠭᠦᠢᠯᠭᠡᠭᠡᠨ ᠤ ᠡᠬᠡ ᠬᠠᠭᠤᠷᠠᠢ ᠶᠢᠨ ᠭᠠᠷᠠᠮ ᠤᠨ | ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠪᠤᠳᠠᠰ ᠤᠨ ᠭᠦᠢᠯᠭᠡᠭᠡᠨ ᠤ ᠰᠠᠭᠤᠷᠢᠨ | ᠭᠠᠵᠠᠷ ᠢ ᠪᠠᠶᠢᠭᠤᠯᠵᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ᠃ ᠴᠢᠬᠤᠯᠠ ᠭᠤᠭᠴᠤᠭ᠎ᠠ ᠶᠢ ᠪᠠᠲᠤ ᠡᠵᠡᠮᠳᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠪᠣᠶᠢᠵᠢᠭᠤᠯᠬᠤ | ᠡᠷᠴᠢᠮ ᠢᠶᠠᠨ ᠴᠢᠩᠭᠠᠳᠬᠠᠨ᠂ ᠭᠠᠳᠠᠭᠠᠳᠤ ᠠᠷᠠᠯᠵᠢᠶ᠎ᠡ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠵᠤ᠂ ︽ᠭᠠᠳᠠᠭᠠᠳᠤ ᠠᠵᠤ ᠠᠬᠤᠶ︾ ᠶᠢ ︽ᠤᠷᠤᠨ ᠨᠤᠲᠤᠭ ᠤᠨ ᠠᠵᠤ ᠠᠬᠤᠶ︾ ᠪᠣᠯᠭᠠᠨ | ᠬᠤᠪᠢᠷᠠᠭᠤᠯᠬᠤ ᠶᠢ ᠬᠠᠶᠢᠨ ᠰᠦᠪᠡᠭᠴᠢᠯᠡᠬᠦ ᠳᠤ ᠨᠥᠬᠦᠴᠡᠯ ᠡᠭᠦᠳᠴᠦ᠂ ᠪᠥᠬᠦ ᠵᠢᠯ ᠤᠨ ᠭᠠᠳᠠᠭᠠᠳᠤ ᠠᠷᠠᠯᠵᠢᠶᠠᠨ ᠤ | ᠶᠡᠷᠦᠩᠬᠡᠶ ᠲᠤᠭ᠎ᠠ ᠶᠢ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠤᠷᠤᠨ ᠨᠤᠲᠤᠭ ᠤᠨ ᠰᠢᠨ᠎ᠡ ᠮᠠᠯᠴᠢᠳ ᠢ ᠬᠥᠮᠦᠵᠢᠭᠦᠯᠵᠦ᠂ ︽ | ᠰᠦᠯᠵᠢᠶᠡᠨ ᠤ ᠨᠡᠷᠡᠲᠦ︾ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠭᠦᠳᠴᠦ᠂ ᠡᠯᠧᠺᠲᠷᠣᠨ | ᠬᠤᠳᠠᠯᠳᠤᠭ᠎ᠠ ᠬᠢᠭᠡᠳ ᠲᠦᠷᠭᠡᠨ ᠬᠤᠪᠢᠭᠤᠯᠭᠠ ᠶᠢᠨ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ︵ᠲᠠᠪᠤ︶ ᠰᠠᠭᠤᠷᠢ ᠶᠢ ᠪᠠᠲᠤᠳᠬᠠᠵᠤ ᠲᠤᠲᠠᠭᠳᠠᠯ ᠢ ᠨᠥᠬᠦᠪᠦᠷᠢᠯᠡᠬᠦ ᠶᠢ ᠡᠷᠡᠰ ᠭᠤᠶᠢᠪᠢᠰᠢ ᠦᠭᠡᠢ ᠠᠳᠬᠤᠵᠤ᠂ | ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ | ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ | ᠨᠠᠶᠢᠳᠠᠪᠤᠷᠢᠵᠢᠭᠤᠯᠤᠨ᠎ᠠ᠃ ︽ᠮᠢᠩᠭᠠᠨ ᠲᠤᠰᠬᠤᠨ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠨ ᠴᠡᠭᠴᠡᠯᠡᠬᠦ | ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠵᠤ ᠦᠢᠯᠡᠳᠦᠯᠭᠡᠵᠢᠭᠦᠯᠦᠨ᠂ ᠬᠥᠳᠡᠭᠡ ᠲᠣᠰᠬᠤᠨ ᠤ ᠠᠵᠤ ᠦᠢᠯᠡᠰ | ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠳᠡᠭᠡᠷ᠎ᠡ ᠱᠠᠲᠤᠨ ᠤ | ᠵᠢᠱᠢᠶ᠎ᠡ ᠦᠵᠡᠭᠦᠯᠬᠦ ᠭᠠᠴᠠᠭ᠎ᠠ ᠵᠢᠴᠢ ᠬᠥᠳᠡᠭᠡ ᠲᠤᠰᠬᠤᠨ ᠢ ᠭᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ | ᠲᠥᠷᠥᠯ ᠵᠦᠢᠯ ᠪᠤᠯᠤᠨ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠡᠷᠡᠮᠡᠯᠵᠡᠯᠡᠨ ᠣᠯᠵᠤ᠂ 5000 | ᠲᠦᠮᠡᠨ ᠲᠥᠭᠦᠷᠢᠭ ᠤᠨ ᠪᠡᠯᠡ ᠣᠷᠣᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ | ᠪᠤᠵᠠᠭᠠᠶᠢᠷᠠᠭᠤᠯᠬᠤ ᠪᠠᠷ ᠳᠦᠯᠦᠪᠯᠡᠵᠦ ᠪᠤᠢ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ 8 ᠵᠤᠷᠪᠤᠰ 82.5 ᠺᠢᠯᠣᠮᠧᠲᠷ ᠤᠨ ᠵᠠᠰᠠᠵᠤ ᠪᠠᠶᠢᠭ᠎ᠠ ᠵᠠᠰᠠᠮᠠᠯ ᠵᠠᠮ ᠢ | ᠠᠰᠢᠭᠯᠠᠯᠲᠠ ᠳᠤ ᠣᠷᠣᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ 2.3 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ 9 ᠵᠤᠷᠪᠤᠰ 155 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠨ᠎ᠠ᠃ ᠮᠠᠨ ᠤ | ᠬᠤᠰᠢᠭᠤᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠣᠳᠣᠬᠢ ᠪᠠᠶᠢᠳᠠᠯ ᠳᠤ | ᠰᠠᠭᠤᠷᠢᠯᠠᠨ᠂ 1000 ᠭᠠᠷᠤᠢ ᠡᠷᠥᠭᠡ ᠳᠤ ᠨᠠᠷᠠ ᠰᠠᠯᠬᠢ ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ | ᠲᠥᠬᠦᠭᠡᠷᠦᠮᠵᠢ ᠤᠭᠰᠠᠷᠠᠨ᠂ ᠮᠠᠯᠵᠢᠬᠤ ᠣᠷᠣᠨ ᠤ ᠠᠮᠢᠳᠤᠷᠠᠯ ᠤᠨ ᠴᠠᠬᠢᠯᠭᠠᠨ ᠬᠦᠴᠦᠨ ᠤ ᠦᠨᠳᠦᠰᠦᠨ ᠬᠡᠷᠡᠭᠴᠡᠭᠡ | ᠱᠠᠭᠠᠷᠳᠠᠯᠭ᠎ᠠ ᠶᠢ ᠦᠨᠡᠨᠬᠦ ᠬᠠᠩᠭᠠᠵᠤ᠂ ᠨᠥᠬᠦᠴᠡᠯ ᠳᠤ ᠨᠡᠶᠢᠴᠡᠬᠦ 700 ᠭᠠᠷᠤᠢ ᠮᠠᠯᠵᠢᠬᠤ ᠡᠷᠥᠭᠡ ᠳᠤ | ᠪᠠᠶᠢᠩᠭᠤ ᠶᠢᠨ ᠴᠠᠬᠢᠯᠭᠠᠨ ᠣᠷᠣᠭᠤᠯᠬᠤ ᠪᠠᠷ ᠴᠢᠷᠮᠠᠶᠢᠨ᠂ 10 ᠺᠢᠯᠣᠸᠠᠲ ᠵᠢᠴᠢ ᠡᠭᠦᠨ ᠠᠴᠠ ᠳᠣᠷᠣᠭᠰᠢᠬᠢ | ᠴᠠᠬᠢᠯᠭᠠᠨ ᠲᠤᠤᠷ ᠤᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠮᠠᠯᠵᠢᠬᠤ | ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ | ︽ᠵᠣᠷᠯᠣᠩ ᠤᠨ ᠬᠤᠪᠢᠰᠬᠠᠯ︾ ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠬᠢᠭᠤᠯᠵᠤ᠂ ᠨᠢᠭᠡᠨᠲᠡ | ᠪᠠᠶᠢᠭᠤᠯᠤᠭᠰᠠᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ 390 ᠲᠦᠮᠡᠨ ᠲᠥᠭᠦᠷᠢᠭ ᠤᠨ ᠪᠡᠯᠡ ᠣᠷᠣᠭᠤᠯᠵᠤ 327 ᠡᠷᠦᠬᠡ ᠳᠤ ᠵᠣᠷᠯᠣᠩ | ᠰᠢᠨ᠎ᠡ ᠪᠠᠷ ᠪᠠᠶᠢᠭᠤᠯᠤᠨ᠂ ᠠᠶᠢᠯ ᠬᠤᠲᠠ ᠶᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠪᠠᠬᠢᠵᠢᠭᠦᠯᠦᠨ᠎ᠡ᠃ | ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠵᠦ᠂ 50 | ᠬᠤᠳᠳᠤᠭ ᠮᠠᠯᠳᠠᠨ᠂ 150 ᠡᠷᠦᠬᠡ ᠳᠤ ᠳᠦᠭᠡᠭᠡᠯ ᠤᠰᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠦᠨ᠂ ᠹᠯᠣᠷ | ᠢ ᠠᠷᠢᠯᠭᠠᠨ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢ 915 ᠰᠠᠭᠤᠷᠢ ᠤᠭᠰᠠᠷᠠᠨ᠎ᠠ᠃ 5G ᠲᠤᠬᠢᠶᠠᠨ ᠤ | ᠰᠤᠪᠤᠷᠭ᠎ᠠ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ 48 ᠰᠠᠭᠤᠷᠢ ᠥᠷᠲᠡᠭᠡ ᠶᠢ ᠪᠠᠶᠢᠭᠤᠯᠤᠨ᠎ᠠ᠃ ᠮᠠᠯᠵᠢᠬᠤ | ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠠᠬᠢᠭᠤᠯᠵᠤ᠂ ᠬᠡᠪᠴᠢᠶ᠎ᠡ ᠪᠠᠨ | ᠤᠯᠠᠮ ᠨᠢᠭᠡ ᠠᠯᠬᠤᠮ ᠥᠷᠭᠡᠳᠬᠡᠨ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠳᠤ ᠬᠡᠷᠡᠭᠰᠡᠬᠦ ᠲᠥᠬᠦᠭᠡᠷᠦᠮᠵᠢ ᠶᠢ ᠢᠵᠢ ᠪᠦᠷᠢᠨᠰᠢᠬᠦᠯᠦᠨ᠂ ︽ᠠᠷᠪᠠᠨ ᠬᠤᠰᠢᠭᠤ | ᠰᠢᠶᠠᠨ ᠵᠠᠭᠤᠨ ᠰᠤᠮᠤ ᠪᠠᠯᠭᠠᠰᠤ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠭᠠᠴᠠᠭ᠎ᠠ ᠶᠢ | ᠢᠳᠡᠪᠬᠢᠲᠡᠢ ᠡᠭᠦᠳᠦᠨ ᠪᠠᠶᠢᠭᠤᠯᠤᠨ᠎ᠠ᠃ | ᠬᠤᠶᠠᠷ ᠲᠤ᠂ ᠬᠤᠲᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠵᠦ᠂ ᠪᠦᠬᠦ ᠤᠯᠤᠰ ᠤᠨ ᠬᠤᠲᠠ ᠶᠢᠨ ᠳᠤᠯᠠᠭᠠᠯᠠᠭ᠎ᠠ ᠶᠢᠨ ᠬᠤᠭᠤᠯᠠᠶ ᠶᠢᠨ ᠲᠣᠣᠷ ᠢ | ᠥᠭᠡᠷᠡᠴᠢᠯᠡᠬᠦ ᠲᠣᠬᠢᠶᠠᠯ ᠢ ᠵᠠᠪᠳᠤᠨ᠂ ᠳᠤᠯᠠᠭᠠᠯᠠᠭ᠎ᠠ ᠶᠢᠨ ᠬᠤᠭᠤᠯᠠᠶ ᠶᠢᠨ ᠲᠣᠣᠷ ᠢ ᠥᠭᠡᠷᠡᠴᠢᠯᠡᠬᠦ ᠪᠠ ︽ᠡᠪᠦᠯ ᠤᠨ | ᠳᠤᠯᠠᠭᠠᠯᠠᠭ᠎ᠠ ᠶᠢᠨ ᠠᠰᠠᠭᠤᠳᠠᠯ ᠢ ᠵᠤᠨ ᠵᠠᠰᠠᠬᠤ︾ ᠠᠵᠢᠯ ᠢ ᠶᠡᠬᠡᠪᠡᠷ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ 2 | ᠭᠤᠣᠯ ᠱᠤᠭᠤᠮ ᠢ ᠰᠢᠨ᠎ᠡ ᠪᠠᠷ ᠪᠠᠶᠢᠭᠤᠯᠤᠨ᠂ ᠳᠤᠯᠠᠭᠠᠯᠠᠭ᠎ᠠ ᠬᠠᠩᠭᠠᠬᠤ 7 ᠬᠠᠭᠤᠴᠢᠨ ᠬᠤᠭᠤᠯᠠᠶ ᠶᠢ | ᠦᠭᠡᠷᠡᠴᠢᠯᠡᠨ ᠵᠠᠰᠠᠬᠤ ᠪᠠᠷ ᠳᠦᠯᠦᠪᠯᠡᠵᠦ ᠪᠤᠢ᠃ ᠪᠣᠬᠢᠷ ᠤᠰᠤᠨ ᠤ ᠬᠤᠭᠤᠯᠠᠶ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠬᠢᠷ ᠤᠰᠤ ᠶᠢ ᠲᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠬᠤᠲᠠ ᠶᠢ ᠰᠢᠨᠡᠳᠬᠡᠬᠦ ᠠᠵᠢᠯᠯᠠᠭ᠎ᠠ ᠶᠢ ᠠᠬᠢᠭᠤᠯᠵᠦ᠂ 15 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | 24 ᠰᠠᠭᠤᠷᠢ ᠠᠰᠠᠷ ᠤᠨ 5.91 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠵᠠᠰᠠᠨ ᠰᠢᠨᠡᠳᠬᠡᠵᠦ᠂ 666 | ᠰᠠᠭᠤᠭᠠᠯᠢ ᠡᠷᠦᠬᠡ ᠳᠤ ᠠᠰᠢᠭ ᠬᠦᠷᠲᠡᠭᠡᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠲᠥᠷᠥᠯ ᠵᠦᠢᠯ ᠢ | ᠵᠠᠬ᠎ᠠ ᠳᠡᠯᠭᠡᠭᠦᠷᠴᠢᠯᠡᠨ ᠲᠥᠯᠥᠪᠵᠢᠭᠦᠯᠦᠨ ᠬᠡᠷᠡᠭᠵᠢᠭᠦᠯᠵᠦ᠂ ᠤᠯᠠᠨ ᠲᠦᠮᠡᠨ ᠤ ︽ᠢᠳᠡᠰᠢᠨ ᠨᠤᠭᠤᠭᠠᠨ︾ ᠤ | ᠬᠡᠷᠡᠭᠴᠡᠭᠡ ᠶᠢ ᠪᠠᠲᠤᠯᠠᠨ᠎ᠠ᠃ ᠬᠤᠲᠠ ᠶᠢᠨ ᠪᠦᠲᠦᠴᠡ᠂ ᠬᠤᠲᠠ ᠶᠢᠨ ᠴᠢᠳᠠᠪᠬᠢ ᠶᠢ ᠳᠡᠭᠡᠭᠰᠢᠯᠡᠬᠦᠯᠦᠨ᠂ | ᠦᠷᠡᠭᠳᠡᠭᠰᠡᠨ ᠪᠠᠭᠠᠲᠤᠷᠴᠤᠳ ᠢ ᠲᠤᠷᠠᠰᠬᠠᠬᠤ ᠠᠭᠤᠳᠠᠮ ᠲᠠᠯᠠᠪᠠᠢ ᠬᠦᠷᠬᠦ ᠲᠤᠰᠬᠠᠢ ᠵᠠᠮ ᠢ ᠵᠠᠰᠠᠵᠦ᠂ ᠪᠦᠬᠦ ᠠᠷᠠᠳ | ᠤᠨ ᠪᠡᠶ᠎ᠡ ᠴᠢᠭᠢᠷᠠᠭᠵᠢᠭᠤᠯᠬᠤ ᠲᠥᠪ ᠢ ᠡᠬᠢᠯᠡᠨ ᠪᠠᠶᠢᠭᠤᠯᠵᠤ᠂ ᠢ ᠾᠧ ᠸᠠᠨ ᠶᠡᠷᠦᠩᠬᠡᠶᠢᠯᠡᠭᠰᠡᠨ ᠬᠤᠳᠠᠯᠳᠤᠭᠠᠨ ᠤ | ᠠᠰᠠᠷ ᠢ ᠲᠤᠰ ᠵᠢᠯ ᠳᠤ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠵᠤ᠂ ᠪᠠᠯᠭᠠᠷ ᠭᠤᠣᠯ ᠳᠠᠭᠠᠤ ᠶᠢᠨ | ᠦᠵᠡᠮᠵᠢ ᠶᠢᠨ ᠪᠦᠰᠡ ᠶᠢᠨ ᠢᠨᠵᠧᠨᠧᠷᠢᠩ ᠢ ᠳᠦᠯᠦᠪᠵᠢᠬᠦᠯᠦᠨ ᠪᠠᠶᠢᠭᠤᠯᠤᠨ᠎ᠠ᠃ ᠪᠠᠯᠭᠠᠷᠭᠤᠣᠯ ᠪᠠᠯᠭᠠᠰᠤᠨ ᠤ ᠭᠡᠷ | ᠪᠠᠶᠢᠰᠢᠩ ᠢ ᠲᠠᠲᠠᠪᠤᠷᠢᠯᠠᠨ ᠨᠤᠷᠠᠭᠠᠬᠤ ᠠᠵᠢᠯ ᠢ ᠦᠷᠭᠦᠯᠵᠢᠯᠡᠨ ᠶᠠᠪᠤᠭᠳᠠᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ | ᠶᠤᠸᠠᠨ ᠱᠧᠩ ᠯᠢ ᠳ᠋ᠦ᠋ ᠰᠠᠭᠤᠭᠠᠯᠢ ᠠᠷᠠᠳ ᠤᠨ ᠲᠣᠭᠤᠷᠢᠭ᠂ ᠳᠠᠷᠬᠠᠨ ᠰᠠᠭᠤᠭᠠᠯᠢ ᠠᠷᠠᠳ ᠤᠨ ᠲᠤᠭᠤᠷᠢᠭ᠂ | ᠠᠵᠠᠲᠠᠢ ᠰᠤᠪᠢᠯᠠᠯᠲᠠ ᠶᠢᠨ ᠬᠦᠷᠢᠶᠡᠯᠡᠩ᠂ ᠬᠠᠭᠤᠴᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠡᠷᠭᠢᠨ | ᠲᠤᠭᠤᠷᠢᠨ ᠤ ᠭᠡᠷ ᠪᠠᠶᠢᠰᠢᠩ ᠵᠢᠴᠢ ᠪᠤᠰᠤᠳ ᠲᠠᠷᠠᠬᠠᠢ ᠪᠤᠲᠠᠷᠬᠠᠢ ᠣᠷᠣᠨ ᠤ ᠭᠡᠷ ᠪᠠᠶᠢᠰᠢᠩ ᠢ ᠲᠠᠲᠠᠪᠤᠷᠢᠯᠠᠬᠤ | ᠠᠵᠢᠯ ᠢ ᠪᠡᠶᠡᠯᠡᠭᠦᠯᠤᠨ᠎ᠡ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ | ᠭᠠᠷ ᠤᠨ ᠥᠰᠥᠭ ᠵᠢᠷᠤᠵᠤ ᠳᠠᠩᠰᠠᠯᠠᠭᠤᠯᠬᠤ ᠵᠢᠴᠢ ᠪᠠᠶᠢᠭᠤᠯᠵᠤ ᠪᠠᠶᠢᠭ᠎ᠠ ᠳᠦᠷᠦᠯ ᠵᠦᠢᠯ ᠤᠨ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠷᠤᠨ ᠰᠠᠭᠤᠴᠠ ᠶᠢ | ᠬᠤᠳᠠᠯᠳᠤᠪᠠᠯ ᠳᠠᠷᠤᠢ ᠦᠨᠡᠮᠯᠡᠯ ᠥᠭᠬᠦ︾ ᠶᠢ ᠦᠷᠭᠦᠯᠵᠢᠯᠡᠨ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠬᠠᠭᠤᠴᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ | ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠬᠤᠲᠠ ᠶᠢᠨ ᠦᠵᠡᠮᠵᠢ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠲᠠ ᠶᠢᠨ | ᠶᠠᠪᠤᠳᠠᠯ ᠤᠨ ᠰᠠᠭᠤᠷᠢ ᠳᠦᠬᠦᠭᠡᠷᠦᠮᠵᠢ ᠶᠢ ᠪᠠᠶᠢᠩᠭᠤ ᠲᠣᠭᠤᠷᠢᠨ ᠪᠠᠶᠢᠴᠠᠭᠠᠵᠤ ᠬᠠᠮᠠᠭᠠᠯᠠᠨ᠂ ᠳᠤᠷ᠎ᠠ ᠪᠠᠷ ᠢᠶᠠᠨ | ᠪᠠᠷᠢᠯᠭ᠎ᠠ ᠪᠠᠷᠢᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠲᠠ ᠪᠠᠯᠭᠠᠰᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠤᠯᠤᠰ ᠤᠨ ᠲᠡᠰ ᠤᠨ | 207 ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠭᠠᠷᠳᠠᠮ ᠢ ᠲᠦᠷᠭᠡᠨ ᠭᠦᠢᠴᠡᠳᠬᠡᠵᠦ | ᠂ ᠤᠯᠤᠰ ᠤᠨ ᠲᠡᠰ ᠤᠨ 305 ᠵᠠᠰᠠᠮᠠᠯ ᠵᠠᠮ ᠤᠨ ᠬᠥᠨᠳᠡᠯᠡᠨ ᠠᠴᠠ ᠪᠠᠶᠠᠨᠬᠤᠸᠠ ᠬᠦᠷᠬᠦ ᠵᠠᠰᠠᠮᠠᠯ ᠵᠠᠮ ᠢ ᠵᠠᠰᠠᠵᠦ | ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ ᠤᠯᠠᠭᠠᠨᠬᠠᠳᠠ ᠠᠴᠠ ᠳ᠋ᠠᠪᠠᠨ ᠳᠠᠮᠵᠢᠵᠤ ᠪᠠᠶᠠᠨᠬᠤᠸᠠ ᠬᠦᠷᠬᠦ | ᠳᠡᠮᠦᠷ ᠵᠠᠮ ᠳᠤ ᠠᠶᠠᠨᠴᠢᠳ ᠤᠨ ᠭᠠᠯ ᠲᠡᠷᠭᠡ ᠨᠠᠪᠲᠡᠷᠡᠭᠦᠯᠬᠦ ᠲᠥᠷᠥᠯ ᠵᠦᠢᠯ ᠢ ᠥᠪᠡᠷᠲᠡᠭᠡᠨ ᠵᠠᠰᠠᠬᠤ ᠤᠷᠤᠨ ᠤ | ᠲᠦᠯᠦᠪᠵᠢᠭᠦᠯᠭᠡ ᠳᠤ ᠤᠷᠤᠭᠤᠯᠤᠨ᠎ᠠ᠃ ᠵᠢᠶᠠᠩᠰᠦ ᠶᠢᠨ ᠡᠨᠧᠷᠭᠢ ᠶᠢᠨ ᠤᠯᠠᠭᠠᠶ ᠴᠠᠬᠢᠯᠭᠠᠨ ᠦᠢᠯᠡᠳᠪᠦᠷᠢ ᠪᠣᠯᠤᠨ | ᠵᠢᠶᠠᠩᠰᠦ ᠶᠢᠨ ᠡᠨᠧᠷᠭᠢ ᠶᠢᠨ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠬᠦᠷᠭᠡᠬᠦ ᠢᠨᠵᠧᠨᠧᠷᠢᠩ ᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 35 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠷᠭᠡᠬᠦ | ᠪᠠ ᠬᠤᠣᠰ ᠪᠤᠴᠠᠯᠲᠠ ᠶᠢᠨ ᠬᠡᠯᠬᠢᠶ᠎ᠡ ᠶᠢᠨ ᠢᠨᠵᠧᠨᠧᠷᠢᠩ ᠢ ᠬᠠᠮᠵᠢᠯᠴᠠᠨ ᠲᠦᠯᠬᠢᠨ ᠠᠬᠢᠭᠤᠯᠵᠤ᠂ ᠴᠠᠬᠢᠯᠭᠠᠨ | ᠬᠠᠩᠭᠠᠬᠤ ᠴᠢᠳᠠᠪᠤᠷᠢ ᠪᠣᠯᠤᠨ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠲᠠᠰᠤᠷᠠᠯᠲᠠ ᠤᠢᠭᠡᠢ | ᠳᠡᠭᠡᠭᠰᠢᠯᠡᠭᠦᠯᠦᠨ᠎ᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠨᠡᠭᠡᠭᠡᠯᠲᠡ ᠶᠢᠨ ᠤᠷᠤᠨ ᠤ ᠳᠤᠲᠤᠷᠠᠬᠢ ᠵᠠᠮ᠂ ᠤᠰᠤ ᠬᠠᠩᠭᠠᠬᠤ ᠤᠰᠤ | ᠭᠠᠳᠠᠭᠰᠢᠯᠠᠭᠤᠯᠬᠤ ᠬᠤᠭᠤᠯᠠᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠮᠢ ᠶᠢᠨ ᠠᠵᠤ | ᠦᠢᠯᠡᠳᠪᠦᠷᠢ ᠲᠥᠪᠯᠡᠷᠡᠭᠰᠡᠨ ᠣᠷᠣᠨ ᠤ ᠲᠥᠯᠦᠪᠵᠢᠭᠦᠯᠭᠡ ᠶᠢᠨ ᠬᠡᠪᠴᠢᠶᠡᠨ ᠳᠠᠬᠢ ᠪᠤᠳᠠᠰ ᠤᠨ ᠭᠦᠢᠯᠭᠡᠭᠡᠨ ᠤ | ᠬᠤᠳᠠᠯᠳᠤᠭᠠᠴᠢᠨ ᠡᠷᠦᠬᠡ ᠵᠢᠴᠢ ᠬᠦᠷᠡᠩ ᠨᠡᠭᠦᠷᠡᠰᠦᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠤ ᠠᠬᠤᠶᠢᠯᠠᠯ ᠢ | ᠨᠡᠭᠦᠯᠭᠡᠬᠦ ᠠᠵᠢᠯ ᠢ ᠰᠠᠶᠢᠲᠤᠷ ᠬᠢᠵᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ ᠶᠢ ᠪᠢᠲᠡᠭᠦᠮᠵᠢᠯᠡᠬᠦ᠂ | ᠠᠶᠤᠯᠲᠠᠶ ᠬᠢᠮᠢ ᠶᠢᠨ ᠪᠣᠳᠠᠰ ᠲᠡᠭᠡᠭᠡᠪᠦᠷᠢᠯᠡᠬᠦ ᠲᠡᠷᠭᠡᠨ ᠤ ᠲᠤᠰᠬᠠᠢ ᠵᠣᠭᠰᠣᠭᠠᠯ᠂ ᠣᠨᠴᠠ ᠡᠭᠦᠷᠭᠡ ᠭᠦᠶᠴᠡᠳᠬᠡᠬᠦ | ᠭᠠᠯ ᠰᠡᠷᠭᠡᠶᠢᠯᠡᠬᠦ ᠥᠷᠲᠡᠭᠡ᠂ ᠠᠮᠢ ᠠᠬᠤᠶ ᠶᠢᠨ ᠪᠣᠯᠪᠠᠰᠤᠨ ᠤ ᠦᠵᠡᠭᠦᠯᠭᠡ ᠶᠢᠨ ᠲᠥᠪ ᠵᠡᠷᠭᠡ ᠲᠥᠷᠦᠯ ᠵᠦᠶᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ | ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢᠶᠠᠷ ᠦᠨᠡᠯᠡᠨ ᠲᠣᠭᠲᠠᠭᠠᠬᠤ ᠶᠢ | ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠲᠥᠷᠥᠭᠳᠡᠯ ᠢ ᠨᠡᠮᠡᠭᠳᠡᠬᠦᠯᠬᠦ ᠶᠢ ᠡᠷᠡᠰ ᠭᠤᠶᠢᠪᠢᠰᠢ | ᠦᠭᠡᠢ ᠪᠠᠷᠢᠮᠳᠠᠯᠠᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠲᠠᠯ᠎ᠠ ᠪᠠᠷ | ᠳᠡᠭᠡᠭᠰᠢᠯᠡᠬᠦᠯᠦᠨ᠎ᠡ | ᠨᠢᠭᠡ ᠳᠤ᠂ ᠠᠷᠠᠳ ᠳᠦᠮᠡᠨ ᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠤᠨ ᠬᠠᠷᠠᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠪᠤᠭᠤᠲᠤ᠂ ᠣᠷᠳᠣᠰ ᠵᠡᠷᠭᠡ ᠭᠠᠵᠠᠷ ᠣᠷᠣᠨ ᠤ ᠨᠠᠷᠠᠲᠤ | ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠠᠬᠢᠨᠲᠠ ᠳᠡᠭᠡᠭᠰᠢᠯᠡᠭᠦᠯᠬᠦ ᠶᠢ ᠠᠬᠢᠭᠤᠯᠤᠨ᠂ 2024 ᠣᠨ ᠤ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ | ᠡᠯᠰᠡᠭᠳᠡᠬᠦ ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠳᠤ ᠭᠤᠤᠯᠳᠠᠯᠭ᠎ᠠ | ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠨᠣᠷᠮ᠎ᠠ ᠶᠢ ᠴᠥᠮ ᠰᠢᠨ᠎ᠡ ᠰᠢᠪᠲᠤᠯᠤᠯᠲᠠ ᠲᠠᠢ | ᠪᠣᠯᠭᠠᠬᠤ ᠪᠠᠷ ᠴᠢᠷᠮᠠᠶᠢᠨ᠎ᠠ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ᠂ ᠬᠢᠴᠢᠶᠡᠯ ᠲᠥᠷᠥᠯ ᠤᠨ ᠠᠵᠢᠯᠯᠠᠬᠤ | ᠭᠠᠵᠠᠷ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠪᠠᠭᠰᠢᠨᠠᠷ ᠢ | ᠪᠣᠯᠪᠠᠰᠤᠷᠠᠭᠤᠯᠬᠤ ᠡᠷᠴᠢᠮ ᠢᠶᠠᠨ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ | ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠦᠭᠡᠭᠡᠮᠡᠯᠵᠢᠯᠳᠡ᠂ ᠠᠯᠪᠠᠨ ᠵᠢᠷᠤᠮ | ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠦᠭᠵᠢᠯᠳᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠶᠠᠰᠤ | ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ︾ | ᠠᠵᠢᠯ ᠢ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠠᠵᠤ ᠦᠶᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ | ᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠭᠤᠯᠠᠳᠤ ᠶᠢᠨ ᠭᠤᠣᠯ ᠬᠡᠦᠬᠡᠳ ᠤᠨ ᠴᠡᠴᠡᠷᠯᠢᠭ ᠤᠨ ᠲᠥᠷᠥᠯ | ᠵᠦᠢᠯ᠂ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠨ᠎ᠠ᠃ | ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠣᠨᠣᠪᠴᠢᠲᠠᠢ ᠬᠡᠷᠡᠭᠵᠢᠭᠦᠯᠵᠦ᠂ ᠵᠢᠯ ᠤᠨ ᠳᠣᠲᠣᠷ᠎ᠠ ᠡᠯ᠎ᠡ ᠲᠥᠷᠥᠯ ᠤᠨ 1200 ᠠᠴᠠ ᠳᠡᠭᠡᠭᠰᠢ | ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 240 ᠠᠴᠠ ᠳᠡᠭᠡᠭᠰᠢ ᠬᠥᠮᠦᠨ | ᠳᠤ ᠠᠵᠢᠯ ᠣᠯᠭᠤᠵᠤ᠂ ᠠᠵᠢᠯ ᠠᠯᠳᠠᠭᠰᠠᠨ 600 ᠠᠴᠠ ᠳᠡᠭᠡᠭᠰᠢ ᠬᠥᠮᠦᠨ ᠳᠤ ᠳᠠᠬᠢᠨ ᠠᠵᠢᠯ ᠣᠯᠭᠤᠬᠤ ᠶᠢ | ᠪᠡᠶᠡᠯᠡᠭᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ | ᠳᠣᠲᠣᠷ᠎ᠠ ᠬᠢᠵᠠᠭᠠᠷᠯᠠᠨ᠎ᠠ᠃ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠲᠡᠳᠬᠦᠬᠦ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠷᠲᠡᠬᠡᠨ ᠠᠵᠢᠯ ᠣᠯᠭᠤᠬᠤ | ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ ᠶᠢ 1200 ᠲᠦᠮᠡᠨ ᠲᠥᠭᠦᠷᠢᠭ ᠠᠴᠠ | ᠳᠡᠭᠡᠭᠰᠢ ᠪᠠᠭᠤᠯᠭᠠᠵᠤ᠂ ᠠᠳᠠᠯ ᠦᠢᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠡᠮᠵᠢᠨ᠎ᠡ᠃ | ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠬᠠᠤᠯᠢ ᠶᠣᠰᠣᠭᠠᠷ | ᠪᠠᠲᠤᠯᠠᠵᠤ᠂ ᠴᠠᠯᠢᠩ ᠥᠷᠢᠲᠦᠬᠦ ᠠᠰᠠᠭᠤᠳᠠᠯ ᠢ ︽ᠬᠥᠳᠡᠯᠦᠩᠭᠦᠢ ᠪᠠᠷ ᠰᠢᠢᠳᠪᠦᠷᠢᠯᠡᠬᠦ︾ ᠶᠢ ᠦᠨᠡᠨᠬᠦ ᠪᠠᠲᠤᠯᠠᠨ᠎ᠠ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ | ᠲᠤᠭᠲᠠᠪᠤᠷᠢᠵᠢᠭᠤᠯᠤᠨ᠎ᠠ᠃ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ᠂ ᠠᠪᠤᠷᠠᠨ ᠲᠤᠰᠠᠯᠠᠬᠤ | ᠲᠦᠷᠢᠮ ᠪᠠ ᠠᠵᠢᠯᠳᠠᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ | ᠲᠤᠰᠠᠯᠠᠯᠴᠠᠬᠤ ᠪᠠᠲᠤᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠠᠭᠠᠳᠬᠠᠯ ᠢ ᠮᠡᠬᠡᠯᠡᠨ | ᠠᠪᠬᠤ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠭᠦᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢ | ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ | ᠬᠥᠳᠡᠯᠦᠩᠭᠦᠶ ᠪᠠᠷ ᠬᠢᠨᠠᠨ ᠲᠤᠭᠲᠠᠭᠠᠬᠤ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠦᠨᠡ᠃ | ᠪᠠᠶ᠋ᠬᠠᠭᠤᠯᠠ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠠᠬᠢᠭᠤᠯᠵᠤ᠂ ᠨᠠᠰᠤᠲᠠᠶᠢᠴᠤᠳ ᠤᠨ ᠬᠡᠷᠡᠭᠴᠡᠭᠡ ᠶᠢ ᠬᠦᠴᠦᠯᠡᠨ ᠬᠠᠩᠭᠠᠨ᠎ᠠ᠃ | ᠭᠤᠷᠪᠠ ᠳᠤ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠳᠤᠳᠤᠭᠠᠳᠦ ᠬᠠᠮᠢᠶᠠᠷᠤᠯᠲᠠ᠂ ᠡᠮᠴᠢᠯᠡᠭᠡᠨ ᠤ ᠲᠤᠰᠬᠠᠶ ᠰᠠᠯᠠᠭᠠᠨ ᠤ ᠪᠠᠶᠢᠭᠤᠯᠤᠯᠲᠠ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ | ᠵᠡᠷᠭᠡ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠡᠯ᠎ᠡ ᠣᠷᠣᠨ ᠪᠦᠰᠡ ᠳᠤ ᠲᠡᠩᠴᠡᠭᠦᠷᠢᠲᠡᠶ ᠪᠠᠶᠢᠷᠢᠯᠠᠭᠤᠯᠬᠤ ᠶᠢ | ᠠᠬᠢᠭᠤᠯᠤᠨ᠎ᠠ᠃ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠬᠤᠯᠪᠣᠭᠠᠯᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ ᠳᠣᠭᠢᠷᠠᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠡᠮᠬᠢᠳᠬᠡᠨ ᠨᠢᠭᠡᠳᠬᠡᠬᠦ ᠠᠵᠢᠯ ᠢ | ᠰᠦᠪᠡᠭᠴᠢᠯᠡᠨ᠂ ᠪᠠᠶᠠᠨᠬᠤᠸᠠ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠤᠰᠢᠭᠤ ᠬᠡᠪᠴᠢᠶᠡᠨ ᠤ ᠡᠷᠡᠭᠦᠯ ᠬᠠᠮᠠᠭᠠᠯᠠᠯ | ᠤᠨ ᠡᠮᠴᠢᠯᠡᠭᠡᠨ ᠤ ᠬᠤᠶᠠᠳᠠᠬᠢ ᠲᠥᠪ ᠪᠤᠯᠭᠠᠨ ᠪᠠᠶᠢᠭᠤᠯᠬᠤ ᠶᠢ ᠠᠬᠢᠭᠤᠯᠵᠦ᠂ ᠵᠣᠬᠢᠬᠤ ᠨᠥᠯᠥᠭᠡᠯᠡᠬᠦ ᠪᠠ | ᠳᠠᠶᠢᠴᠢᠯᠠᠬᠤ ᠦᠶᠯᠡᠳᠦᠯ ᠲᠠᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ᠎ᠠ᠃ | ᠡᠷᠡᠭᠦᠯ ᠬᠠᠮᠠᠭᠠᠯᠠᠯ ᠤᠨ ᠰᠢᠰᠲ᠋ᠧᠮ ᠤᠨ ᠳᠣᠲᠣᠭᠠᠳᠤ ᠶᠢᠨ ᠴᠢᠳᠠᠪᠤᠷᠢᠲᠠᠨ ᠤ ᠳᠠᠯᠳᠠ ᠬᠦᠴᠦᠨ ᠢ ᠭᠦᠢᠴᠡᠳ | ᠠᠭᠤᠳᠠᠯᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ ᠶᠢ ᠰᠢᠯᠢᠳᠡᠭ ᠢ ᠨᠢ | ᠰᠣᠩᠭᠤᠨ ᠳᠡᠪᠰᠢᠭᠦᠯᠦᠨ᠎ᠡ᠃ ᠡᠷᠡᠭᠦᠯ ᠬᠠᠮᠠᠭᠠᠯᠠᠯ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠪᠡᠶᠡᠯᠡᠭᠦᠯᠦᠨ᠎ᠡ᠃ ᠠᠷᠠᠳ ᠤᠨ ᠡᠮᠨᠡᠯᠭᠡ ᠶᠢᠨ ᠬᠤᠷᠢᠶ᠎ᠠ ᠨᠢ ᠰᠠ | ᠡᠪᠡᠳᠴᠢᠨ ᠢ ᠵᠠᠰᠠᠬᠤ ᠲᠥᠪ᠂ ᠡᠪᠡᠳᠴᠢᠨ ᠤ ᠵᠦᠶ ᠰᠤᠳᠤᠯᠤᠯ ᠤᠨ ᠲᠥᠪ᠂ ᠬᠤᠳᠣᠭᠤᠳᠣ ᠭᠡᠳᠡᠰᠦ ᠶᠢ | ᠳᠤᠷᠠᠨ ᠢᠶᠠᠷ ᠪᠠᠶᠢᠴᠠᠭᠠᠬᠤ ᠲᠥᠪ ᠪᠠᠶᠢᠭᠤᠯᠬᠤ ᠶᠢ ᠠᠬᠢᠭᠤᠯᠵᠤ᠂ ᠬᠥᠩᠭᠡᠵᠢᠭᠦᠯᠬᠦ ᠰᠠᠯᠠᠭ᠎ᠠ᠂ ᠨᠠᠰᠤᠲᠠᠶᠢᠴᠤᠳ ᠤᠨ | ᠠᠨᠠᠭᠠᠬᠤ ᠤᠬᠠᠭᠠᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ ᠪᠠᠶᠢᠭᠤᠯᠤᠨ᠂ ᠮᠤᠩᠭᠤᠯ ᠡᠮᠨᠡᠯᠭᠡ ᠶᠢᠨ ᠬᠤᠷᠢᠶ᠎ᠠ | ᠨᠢ ᠲᠠᠷᠢᠬᠢᠨ ᠤ ᠡᠪᠡᠳᠴᠢᠨ᠂ ᠬᠤᠳᠤᠭᠤᠳᠦ ᠭᠡᠳᠡᠰᠦᠨ ᠤ ᠡᠪᠡᠳᠴᠢᠨ ᠤ ᠲᠤᠰᠬᠠᠢ ᠰᠠᠯᠠᠭ᠎ᠠ ᠶᠢ ᠭᠤᠣᠯᠴᠢᠯᠠᠨ | ᠪᠠᠶᠢᠭᠤᠯᠤᠨ᠎ᠠ᠃ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ | ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠡᠷᠲᠡ ᠠᠴᠠ ᠡᠬᠢᠯᠡᠨ ᠬᠢᠵᠦ᠂ ᠬᠤᠯᠤᠭᠠᠨ᠎ᠠ ᠶᠢᠨ ᠬᠢᠵᠢᠭ ᠡᠭᠦᠰᠬᠦ | ᠶᠢ ᠴᠢᠩᠭ᠎ᠠ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ | ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ | ᠤᠯᠤᠰ ᠤᠨ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠳᠤ ᠬᠦᠴᠦᠨ ᠨᠡᠮᠡᠷᠢᠯᠡᠨ᠎ᠡ᠃ | ᠳᠦᠷᠪᠡ ᠳᠤ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠪᠠᠶᠢᠭᠤᠯᠤᠯᠲᠠ ᠶᠢ ᠴᠢᠩᠭᠠᠳᠬᠠᠵᠤ᠂ ︽ᠤᠮᠠᠷᠠᠲᠤ | ᠬᠢᠯᠢ ᠶᠢᠨ ᠰᠣᠶᠣᠯ︾ ᠤᠨ ᠨᠠᠩ ᠣᠯᠠᠨ ᠰᠢᠯᠢᠳᠡᠭ ᠨᠠᠷᠠᠲᠤ ᠲᠡᠮᠳᠡᠭᠲᠦ ᠤᠳᠬ᠎ᠠ ᠤᠷᠠᠯᠢᠭ ᠤᠨ ᠪᠦᠲᠦᠭᠡᠯ ᠢ | ᠨᠠᠶᠢᠷᠠᠭᠤᠯᠤᠨ ᠵᠤᠬᠢᠶᠠᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠳᠦᠬᠦᠭᠡᠷᠦᠮᠵᠢ ᠶᠢᠨ ᠬᠠᠩᠭᠠᠯᠭ᠎ᠠ ᠶᠢ ᠪᠠᠶᠠᠯᠢᠭᠵᠢᠭᠤᠯᠵᠤ᠂ ᠤᠷᠤᠨ ᠤ | ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠪᠠᠷ ᠳᠠᠭᠠᠭᠠᠴᠢᠯᠠᠨ ᠡᠷᠬᠢᠯᠠᠨᠡ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠭᠦᠨᠵᠡᠭᠡᠶᠢᠷᠡᠭᠦᠯᠵᠦ᠂ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠ ᠪᠣᠳᠠᠰ ᠤᠨ | ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ | ︵ᠳᠣᠯᠤᠭ᠎ᠠ︶ ᠠᠮᠤᠷ ᠲᠦᠪᠰᠢᠨ ᠤ ᠰᠡᠷᠭᠡᠶᠢᠯᠡᠯᠲᠡ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠠᠮᠤᠷ | ᠲᠣᠭᠲᠠᠭᠤᠨ ᠬᠠᠯᠬᠠᠪᠴᠢ ᠶᠢ ᠪᠠᠲᠤ ᠴᠣᠭᠴᠠᠯᠠᠨ᠎ᠠ | ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ | ᠴᠤᠭᠴᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠪᠠ ︽ᠨᠠᠮ ᠤᠨ | ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠶᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠬᠥᠮᠦᠵᠢᠭᠦᠯᠦᠨ ᠵᠢᠯᠣᠭᠤᠳᠴᠤ ︽ᠭᠤᠷᠪᠠᠨ ᠰᠠᠯᠵᠤ ᠴᠢᠳᠠᠰᠢ ᠦᠭᠡᠢ︾᠂ | ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ | ᠪᠠ ᠶᠣᠰᠣ ᠤᠴᠢᠷ︾᠂ ︽ᠲᠤᠯᠤᠭᠠᠨ ᠵᠢᠱᠢᠶᠡᠴᠢ ᠪᠣᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠪᠠᠲᠤ | ᠴᠡᠭᠡᠵᠢᠯᠡᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠪᠠᠶᠢᠭᠤᠯᠬᠤ ᠠᠵᠢᠯ ᠢ ᠨᠠᠶᠢᠳᠠᠪᠤᠷᠢᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠤᠭᠴᠠ ᠶᠢᠨ ᠤᠬᠠᠮᠰᠠᠷ ᠢ ᠪᠠᠳᠤᠳᠬᠠᠬᠤ ᠦᠵᠡᠭᠦᠯᠭᠡ ᠶᠢᠨ ᠲᠢᠩᠬᠢᠮ ᠢ ᠲᠦᠷᠭᠡᠳᠬᠡᠨ ᠪᠠᠶᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ᠂ ᠵᠢᠱᠢᠶ᠎ᠡ ᠦᠵᠡᠭᠦᠯᠬᠦ ᠨᠢᠭᠡᠴᠡ ᠶᠢᠨ | ︽ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ︾ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ | ᠰᠤᠷᠤᠯᠴᠠᠵᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠤᠨ᠎ᠠ᠃ | ᠬᠤᠶᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠦᠵᠡᠯ ᠤᠬᠠᠮᠰᠠᠷ | ᠤᠨ ᠬᠡᠯᠪᠡᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠨ᠎ᠡ᠃ ᠵᠠᠰᠠᠭ ᠤᠨ | ᠤᠷᠳᠤᠨ ᠤ ᠪᠡᠯᠡ ᠤᠷᠤᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠬᠢᠵᠠᠭᠠᠷ ᠲᠠᠢ ᠡᠳ᠋ ᠤᠨ ᠬᠦᠴᠦᠨ ᠪᠠ ᠡᠬᠢ | ᠪᠠᠶᠠᠯᠢᠭ ᠢ ᠦᠨᠡᠨᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠵᠠᠰᠠᠭ ᠤᠨ ᠤᠷᠳᠤᠨ ᠤ ᠳᠦᠷᠢᠮ ᠠᠴᠠ ᠵᠥᠷᠢᠴᠡᠨ | ᠵᠢᠭᠡᠯᠡᠯᠭᠡ ᠵᠢᠭᠡᠯᠡᠬᠦ ᠶᠢ ᠡᠷᠡᠰ ᠴᠠᠭᠠᠵᠠᠯᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠦᠶᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠪᠠᠶᠢᠴᠠᠭᠠᠨ ᠬᠤᠷᠢᠶᠠᠵᠤ ᠰᠢᠶᠳᠪᠦᠷᠢᠯᠡᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠥᠩᠭᠦᠨ ᠭᠦᠶᠯᠭᠡᠭᠡᠨ ᠤ ᠬᠦᠷᠢᠶ᠎ᠡ ᠴᠠᠷᠠᠭᠠᠨ ᠤ ᠠᠮᠤᠷ ᠲᠦᠪᠰᠢᠨ ᠢ | ᠦᠨᠡᠨᠬᠦ ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ | ᠮᠡᠳᠡᠭᠡ ᠵᠠᠩᠭᠢᠴᠢᠯᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠡᠮ | ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ | ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ | ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠬᠦ ᠶᠢ ᠠᠬᠢᠭᠤᠯᠵᠤ᠂ ᠬᠠᠤᠯᠢ | ᠪᠤᠰᠤ ᠰᠤᠷᠪᠤᠯᠵᠢᠯᠠᠯ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠤᠬᠢᠴᠠᠯᠲᠠᠢ ᠲᠣᠭᠲᠠᠭᠤᠨ ᠪᠠᠶᠢᠬᠤ ᠶᠢ | ᠪᠦᠬᠦ ᠬᠦᠴᠦᠨ ᠢᠶᠠᠷ ᠪᠠᠲᠤᠯᠠᠨ᠎ᠠ᠃ | ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠶᠯᠡᠳᠪᠦᠷᠢᠯᠡᠯ ᠤᠨ ᠵᠥᠪᠯᠡᠯ ᠤᠨ 15 ᠵᠤᠷᠪᠤᠰ ᠴᠢᠩᠭ᠎ᠠ | ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠠᠮᠤᠷ ᠲᠦᠪᠰᠢᠨ ᠤ ᠬᠡᠮ ᠰᠣᠭᠤᠭ ᠢ ᠲᠤᠰᠬᠠᠶ | ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠵᠦ᠂ ᠠᠶᠤᠯᠭᠦᠢ ᠦᠶᠯᠡᠳᠪᠦᠷᠢᠯᠡᠯ ᠤᠨ ᠬᠦᠨᠳᠦ ᠶᠡᠭᠡ ᠠᠳᠠᠯ | ᠭᠠᠷᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ | ᠵᠢᠯ ᠤᠨ ᠠᠵᠢᠯᠯᠠᠭ᠎ᠠ ᠪᠣᠯᠤᠨ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ | ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠢ ᠬᠡᠷᠡᠭᠯᠡᠬᠦ ᠪᠣᠯᠤᠨ ᠳᠡᠰ ᠳᠡᠪᠰᠢᠭᠦᠯᠦᠨ ᠥᠭᠡᠷᠡᠴᠢᠯᠡᠬᠦ | ᠡᠷᠴᠢᠮ ᠢ ᠨᠡᠮᠡᠭᠳᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠢ ᠨᠠᠷᠢᠯᠢᠭ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠠᠭᠤᠷᠬᠠᠶ ᠶᠢᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠠᠭᠤᠷᠬᠠᠶ ᠶᠢᠨ ᠤᠶᠤᠨᠴᠢᠯᠠᠭᠰᠠᠨ ᠰᠢᠨ᠎ᠡ ᠮᠡᠷᠭᠡᠵᠢᠯ ᠪᠣᠯᠤᠨ ᠰᠢᠨ᠎ᠡ ᠲᠣᠨᠤᠭ ᠲᠥᠬᠦᠭᠡᠷᠦᠮᠵᠢ ᠶᠢ | ᠵᠢᠱᠢᠶ᠎ᠡ ᠦᠵᠡᠭᠦᠯᠦᠨ ᠬᠡᠷᠡᠭᠯᠡᠬᠦ ᠪᠠ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠨ᠂ ︽ᠮᠠᠰᠢᠨᠴᠢᠯᠠᠯᠲᠠ ᠪᠠᠷ | ᠬᠥᠮᠦᠨ ᠤ ᠬᠦᠴᠦᠨ ᠢ ᠤᠷᠤᠯᠠᠭᠤᠯᠬᠤ᠂ ᠠᠦ᠋ᠲ᠋ᠣᠴᠢᠯᠠᠯᠲᠠ ᠪᠠᠷ ᠬᠥᠮᠦᠨ ᠤ ᠬᠦᠴᠦᠨ ᠢ ᠬᠦᠩᠭᠡᠯᠡᠬᠦ︾ ᠠᠬᠢᠴᠠ ᠶᠢ | ᠲᠦᠷᠭᠡᠳᠬᠡᠨ᠎ᠡ᠃ | ᠲᠥᠯᠥᠭᠡᠯᠡᠭᠴᠢᠳ ᠠ᠋︕ ᠥᠨᠤ ᠵᠢᠯ ᠪᠢᠳᠡ ᠶᠡᠭᠡ ᠬᠤᠷᠠᠯ ᠤᠨ ᠪᠢᠯᠧᠲ ᠥᠭᠭᠦᠯᠲᠡ ᠪᠠᠷ ᠲᠤᠭᠲᠠᠭᠠᠭᠰᠠᠨ 4 | ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠰᠠᠭᠤᠷᠢᠨ ᠳᠡᠭᠡᠷ᠎ᠡ᠂ ᠠᠷᠠᠳ ᠲᠤ ᠠᠰᠢᠭ ᠬᠦᠷᠲᠡᠭᠡᠬᠦ | 6 ᠵᠦᠢᠯ ᠤᠨ ᠪᠤᠳᠠᠳᠤ ᠶᠠᠪᠤᠳᠠᠯ ᠢ ᠰᠠᠶᠢᠳᠤᠷ ᠬᠢᠨ᠎ᠡ᠃ ᠡᠳᠡᠭᠡᠷ ᠨᠢ ᠲᠤᠰ ᠲᠤᠰ᠄ | ⒈ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠢ ᠰᠦᠢᠳᠬᠡᠯ ᠬᠤᠷᠢᠶᠠᠬᠤ ᠦᠭᠡᠢ ᠪᠤᠯᠭᠠᠨ᠎ᠠ᠄ | ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠳᠤ ᠰᠠᠭᠤᠬᠤ ᠳᠤ ᠪᠥᠬᠦ ᠠᠷᠠᠳ ᠠᠴᠠ ᠰᠦᠢᠳᠬᠡᠯ | ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠥᠭᠵᠢᠯᠲᠡ ᠶᠢᠨ ᠠᠰᠢᠭ ᠲᠤᠰᠠ ᠶᠢ ᠣᠯᠠᠨ | ᠲᠦᠮᠡᠨ ᠳᠤ ᠨᠠᠩ ᠢᠯᠡᠭᠦᠦ ᠬᠦᠷᠲᠡᠭᠡᠨ᠎ᠡ᠃ | ⒉ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠲᠦᠭᠡᠨ ᠪᠠᠶᠢᠭᠤᠯᠤᠨ᠎ᠠ᠄ ᠪᠡᠶ᠎ᠡ ᠴᠢᠭᠢᠷᠠᠭᠵᠢᠭᠤᠯᠬᠤ | ᠲᠠᠯᠠᠪᠤᠷ ᠤᠨ ᠳᠦᠬᠦᠭᠡᠷᠦᠮᠵᠢ ᠶᠢ ᠨᠥᠬᠦᠪᠦᠷᠢᠯᠡᠵᠦ᠂ ᠠᠷᠠᠳ ᠣᠯᠠᠨ ᠤ ᠡᠳᠦᠷ ᠢᠷᠡᠬᠦᠶ᠎ᠡ ᠱᠠᠭᠠᠷᠳᠠᠭᠳᠠᠵᠤ ᠪᠠᠶᠢᠭ᠎ᠠ | ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ⒊ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠄ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠨ ᠨᠤᠲᠤᠭ ᠤᠨ | ᠨᠥᠬᠦᠪᠦᠷᠢ ᠶᠢ ᠬᠥᠮᠥᠨ ᠪᠦᠷᠢ ᠰᠠᠷ᠎ᠠ ᠪᠤᠯᠭᠠᠨ ᠳᠤ 222 ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠎ᠡ᠃ | ⒋ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠨᠥᠬᠦᠪᠦᠷᠢ ᠶᠢ | ᠳᠡᠭᠡᠭᠰᠢᠯᠡᠬᠦᠯᠦᠨ᠎ᠡ᠄ ᠦᠨᠳᠦᠰᠦᠨ ᠠᠮᠢᠳᠤᠷᠠᠯ ᠤᠨ ᠨᠥᠬᠦᠪᠦᠷᠢ ᠣᠯᠭᠤᠭᠰᠠᠨ ᠰᠠᠭᠤᠷᠢᠨ ᠳᠡᠭᠡᠷ᠎ᠡ ᠬᠥᠮᠥᠨ ᠪᠦᠷᠢ ᠳᠤ | ᠵᠢᠯ ᠪᠤᠯᠭᠠᠨ ᠳᠤ ᠳᠠᠬᠢᠨ 6000 ᠲᠥᠭᠦᠷᠢᠭ ᠤᠨ ᠨᠡᠮᠡᠯᠲᠡ ᠨᠥᠬᠦᠪᠦᠷᠢ ᠥᠭᠴᠦ᠂ ᠠᠰᠠᠷᠠᠨ ᠲᠡᠵᠢᠭᠡᠵᠦ ᠪᠠᠶᠢᠭ᠎ᠠ | ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ⒌ᠵᠡᠮᠳᠡᠭᠴᠦᠳ ᠢ ᠬᠠᠶᠢᠷᠠᠯᠠᠨ ᠬᠠᠯᠠᠮᠵᠢᠯᠠᠨ᠎ᠠ᠄ 330 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ | ᠬᠤᠰᠢᠭᠤᠨ ᠤ ᠵᠡᠮᠳᠡᠭᠴᠦᠳ ᠲᠤ ᠡᠷᠡᠭᠦᠯᠵᠢᠭᠦᠯᠬᠦ ᠡᠮᠴᠢᠯᠡᠭᠡ᠂ ᠭᠡᠷ ᠲᠡᠭᠡᠨ ᠨᠠᠶᠢᠳᠠᠨ ᠠᠰᠠᠷᠠᠭᠤᠯᠬᠤ᠂ ᠰᠤᠷᠭᠠᠨ | ᠬᠥᠮᠦᠵᠢᠯ ᠢᠶᠠᠷ ᠲᠤᠰᠠᠯᠠᠬᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡ ᠬᠠᠩᠭᠠᠨ᠎ᠠ᠃ | ⒍ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠄ 600 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠠᠷᠠᠳ ᠣᠯᠠᠨ ᠪᠠ | ᠬᠤᠳᠠᠯᠳᠤᠭᠠᠴᠢᠳ ᠲᠤ ᠠᠰᠢᠭ ᠬᠦᠷᠳᠡᠭᠡᠨ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ | ︽ᠠᠷᠠᠳ ᠲᠤ ᠠᠰᠢᠭ ᠬᠦᠷᠲᠡᠭᠡᠬᠦ ᠠᠷᠪᠠᠨ ᠵᠦᠢᠯ ᠤᠨ ᠪᠣᠳᠠᠲᠤ ᠶᠠᠪᠤᠳᠠᠯ︾ ᠪᠣᠯ ᠵᠠᠰᠠᠭ ᠤᠨ ᠣᠷᠳᠣᠨ ᠠᠴᠠ | ᠪᠥᠬᠦ ᠬᠤᠰᠢᠭᠤᠨ ᠤ ᠠᠷᠠᠳ ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠮᠥᠨ᠃ ᠪᠢᠳᠡ ᠠᠷᠭ᠎ᠠ | ᠪᠦᠬᠦᠨ ᠢ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠨ᠂ ᠴᠢᠨᠠᠷ ᠴᠢᠨᠰᠠᠭ᠎ᠠ ᠶᠢ ᠪᠠᠲᠤᠯᠠᠨ ᠰᠠᠶᠢᠲᠤᠷ | ᠪᠡᠶᠡᠯᠡᠭᠦᠯᠵᠦ᠂ ᠡᠯ᠎ᠡ ᠦᠨᠳᠦᠰᠦᠳᠡᠨ ᠤ ᠤᠯᠠᠨ ᠳᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠨᠡᠩ ᠭᠦᠨᠵᠡᠭᠡᠢ | ᠮᠡᠳᠡᠷᠡᠭᠦᠯᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠨᠢᠭᠡ ᠵᠢᠯ ᠳᠤ᠂ ᠪᠢᠳᠡ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ ᠴᠠᠭ ᠦᠶ᠎ᠡ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠵᠢᠯᠴᠢ ᠬᠢᠴᠢᠶᠡᠩᠭᠦᠢ ᠪᠠᠷ ᠦᠢᠯᠡᠰ ᠢᠶᠠᠨ ᠳᠡᠭᠡᠳᠦᠯᠡᠵᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠢᠭᠲᠠᠷᠠᠨ ᠪᠦᠯᠬᠦᠮᠳᠡᠬᠦ ᠶᠢ | ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ | ︾ ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠤᠯᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ | ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠤᠬᠠᠮᠰᠠᠷ ᠠᠴᠠ ᠪᠠᠨ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠵᠠᠰᠠᠭ ᠤᠨ | ᠣᠷᠳᠣᠨ ᠤ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ ᠵᠠᠶᠢᠳᠠᠬᠤ ᠦᠭᠡᠢ | ᠪᠠᠶᠢᠯᠭᠠᠬᠤ ᠶᠢ ᠦᠨᠡᠨᠬᠦ ᠪᠡᠶᠡᠯᠡᠭᠦᠯᠦᠨ᠎ᠡ᠃ | ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ | ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ | ᠠᠬᠢᠭᠤᠯᠤᠨ᠂ ᠲᠣᠭᠲᠠᠭᠤᠨ ᠪᠠᠶᠢᠳᠠᠯ ᠢ ᠬᠠᠮᠠᠭᠠᠯᠠᠵᠦ᠂ ᠴᠢᠩᠭ᠎ᠠ ᠵᠢᠷᠤᠮᠵᠢᠭᠤᠨ᠂ ᠲᠥᠪ ᠭᠤᠣᠯᠴᠢ ᠪᠠᠷ ᠬᠠᠤᠯᠢ ᠶᠢ | ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ︵ᠭᠤᠷᠪᠠ︶ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠪᠤᠳᠠᠳᠠᠢ ᠶᠢ ᠡᠷᠬᠢᠮᠯᠡᠬᠦ ᠤᠬᠠᠮᠰᠠᠷ᠂ | ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠳᠤᠷ | ᠨᠠᠶᠢᠳᠠᠪᠤᠷᠢᠵᠢᠭᠤᠯᠵᠤ᠂ ᠠᠵᠢᠯ ᠪᠣᠯᠭᠠᠨ ᠳᠤ ᠪᠤᠳᠠᠳᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ ᠨᠠᠮ ᠤᠨ ᠤᠯᠠᠨ | ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ | ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠰᠢᠢᠳᠪᠦᠷᠢᠯᠡᠬᠦ ᠰᠡᠳᠬᠢᠬᠦᠢ ᠶᠢ | ᠪᠠᠲᠤᠳᠬᠠᠵᠤ᠂ ᠨᠢᠭᠡᠳᠦᠭᠡᠷ ᠹᠷᠣᠨᠲ ᠲᠤ ᠪᠣᠳᠠᠲᠤ ᠪᠠᠶᠢᠳᠠᠯ ᠢ ᠡᠵᠡᠮᠰᠢᠵᠦ᠂ ᠲᠤᠬᠠᠢ ᠶᠢᠨ ᠲᠠᠯᠠᠪᠤᠷ ᠲᠤ | ᠠᠰᠠᠭᠤᠳᠠᠯ ᠢ ᠰᠢᠢᠳᠪᠦᠷᠢᠯᠡᠨ᠎ᠡ᠃ ︽ᠨᠠᠷᠢᠨ ᠲᠠᠩᠰᠠ ᠪᠠᠷ ᠬᠠᠮᠢᠶᠠᠷᠬᠤ᠂ ᠡᠬᠡ ᠲᠠᠩᠰᠠ ᠪᠠᠷ ᠠᠬᠢᠭᠤᠯᠬᠤ᠂ | ᠱᠠᠭᠠᠷᠳᠠᠨ ᠭᠦᠢᠴᠡᠳᠬᠡᠯᠭᠡᠬᠦ ᠂ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ︾ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯ ᠪᠦᠬᠦᠨ ᠢ ᠪᠡᠶᠡᠯᠡᠬᠦᠯᠬᠦ ᠪᠠᠷ ᠴᠢᠷᠮᠠᠶᠢᠨ᠎ᠠ᠃ | ︵ᠳᠥᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠣᠰ | ᠬᠠᠷᠢᠭᠤᠴᠠᠯᠭ᠎ᠠ︾ ᠶᠢᠨ ᠳᠦᠷᠢᠮ ᠢ ᠤᠬᠠᠮᠰᠠᠷ ᠠᠴᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠦᠷᠦᠯ ᠵᠦᠢᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠤᠯᠤᠰ ᠤᠨ | ᠦᠮᠴᠢᠯᠡᠯᠳᠤ ᠡᠳ᠋ ᠬᠥᠷᠥᠩᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠯᠵᠠᠷᠠᠯ ᠢ ᠡᠬᠢ ᠰᠤᠷᠪᠤᠯᠵᠢ ᠠᠴᠠ | ᠨᠢ ᠰᠡᠷᠭᠡᠶᠢᠯᠡᠨ ᠵᠠᠰᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠤᠨ ᠵᠠᠰᠠᠨ᠎ᠠ᠃ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ᠂ | ᠠᠷᠪᠢᠯᠠᠨ ᠭᠠᠮᠨᠠᠵᠤ᠂ ᠡᠩ ᠤᠨ ᠴᠢᠨᠠᠷᠲᠠᠢ ᠵᠠᠷᠤᠯᠭ᠎ᠠ᠂ ᠠᠯᠪᠠᠨ ᠪᠠᠶᠢᠭᠤᠯᠭ᠎ᠠ ᠶᠢᠨ ᠠᠳᠠᠯ ᠠᠬᠤᠢ ᠶᠢᠨ ᠵᠠᠷᠤᠯᠭ᠎ᠠ ᠶᠢ | 10% ᠠᠴᠠ ᠳᠡᠭᠡᠭᠰᠢ ᠪᠠᠭᠠᠰᠬᠠᠨ᠎ᠠ᠃ ᠨᠡᠩ ᠤᠯᠠᠨ ᠡᠳ᠋ ᠤᠨ ᠵᠠᠰᠠᠭ ᠤᠨ ᠬᠦᠴᠦᠨ ᠢ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ | ᠲᠥᠯᠥᠭᠡᠯᠡᠭᠴᠢᠳ ᠠ᠋︕ ᠦᠨᠡᠨᠴᠢ ᠴᠢᠷᠮᠠᠶᠢᠯᠭ᠎ᠠ ᠶᠢᠨ ᠬᠦᠴᠦᠨ ᠳᠤ ᠦᠵᠡᠮᠵᠢᠳᠦ ᠮᠠᠷᠭᠠᠰᠢ ᠴᠤᠭᠴᠠᠯᠠᠭᠳᠠᠨᠠ᠂ | ᠰᠢᠷᠭᠠᠭᠤ ᠲᠡᠮᠡᠴᠡᠯ ᠤᠨ ᠡᠷᠴᠢᠨ ᠳᠤ ᠰᠢᠨ᠎ᠡ ᠬᠠᠷᠭᠤᠢ ᠰᠤᠨᠤᠯᠵᠠᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡᠬᠦ ᠭᠤᠣᠯ ᠱᠤᠭᠤᠮ ᠢ | ᠪᠦᠬᠦ ᠲᠠᠯ᠎ᠠ ᠪᠠᠷ ᠲᠤᠭᠤᠰᠢᠯᠠᠭᠤᠯᠵᠦ᠂ ︽ᠮᠣᠩᠭᠤᠯ ᠮᠤᠷᠢᠨ︾ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | | |