2023 ᠣᠨ ᠤ  ᠵᠠᠰᠠᠭ   ᠤᠨ  ᠤᠷᠳᠤᠨ   ᠤ  ᠠᠵᠢᠯ   ᠤᠨ  ᠢᠯᠡᠳᠭᠡᠯ
ᠨᠡᠶᠢᠲᠡᠯᠡᠭᠰᠡᠨ ᠴᠠᠭ᠄
2024/1/30
                        ᠵᠠᠰᠠᠭ   ᠤᠨ   ᠤᠷᠳᠤᠨ   ᠤ   ᠠᠵᠢᠯ   ᠤᠨ   ᠢᠯᠡᠳᠭᠡᠯ                                        2024  ᠣᠨ ᠤ 1 ᠰᠠᠷ᠎ᠠ   ᠶᠢᠨ 26   ᠤ ᠡᠳᠦᠷ  ᠪᠠᠷᠠᠭᠤᠨ  ᠦᠵᠦᠮᠦᠴᠢᠨ  ᠬᠤᠰᠢᠭᠤᠨ ᠤ  ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠶᠣᠣ ᠬᠤᠩ ᠭᠠᠩᠲᠥᠯᠥᠭᠡᠯᠡᠭᠴᠢᠳ ᠡ᠄   ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠮᠦᠨᠴᠦ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ︕  ᠨᠢᠭᠡ᠂ 2023 ᠣᠨ ᠤ ᠠᠵᠢᠯ ᠤᠨ ᠡᠷᠭᠢᠴᠡᠭᠦᠯᠦᠯ    ᠰᠠᠶ᠋ᠢᠬᠠᠨ ᠦᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ  ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠦᠯᠬᠦᠮᠳᠡᠯ ᠢ ᠴᠢᠩᠭᠠᠳᠬᠠᠬᠤ᠂ ᠠᠮᠤᠷ ᠲᠦᠪᠰᠢᠨ ᠢ ᠪᠠᠲᠤᠯᠠᠬᠤ ᠶᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠶᠡᠷᠤᠩᠬᠡᠶᠢᠯᠡᠭᠰᠡᠨ ᠵᠢᠭᠰᠠᠭᠠᠯᠳᠠ ᠳᠤ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠪᠠ᠃   ︵ᠨᠢᠭᠡ︶ ᠠᠵᠤ ᠠᠬᠤᠢ ᠶᠢᠨ ᠠᠵᠢᠯᠯᠠᠭᠠᠨ ᠶᠡᠷᠤᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠪᠠ  ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ 217 ᠳ᠋ᠦᠩᠰᠢᠭᠤᠷ ᠲᠥᠭᠦᠷᠢᠭ ᠢ ᠪᠡᠶᠡᠯᠡᠬᠦᠯᠦᠨ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 63.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 27.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠪᠡ᠃ ᠬᠤᠲᠠ ᠪᠠᠯᠭᠠᠰᠤ ᠪᠠ ᠮᠠᠯᠵᠢᠬᠤ ᠤᠷᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠲᠣᠰ ᠲᠣᠰ 50980 ᠲᠥᠭᠦᠷᠢᠭ ᠪᠠ 37774 ᠲᠥᠭᠦᠷᠢᠭ ᠲᠤ ᠬᠦᠷᠴᠦ᠂ 6% ᠪᠠ 6.1% ᠪᠠᠷ ᠨᠡᠮᠡᠭᠳᠡᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ 5 ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠨᠢ ᠴᠥᠮ ᠪᠦᠬᠦ ᠠᠶᠢᠮᠠᠭ ᠤᠨ ᠡᠮᠦᠨ᠎ᠡ ᠭᠤᠷᠪᠠ ᠳᠤ ᠤᠷᠤᠪᠠ᠃ ᠠᠶᠢᠮᠠᠭ ᠤᠨ ᠲᠠᠰ ᠤᠨ 13 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠬᠦᠯᠵᠦ᠂ ᠠᠵᠢᠯ ᠡᠬᠢᠯᠡᠬᠦᠯᠦᠭᠰᠡᠨ ᠨᠣᠷᠮ᠎ᠠ ᠪᠥᠬᠦ ᠠᠶᠢᠮᠠᠭ ᠲᠤ ᠨᠢᠭᠡᠳᠦᠭᠡᠷ ᠲᠤ ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠵᠢᠵᠢᠭ ᠠᠵᠤ ᠠᠬᠤᠶᠢᠯᠠᠯ ᠳᠤ 17.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 4.9 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠳᠦᠷᠢᠬᠦᠯᠵᠦ᠂ ᠠᠵᠤ ᠠᠬᠤᠶᠢᠯᠠᠯ ᠪᠠ ᠬᠤᠪᠢ ᠶᠢᠨ ᠬᠤᠳᠠᠯᠳᠤᠭᠠᠨ ᠤ ᠡᠷᠦᠬᠡ 1084 ᠰᠢᠨ᠎ᠡ ᠪᠠᠷ ᠨᠡᠮᠡᠭᠳᠡᠨ᠂ 3 ᠠᠵᠤ ᠦᠶᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠳᠠᠩᠰᠠᠯᠠᠭᠳᠠᠨ᠂ ᠦᠢᠯᠡᠳᠪᠦᠷᠢᠯᠡᠯ ᠤᠨ ᠦᠢᠯᠡᠴᠢᠯᠡᠭᠡᠨ ᠤ ᠴᠢᠨᠠᠷᠲᠠᠢ 5 ᠠᠵᠤ ᠠᠬᠤᠶᠢᠯᠠᠯ ᠮᠠᠨ ᠤ ᠬᠤᠰᠢᠭᠤᠨ ᠳᠤ ᠳᠠᠩᠰᠠᠯᠠᠭᠤᠯᠪᠠ᠃ ︽ᠲᠠᠪᠤ ᠶᠢ ᠡᠴᠦᠰ  ᠲᠤᠨᠢ ᠲᠤᠯᠲᠠᠯ᠎ᠠ ᠬᠢᠬᠦ︾ ᠠᠵᠢᠯ ᠢ ᠭᠦᠨᠵᠡᠭᠡᠢ ᠠᠬᠢᠭᠤᠯᠵᠤ᠂ ᠭᠠᠷ ᠭᠦᠢᠴᠡᠳᠬᠡᠯ ᠪᠦᠷᠢᠨᠰᠢᠭᠡᠳᠦᠢ ᠳᠦᠷᠦᠯ ᠵᠦᠢᠯ᠂ ᠠᠰᠢᠭᠯᠠᠭᠠᠳᠤᠢ ᠪᠡᠯᠡ ᠮᠥᠩᠭᠦ᠂ ︽ᠳᠤᠲᠠᠭᠤ ᠲᠤᠷᠭᠤᠨ ᠵᠤᠭᠰᠤᠭᠰᠠᠨ ᠢᠨᠵᠧᠨᠧᠷᠢᠩ︾᠂ ᠨᠡᠭᠡᠭᠡᠯᠲᠡ ᠶᠢᠨ ᠣᠷᠣᠨ  ᠤ ᠪᠦᠲᠦᠭᠡᠨ ᠪᠠᠶᠢᠭᠤᠯᠤᠯᠲᠠ ᠵᠡᠷᠭᠡ 4 ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠤᠯᠠ ᠬᠠᠶᠠᠭᠳᠠᠭᠰᠠᠨ ᠭᠠᠵᠠᠷ ᠰᠢᠷᠤᠢ ᠪᠠ ᠵᠦᠪᠰᠢᠶᠡᠷᠡᠭᠰᠡᠨ ᠪᠤᠯᠪᠠᠴᠦ ᠠᠰᠢᠭᠯᠠᠭᠠᠳᠤᠢ ᠭᠠᠵᠠᠷ ᠰᠢᠷᠣᠢ ᠶᠢᠨ ᠠᠰᠠᠭᠤᠳᠠᠯ ᠢ ᠰᠢᠢᠳᠪᠦᠷᠢᠯᠡᠬᠦ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ  ᠶᠢᠨ ᠲᠣᠭᠤᠷᠢᠭ ᠨᠢ 293 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠶᠡᠷᠤᠩᠬᠡᠢ ᠬᠦᠴᠦᠨ ᠢᠶᠠᠷ ᠢᠶᠠᠨ ᠪᠦᠬᠦ ᠣᠷᠣᠨ ᠤ ᠡᠮᠦᠨ᠎ᠡ ᠠᠷᠪᠠ ᠳᠤ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠠᠵᠦ ᠦᠢᠯᠡᠳᠪᠦᠷᠢ ᠶᠢᠨ ᠲᠣᠭᠤᠷᠢᠭ ᠪᠣᠯᠪᠠ᠃ ᠪᠦᠬᠦ ᠬᠤᠰᠢᠭᠤᠨ ᠤ ᠭᠠᠵᠠᠷ ᠣᠷᠣᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ 7 ᠵᠢᠯ ᠳᠠᠷᠠᠭᠠᠯᠠᠨ ︽ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠬᠤᠰᠢᠭᠤ ᠰᠢᠶᠠᠨ︾ ᠤ ᠡᠩᠨᠡᠭᠡᠨ ᠳᠤ ᠣᠷᠣᠵᠤ᠂ 54 ᠳ᠋ᠦ᠋ᠭᠡᠷ ᠲᠤ ᠵᠢᠭᠰᠠᠭᠠᠭᠳᠠᠪᠠ᠃︵ᠬᠤᠶᠠᠷ︶ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ ——ᠠᠵᠤ ᠦᠢᠯᠡᠳᠪᠦᠷᠢ ᠶᠢᠨ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠦᠭᠵᠢᠬᠦᠯᠪᠡ᠃ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠪᠦᠬᠦ ᠵᠢᠯ ᠳᠤ 6153 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 231 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠵᠦ᠂ ᠨᠡᠭᠦᠷᠡᠰᠦᠨ ᠤ ᠭᠠᠷᠤᠯᠲᠠ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠲᠡᠦᠬᠡ ᠶᠢᠨ ᠰᠢᠨ᠎ᠡ ᠳᠦᠪᠰᠢᠨ ᠳᠤ ᠬᠦᠷᠪᠡ᠃ ︽ᠨᠡᠭᠦᠷᠡᠰᠦ ︱ ᠴᠠᠬᠢᠯᠭᠠᠨ ︱ ᠬᠦᠩᠭᠡᠨᠴᠠᠭᠠᠨ ︱ ᠬᠦᠩᠭᠡᠨᠴᠠᠭᠠᠨ ᠢ ᠨᠠᠷᠢᠯᠢᠭ  ᠪᠤᠯᠪᠠᠰᠤᠷᠠᠭᠤᠯᠬᠤ︾ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠦᠩᠭᠡᠨᠴᠠᠭᠠᠨ ᠤ ᠳᠦᠬᠦᠭᠡᠢ ᠪᠤᠳᠠᠰ ᠢ ᠨᠡᠶᠢᠲᠡ 21.3 ᠲᠦᠮᠡᠨ ᠲᠣᠨ ᠪᠤᠯᠪᠠᠰᠤᠷᠠᠭᠤᠯᠵᠦ᠂ ᠬᠦᠩᠭᠡᠨᠴᠠᠭᠠᠨ ᠤ ᠨᠠᠷᠢᠯᠢᠭ ᠪᠤᠯᠪᠠᠰᠤᠷᠠᠭᠤᠯᠤᠭᠰᠠᠨ ᠦᠢᠯᠡᠳᠬᠦᠨ ᠢ 18.3 ᠲᠦᠮᠡᠨ ᠲᠣᠨ ᠦᠢᠯᠡᠳᠪᠦᠷᠢᠯᠡᠪᠡ᠃ ᠰᠢᠨ᠎ᠡ ᠡᠨᠧᠷᠭᠢ ᠶᠢᠨ ᠠᠵᠤ ᠦᠢᠯᠡᠰ ᠰᠢᠨ᠎ᠡ ᠠᠬᠢᠴᠠ ᠲᠠᠢ ᠪᠤᠯᠵᠦ᠂ ᠪᠦᠬᠦ ᠤᠯᠤᠰ ᠤᠨ ᠬᠠᠮᠤᠭ ᠤᠨ ᠲᠣᠮᠣ ᠵᠠᠳᠠᠭᠠᠢ ᠠᠭᠤᠷᠬᠠᠢ ᠶᠢᠨ ᠰᠢᠷᠣᠢ ᠣᠪᠤᠭᠠᠯᠠᠬᠤ ᠲᠠᠯᠠᠪᠠᠢ ᠶᠢᠨ ᠨᠠᠷᠠᠨ ᠤ ᠡᠨᠧᠷᠬᠢ ᠶᠢᠨ ᠲᠦᠷᠦᠯ ᠵᠦᠢᠯ ︱ ᠪᠠᠶᠠᠨᠬᠤᠸᠠ ᠦᠪᠡᠷ ᠢ ᠪᠠᠨ ᠬᠠᠩᠭᠠᠬᠤ ᠴᠠᠬᠢᠯᠭᠠᠨ ᠦᠢᠯᠡᠳᠪᠦᠷᠢ ᠶᠢᠨ 300MW ᠴᠠᠬᠢᠯᠭᠠᠨ ᠭᠠᠷᠭᠠᠬᠤ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠨᠢ ᠴᠠᠬᠢᠯᠭᠠᠨ ᠭᠠᠷᠭᠠᠵᠦ ᠠᠰᠢᠭᠯᠠᠯᠳᠠ ᠳᠤ ᠤᠷᠤᠪᠠ᠃ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠤᠸᠠ ᠴᠤᠸᠠᠩ ᠯᠢᠤᠢ ᠶᠠᠨ᠂ ᠶᠤᠸᠠᠨ ᠹᠧᠩ ᠠᠵᠤ ᠦᠢᠯᠡᠰ᠂ ᠰᠢᠨ ᠱᠢ ᠪᠠᠷᠢᠯᠭ᠎ᠠ ᠶᠢᠨ ᠮᠠᠲ᠋ᠧᠷᠢᠶᠠᠯ ᠵᠡᠷᠭᠡ 3 ᠠᠵᠤ ᠠᠬᠤᠶᠢᠯᠠᠯ ᠤᠨ ᠪᠠᠷᠢᠯᠭ᠎ᠠ ᠶᠢᠨ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠵᠢᠷ ᠤᠨ ᠭᠤᠣᠯ ᠬᠤᠶᠠᠳᠤᠭᠠᠷ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠲᠠᠬᠢᠨ ᠰᠡᠷᠭᠦᠭᠡᠨ ᠠᠵᠢᠯ ᠡᠬᠢᠯᠡᠬᠦᠯᠵᠦ᠂ ᠬᠤᠸᠠ ᠷᠦᠨ ᠪᠦᠯᠦᠭᠯᠡᠯ  ᠤᠨ ᠪᠠᠷᠠᠭᠤᠨ ᠨᠢᠭᠡᠳᠦᠭᠡᠷ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠬᠠᠮᠲᠤᠷᠠᠨ ᠲᠤᠷᠰᠢᠨ ᠠᠵᠢᠯᠯᠠᠭᠤᠯᠬᠤ ᠶᠢ ᠪᠡᠶᠡᠯᠡᠭᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ᠂ ᠰᠦ᠋ ᠨᠧᠩ ᠪᠦᠯᠦᠭᠯᠡᠯ ᠤᠨ ᠪᠠᠶᠠᠨᠬᠤᠸᠠ ᠴᠠᠬᠢᠯᠭᠠᠨ ᠦᠢᠯᠡᠳᠪᠦᠷᠢ ᠶᠢ ᠡᠬᠢᠯᠡᠨ ᠪᠠᠶᠢᠭᠤᠯᠵᠤ᠂ ᠪᠠᠶᠠᠨᠬᠤᠸᠠ ᠳᠠᠬᠢ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ ᠵᠢᠴᠢ ᠥᠪᠡᠷ ᠢ ᠪᠠᠨ ᠬᠠᠩᠭᠠᠬᠤ ᠴᠠᠬᠢᠯᠭᠠᠨ ᠦᠢᠯᠡᠳᠪᠦᠷᠢ ᠨᠢ ᠪᠦᠷᠢᠨ ᠴᠢᠳᠠᠪᠬᠢ ᠪᠠᠷ ᠬᠡᠷᠡᠭᠯᠡᠯᠲᠡ ᠳᠤ ᠤᠷᠤᠵᠦ᠂ ᠥᠪᠥᠷ ᠮᠣᠩᠭᠤᠯ ᠤᠨ ᠪᠤᠤ ᠱᠦᠸᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠤᠷᠤᠭᠰᠢᠲᠠᠢ ᠪᠠᠷ ᠪᠦᠷᠢᠳᠬᠡᠯ ᠳᠤ ᠲᠠᠩᠰᠠᠯᠠᠭᠤᠯᠪᠠ᠃ ᠪᠥᠬᠦ ᠬᠤᠰᠢᠭᠤᠨ ᠤ 27 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 337.3 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 23% ᠪᠠᠷ ᠨᠡᠮᠡᠭᠳᠡᠪᠡ᠃ —— ᠤᠳᠤᠬᠢᠴᠢᠯᠠᠭᠰᠠᠨ ᠮᠠᠯ ᠠᠵᠤ ᠠᠬᠤᠢ ᠶᠢ ᠯᠠᠪᠳᠠᠭᠤᠨ ᠢᠶᠠᠷ ᠬᠦᠭᠵᠢᠬᠦᠯᠪᠡ᠃ ᠤᠯᠤᠰ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠭᠤᠣᠯ ᠪᠣᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠤᠯᠤᠰ ᠤᠨ ᠲᠤᠷᠰᠢᠯᠲᠠ ᠶᠢᠨ ᠲᠥᠷᠥᠯ ᠵᠦᠢᠯ ᠤᠨ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠳᠤ ᠨᠡᠶᠢᠲᠡ 131 ᠲᠦᠮᠡᠨ ᠲᠣᠯᠣᠭᠠᠢ ᠮᠠᠯ ᠤᠨ ᠭᠠᠷᠭᠠᠯᠲᠠ ᠬᠢᠵᠦ᠂ ᠠᠳᠠᠯᠢ ᠬᠤᠭᠤᠴᠠᠭᠠᠨ ᠤ ᠬᠢ ᠠᠴᠠ 19 % ᠪᠠᠷ ᠨᠡᠮᠡᠭᠳᠡᠪᠡ᠃ ᠮᠢᠬᠠᠨ ᠤ ᠦᠬᠡᠷ ᠤᠨ ᠰᠦᠷᠦᠭ ᠢ ᠦᠰᠬᠡᠨ ᠴᠢᠨᠠᠷ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠠᠬᠢᠭᠤᠯᠵᠤ᠂ 716 ᠲᠤᠯᠤᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠵᠦ᠂ 11 ᠲᠦᠮᠡᠨ ᠳᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠦ᠂ ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠬᠤ 7 ᠡᠷᠦᠬᠡ ᠶᠢ ᠰᠢᠨ᠎ᠡ ᠪᠠᠷ ᠦᠨᠡᠯᠡᠨ ᠲᠣᠭᠲᠠᠭᠠᠵᠤ᠂ ︽ᠦᠵᠦᠮᠦᠴᠢᠨ ᠴᠠᠭᠠᠨ ᠦᠬᠡᠷ︾ ᠢ ᠰᠢᠨ᠎ᠡ ᠡᠭᠦᠯᠳᠡᠷ ᠢᠶᠠᠷ ᠦᠨᠡᠯᠡᠨ ᠲᠣᠭᠲᠠᠭᠠᠬᠤ ᠠᠵᠢᠯ ᠢ ᠦᠷᠭᠦᠯᠵᠢᠯᠡᠨ ᠠᠬᠢᠭᠤᠯᠪᠠ᠃ ᠦᠵᠦᠮᠦᠴᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ ᠰᠢᠰᠲ᠋ᠧᠮ ᠢ  ᠪᠠᠶᠢᠭᠤᠯᠵᠦ᠂ 4 ᠲᠦᠮᠡᠨ ᠲᠣᠯᠣᠭᠠᠢ ᠥᠬᠢᠨ ᠲᠦᠯᠦᠭᠡ ᠳᠤ ᠬᠢᠨᠠᠨ ᠲᠤᠭᠲᠠᠭᠠᠯᠲᠠ ᠬᠢᠵᠣ᠂ 668 ᠲᠦᠮᠡᠨ ᠲᠥᠭᠦᠷᠢᠭ ᠤᠨ ᠬᠤᠨᠢᠨ ᠤ ᠠᠵᠤ ᠦᠢᠯᠡᠰ ᠤᠨ ᠨᠥᠬᠦᠪᠥᠷᠢ ᠮᠥᠩᠭᠦ ᠶᠢ ᠲᠠᠷᠬᠠᠭᠠᠪᠠ᠃ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠪᠠᠲᠤᠳᠬᠠᠨ ᠳᠡᠭᠡᠭᠰᠢᠯᠡᠭᠦᠯᠵᠦ᠂ 63 ᠭᠤᠤᠯᠳᠠᠯᠭᠠᠳᠤ ᠰᠦᠷᠦᠭ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ 1 ᠰᠠᠭᠤᠷᠢᠨ ᠭᠠᠵᠠᠷ ᠢ ᠪᠠᠶᠢᠭᠤᠯᠵᠤ᠂  ᠮᠣᠩᠭᠤᠯ ᠠᠳᠤᠭᠤᠨ ᠤ ᠬᠠᠮᠠᠭᠠᠯᠠᠯᠲᠠ ᠶᠢᠨ ᠨᠥᠬᠦᠪᠥᠷᠢ ᠮᠥᠩᠭᠦ ᠶᠢ 82 ᠲᠦᠮᠡᠨ ᠲᠥᠭᠦᠷᠢᠭ ᠲᠠᠷᠬᠠᠭᠠᠪᠠ᠃ ᠴᠠᠭᠠᠨ ᠢᠳᠡᠭᠡᠨ ᠤ ᠠᠵᠤ ᠦᠶᠯᠡᠰ ᠢ ᠬᠥᠭᠵᠢᠭᠦᠯᠬᠦ ᠪᠠᠶᠢᠯᠳᠤᠬᠤ ᠪᠣᠳᠤᠯᠭ᠎ᠠ ᠶᠢ ᠬᠡᠷᠡᠭᠵᠢᠬᠦᠯᠵᠦ᠂ SC ᠭᠡᠷᠡᠴᠢᠯᠡᠯ  ᠲᠠᠢ ᠴᠠᠭᠠᠨ ᠢᠳᠡᠭᠡᠨ ᠡᠳ᠋ᠰᠢᠭᠦᠯᠬᠦ 2 ᠠᠵᠤ ᠠᠬᠤᠶᠢᠯᠠᠯ ᠢ ᠲᠡᠳᠬᠦᠵᠦ᠂ ᠴᠠᠭᠠᠨ ᠢᠳᠡᠭᠡᠨ ᠪᠤᠯᠪᠠᠰᠤᠷᠠᠭᠤᠯᠬᠤ 1 ᠠᠵᠤ ᠠᠬᠤᠶᠢᠯᠠᠯ ᠨᠢ ︽ᠰᠢᠯᠢ ᠶᠢᠨ ᠭᠤᠤᠯ ᠤᠨ ᠴᠠᠭᠠᠨ ᠢᠳᠡᠭᠡᠨ︾ ᠤ ᠣᠷᠣᠨ ᠨᠤᠲᠤᠭ ᠤᠨ ᠨᠡᠶᠢᠲᠡ ᠶᠢᠨ ᠬᠡᠷᠡᠭᠯᠡᠭᠡᠨ ᠤ ᠨᠠᠷᠠᠲᠤ ᠳᠡᠮᠳᠡᠭ ᠢ ᠤᠯᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠣᠨᠣᠰᠢᠯᠠᠨ ᠡᠮᠨᠡᠬᠦ ᠰᠤᠳᠤᠯᠭᠠᠨ ᠤ ᠵᠢᠱᠢᠶ᠎ᠡ ᠦᠵᠡᠭᠦᠯᠬᠦ ᠲᠥᠪ ᠪᠠ ᠲᠡᠵᠢᠭᠡᠯ ᠡᠪᠡᠰᠤ ᠨᠦᠭᠡᠴᠡᠯᠡᠬᠦ 2 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠢᠳᠠᠨ ᠤ ᠦᠬᠦᠳᠡᠯ ᠢ ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠪᠠᠶᠢᠭᠤᠯᠪᠠ᠃ ᠦᠵᠦᠮᠦᠴᠢᠨ ᠬᠤᠨᠢ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠷᠪᠠᠨ ᠶᠡᠭᠡ ᠰᠢᠯᠢᠳᠡᠭ ᠡᠭᠦᠯᠳᠡᠷ ᠤᠨ ᠡᠬᠢ ᠪᠠᠶᠠᠯᠢᠭ ᠲᠤ ᠵᠢᠭᠰᠠᠭᠠᠭᠳᠠᠵᠤ᠂ ᠮᠠᠨ ᠤ ᠬᠤᠰᠢᠭᠤ ᠨᠢ ᠳᠤᠮᠳᠠᠳᠤ ᠤᠯᠤᠰ ᠤᠨ ︽ᠨᠢᠭᠡ ᠤᠷᠤᠨ ᠨᠢᠭᠡ ᠨᠡᠷᠡᠲᠦ ᠳᠡᠮᠳᠡᠭᠳᠦ︾ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃—— ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠪᠡ᠃ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ︾᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾᠂ ︽ᠳᠤᠮᠳᠠᠳᠤ ᠤᠯᠤᠰ ᠤᠨ ᠴᠠᠭᠠᠨ ᠠᠳᠤᠭᠤᠨ ᠤ ᠨᠤᠲᠤᠭ︾ ᠰᠣᠶᠣᠯ ᠵᠢᠭᠤᠯᠴᠢᠯᠠᠯ  ᠤᠨ ᠨᠡᠷᠡᠲᠦ ᠲᠡᠮᠳᠡᠭ ᠢ ᠴᠢᠷᠮᠠᠶᠢᠨ ᠡᠭᠦᠳᠴᠦ᠂ ᠴᠠᠩᠴᠦ᠋ᠨ᠂ ᠮᠦᠭᠳᠡᠨ ᠠᠴᠠ ᠮᠠᠨ ᠤ ᠬᠤᠰᠢᠭᠤᠨ ᠳᠤ ᠢᠷᠡᠬᠦ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠤᠷᠤᠭᠰᠢᠲᠠᠢ ᠨᠡᠪᠲᠡᠷᠡᠭᠦᠯᠪᠠ᠃ 5000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠤᠯᠠᠭᠠᠨ ᠤᠲᠠᠢ᠂ ᠬᠠᠪᠴᠢᠭᠠᠢ᠂ ︽ᠲᠠᠯ᠎ᠠ ᠨᠤᠲᠤᠭ ᠤᠨ ᠬᠠᠶᠢᠷ᠎ᠠ︾ ᠵᠡᠷᠭᠡ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠰ ᠳᠡᠪᠰᠢᠬᠦᠯᠵᠦ᠂ ᠤᠯᠠᠭᠠᠨ ᠤᠲᠠᠢ ᠶᠢᠨ ᠨᠤᠮᠢᠨ ᠵᠢᠷ ᠵᠤᠴᠢᠳ ᠤᠨ ᠪᠠᠭᠤᠳᠠᠯ ᠢ ᠠᠰᠢᠭᠯᠠᠯᠳᠠ ᠳᠤ ᠤᠷᠤᠭᠤᠯᠪᠠ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ  ︽99 ᠨᠣᠮᠧᠷᠲᠤ ᠵᠠᠰᠠᠮᠠᠯ ᠵᠠᠮ︾ ᠤᠨ ᠳᠠᠭᠤᠤ ᠬᠥᠭᠵᠢᠮ ᠤᠨ ᠨᠠᠶᠢᠷ᠂ ᠪᠥᠬᠦ ᠤᠯᠤᠰ ᠤᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ︽ᠮᠢᠩᠭᠠᠨ ᠲᠡᠷᠭᠡ ᠲᠦᠮᠡᠨ ᠬᠥᠮᠥᠨ︾ ᠤ ᠮᠠᠰᠢᠨ ᠮᠣᠲ᠋ᠣᠷ ᠤᠨ ᠤᠷᠤᠯᠳᠤᠭᠠᠨ᠂ ᠮᠢᠩᠭᠠᠨ ᠬᠥᠮᠥᠨ ᠤ ᠶᠠᠪᠠᠭᠠᠨ ᠠᠯᠬᠤᠬᠤ ᠤᠷᠤᠯᠳᠤᠭᠠᠨ᠂ ᠲᠠᠯ᠎ᠠ ᠨᠤᠲᠤᠭ ᠤᠨ ᠸᠠᠩ ᠳᠤᠭᠤᠢ ᠲᠡᠷᠭᠡᠨ ᠤᠷᠤᠯᠳᠤᠭᠠᠨ ᠵᠢᠴᠢ ᠭᠦᠶᠦᠯᠲᠡ ᠶᠢᠨ ᠤᠷᠤᠯᠳᠤᠭᠠᠨ᠂ ᠲᠢᠺ ᠲᠤᠺ ᠤᠨ ᠵᠠᠭᠤᠨ ᠲᠦᠮᠡᠨ ᠳᠠᠭᠠᠭᠴᠢ ᠲᠠᠢ ᠰᠦᠯᠵᠢᠶᠡᠨ ᠤ ᠤᠳᠤᠳ 99 ᠨᠣᠮᠧᠷᠲᠤ ᠵᠠᠰᠠᠮᠠᠯ ᠵᠠᠮ ᠢᠶᠠᠷ ᠵᠤᠭᠠᠴᠠᠬᠤ ᠪᠠ ᠠᠷᠪᠠᠨ ᠳᠦᠷᠪᠡᠳᠦᠭᠡᠷ ᠤᠳᠠᠭᠠᠨ ᠤ ᠠᠷᠠᠳ ᠤᠨ ᠨᠠᠶᠢᠷ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠂ ᠭᠤᠷᠤᠬᠠᠨ ᠴᠥᠬᠦᠷᠦᠮ ᠤᠨ ᠵᠢᠭᠠᠰᠤ ᠭᠦᠬᠢᠳᠡᠬᠦ ᠤᠷᠤᠯᠳᠤᠭᠠᠨ ᠵᠡᠷᠭᠡ ᠠᠯᠢ ᠣᠯᠠᠨ ᠥᠪᠡᠷᠮᠢᠴᠡ ᠣᠨᠴᠠᠯᠢᠭ ᠢᠶᠠᠷ ᠢᠯᠡ ᠲᠣᠳᠣ᠂ ᠨᠦᠯᠦᠭᠡᠯᠡᠬᠦ ᠬᠦᠴᠦᠨ ᠲᠠᠢ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 130 ᠭᠠᠷᠤᠢ ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠪᠠᠷᠤᠭ 7.8 ᠳ᠋ᠦᠩᠰᠢᠭᠤᠷ ᠲᠥᠭᠦᠷᠢᠭ ᠲᠤ ᠬᠦᠷᠪᠡ᠃ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠪᠦᠬᠦ ᠤᠯᠤᠰ ᠲᠤ ᠠᠯᠳᠠᠷᠰᠢᠵᠦ᠂ ᠨᠡᠷᠡᠲᠦ ᠲᠡᠮᠳᠡᠭ ᠤᠨ ᠠᠯᠳᠠᠷᠰᠢᠯ ᠪᠠ ᠬᠠᠯᠠᠮᠰᠢᠯ ᠦᠷᠭᠦᠯᠵᠢᠯᠡᠨ ᠳᠡᠭᠡᠭᠰᠢᠯᠡᠪᠡ᠃ ᠪᠠᠶ᠋ᠬᠠᠷᠬᠡᠳᠤ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ︽ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠭᠠᠴᠠᠭ᠎ᠠ︾ ᠪᠠᠷ ᠦᠨᠡᠯᠡᠭᠳᠡᠪᠡ᠃ ︽ᠵᠢᠭᠤᠯᠴᠢᠯᠠᠯ ᠤᠨ ᠦᠢᠯᠡᠰ ᠢ ᠳᠡᠳᠬᠦᠬᠦ ᠠᠷᠪᠠᠨ ᠵᠤᠷᠪᠤᠰ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 215 ᠲᠦᠮᠡᠨ ᠳᠦᠬᠦᠷᠢᠭ ᠤᠨ ᠱᠠᠩᠨᠠᠯ ᠤᠨ ᠮᠦᠩᠭᠦ ᠲᠠᠷᠬᠠᠭᠠᠪᠠ᠃ ᠦᠷᠯᠦᠭᠡ ᠶᠢᠨ ᠵᠠᠬ᠎ᠠ᠂ ᠰᠥᠨᠢ ᠶᠢᠨ ᠵᠠᠬ᠎ᠠ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 600 ᠲᠦᠮᠡᠨ ᠲᠥᠭᠦᠷᠢᠭ ᠲᠠᠷᠬᠠᠭᠠᠵᠤ᠂ 1440 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠡᠯᠧᠺᠲᠷᠣᠨ ᠬᠤᠳᠠᠯᠳᠤᠭᠠᠨ ᠤ ᠪᠣᠷᠣᠯᠠᠭᠤᠯᠤᠯᠲᠠ ᠶᠢᠨ ᠬᠡᠮᠵᠢᠶ᠎ᠡ 8000 ᠲᠦᠮᠡᠨ ᠲᠥᠭᠦᠷᠢᠭ ᠢ ᠳᠠᠪᠠᠵᠤ᠂ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠭᠠᠷᠳᠠᠮ ᠢ ᠭᠦᠢᠴᠡᠳᠬᠡᠪᠡ᠃ ᠮᠥᠩᠭᠦᠨ ᠭᠦᠶᠯᠭᠡᠭᠡᠨ ᠤ ᠡᠯ᠎ᠡ ᠵᠦᠶᠯ ᠤᠨ ᠬᠠᠳᠠᠭᠠᠯᠠᠮᠵᠢ ᠶᠢᠨ ᠦᠯᠡᠳᠡᠪᠦᠷᠢ 90.3 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 108 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ 12.9% ᠪᠠ 14.4% ᠪᠠᠷ ᠨᠡᠮᠡᠭᠳᠡᠪᠡ᠃ ᠬᠤᠲᠠ ᠬᠦᠲᠡᠭᠡ ᠶᠢᠨ ᠨᠡᠶᠢᠲᠡ ᠶᠢᠨ ᠮᠠᠰᠢᠨ ᠤ ᠠᠶᠠᠨᠴᠢᠳ ᠳᠡᠭᠡᠭᠡᠪᠦᠷᠢᠯᠡᠭᠰᠡᠨ ᠬᠡᠮᠵᠢᠶ᠎ᠡ 31.4 ᠲᠦᠮᠡᠨ ᠬᠥᠮᠥᠨ ᠤᠳᠠᠭ᠎ᠠ ᠳᠤ ᠬᠦᠷᠴᠦ᠂ ᠡᠭᠦᠨ ᠳᠤ 20.7 ᠲᠦᠮᠡᠨ ᠬᠥᠮᠥᠨ ᠤᠳᠠᠭ᠎ᠠ ᠠᠴᠠ ᠰᠦᠢᠳᠬᠡᠯ ᠬᠤᠷᠢᠶᠠᠭᠰᠠᠨ ᠦᠭᠡᠢ᠃ ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠠᠬᠢᠭᠤᠯᠵᠤ᠂ ᠠᠭᠤᠷᠬᠠᠶ ᠶᠢᠨ ᠠᠵᠤ ᠠᠬᠤᠶᠢᠯᠠᠯ  ᠢ ᠵᠢᠯᠤᠭᠤᠳᠤᠨ᠂ ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠵᠦ᠂ 8.2 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠭᠤᠯᠪᠠ᠃ ᠶᠤᠸᠠᠢ ᠶᠢᠨ ᠨᠡᠭᠦᠷᠡᠰᠦᠨ ᠠᠭᠤᠷᠬᠠᠶ ᠶᠢᠨ ᠵᠠᠰᠠᠯᠲᠠ ᠶᠢᠨ ᠲᠥᠷᠥᠯ ᠵᠦᠶᠯ ᠨᠢ ᠱᠠᠳᠤᠴᠢ ᠴᠢᠨᠠᠷᠳᠠᠢ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠵᠦ᠂ 12 ᠠᠭᠤᠷᠬᠠᠶ ᠨᠢ ᠪᠥᠬᠦ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠨᠡᠷᠡᠰ ᠤᠨ ᠵᠢᠭᠰᠠᠭᠠᠯᠲᠠ ᠳᠤ ᠰᠤᠩᠭᠤᠭᠳᠠᠬᠤ ᠪᠠᠷᠢᠮᠵᠢᠶᠠᠨ ᠳᠤ ᠬᠥᠷᠪᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠪᠤᠬᠢᠷᠳᠤᠯ︾ ᠢ ᠴᠡᠪᠡᠷᠯᠡᠬᠦ ᠶᠢ ᠪᠠᠶᠢᠩᠭᠤᠵᠢᠭᠤᠯᠤᠨ ᠠᠬᠢᠭᠤᠯᠵᠤ᠂ ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠦᠨᠡᠯᠡᠬᠦ ᠳᠦᠷᠢᠮ ᠢ ᠬᠡᠷᠡᠭᠵᠢᠬᠦᠯᠵᠦ᠂ ᠭᠤᠷᠣᠬᠠᠨ ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠵᠢᠯ ᠢ ᠳᠠᠭᠤᠰᠬᠠᠪᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ᠂ ᠮᠠᠯ ᠪᠡᠯᠴᠢᠭᠡᠷ ᠤᠨ ᠲᠡᠩᠴᠡᠭᠦᠷᠢ ᠶᠢᠨ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ᠂ ᠪᠡᠯᠴᠢᠭᠡᠷ ᠰᠡᠷᠭᠦᠭᠡᠬᠦ ᠨᠦᠬᠦᠪᠦᠷᠢ ᠮᠦᠩᠭᠦ ᠶᠢ ᠨᠡᠶᠢᠲᠡ 1.3 ᠳ᠋ᠦᠩᠰᠢᠭᠤᠷ ᠲᠥᠭᠦᠷᠢᠭ ᠲᠠᠷᠬᠠᠭᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠤ ᠳᠡᠰ ᠤᠨ ᠲᠤᠷᠰᠢᠯᠲᠠ ᠶᠢᠨ ᠬᠤᠰᠢᠭᠤ  ᠪᠠᠷ ᠵᠢᠭᠰᠠᠭᠠᠭᠳᠠᠪᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠤ ᠡᠯᠡᠰᠦᠷᠬᠡᠭ ᠭᠠᠵᠠᠷ ᠤᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ 10 ᠲᠦᠮᠡᠨ ᠮᠦ ᠭᠠᠵᠠᠷ ᠤᠨ ᠡᠯᠡᠰᠦ ᠶᠢ ᠲᠣᠭᠲᠠᠪᠤᠷᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ ᠶᠢ ᠪᠡᠶᠡᠯᠡᠬᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠠᠵᠢᠯ ᠢ ᠭᠦᠨᠵᠡᠭᠡᠢ ᠠᠬᠢᠭᠤᠯᠵᠤ᠂ 5 ᠨᠡᠭᠦᠷᠡᠰᠦᠨ ᠠᠭᠤᠷᠬᠠᠢ ᠨᠢ ᠪᠢᠲᠡᠭᠦᠮᠵᠢᠯᠡᠭᠰᠡᠨ ᠬᠡᠯᠪᠡᠷᠢ ᠶᠢᠨ ᠨᠡᠭᠦᠷᠡᠰᠦ ᠬᠠᠳᠠᠭᠠᠯᠠᠬᠤ ᠬᠥᠮᠥᠷᠭᠡ ᠶᠢ ᠪᠠᠶᠢᠭᠤᠯᠤᠨ᠂ 5 ᠴᠠᠬᠢᠯᠭᠠᠨ ᠦᠢᠯᠡᠳᠪᠦᠷᠢ  ᠨᠢ ᠨᠤᠨᠲᠠᠭ ᠨᠡᠭᠦᠷᠡᠰᠦᠨ ᠤ ᠦᠨᠡᠰᠦ ᠶᠢ ᠰᠢᠭᠰᠢᠬᠦ ᠲᠥᠬᠦᠭᠡᠷᠦᠮᠵᠢ ᠶᠢ ᠣᠭᠰᠠᠷᠴᠤ᠂ ᠴᠡᠪᠡᠷ ᠲᠤᠩᠭᠠᠯᠠᠭ ᠠᠭᠤᠷ ᠠᠮᠢᠰᠬᠤᠯ ᠲᠠᠢ ᠡᠳᠦᠷ ᠤᠨ ᠬᠠᠷᠢᠴᠠᠯ 98.2% ᠲᠤ ᠬᠦᠷᠪᠡ᠃ ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠤᠰᠤᠨ ᠤ ᠡᠬᠢ ᠪᠠᠶᠠᠯᠢᠭ ᠢ ᠠᠰᠢᠭᠯᠠᠬᠤ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ 1.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠨᠧᠷᠬᠢ ᠠᠷᠪᠢᠯᠠᠬᠤ 2 ᠳᠦᠷᠦᠯ ᠵᠦᠢᠯ ᠢ ᠪᠡᠶᠡᠯᠡᠭᠦᠯᠪᠡ᠃  ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ᠂ ᠨᠡᠭᠦᠷᠡᠰᠦᠨ ᠤ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠳᠤᠭᠤᠶᠢᠯᠠᠩ ᠪᠤᠯᠤᠨ ᠨᠤᠲᠤᠭ ᠪᠡᠯᠴᠢᠭᠡᠷ ᠤᠶᠢᠲᠦ ᠭᠠᠵᠠᠷ ᠢ ᠡᠪᠳᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠳᠤᠭᠤᠶᠢᠯᠠᠩ ᠠᠴᠠ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠯ ᠤᠨ ᠡᠭᠦᠷᠭᠡ ᠪᠠᠨ ᠪᠦᠬᠦᠨ ᠢ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃︵ᠳᠥᠷᠪᠡ︶ ᠰᠠᠭᠤᠷᠢ  ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠳᠡᠰ ᠤᠨ 306 ᠵᠠᠰᠮᠠᠠᠯ ᠵᠠᠮ ᠤᠨ ᠵᠡᠭᠦᠨ ᠦᠵᠦᠮᠦᠴᠢᠨ ᠠᠴᠠ ᠪᠠᠷᠠᠭᠤᠨ ᠦᠵᠦᠮᠦᠴᠢᠨ ᠬᠦᠷᠬᠦ ᠪᠥᠬᠦ ᠱᠤᠭᠤᠮ ᠢ ᠨᠡᠪᠲᠡᠷᠡᠭᠦᠯᠵᠦ᠂ ᠤᠯᠤᠰ ᠤᠨ ᠲᠡᠰ ᠤᠨ 207 ᠵᠠᠰᠠᠮᠠᠯ ᠵᠠᠮ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ  ᠢ ᠤᠯᠤᠰ ᠤᠨ ᠲᠥᠯᠥᠪᠵᠢᠭᠦᠯᠭᠡ ᠳᠤ ᠣᠷᠣᠭᠤᠯᠵᠤ᠂ ᠤᠯᠤᠰ ᠤᠨ ᠲᠡᠰ ᠤᠨ 305 ᠵᠠᠰᠠᠮᠠᠯ ᠵᠠᠮ ᠤᠨ ᠬᠥᠨᠳᠡᠯᠡᠨ  ᠠᠴᠠ ᠪᠠᠶᠠᠨᠬᠤᠸᠠ ᠬᠥᠷᠬᠦ ᠬᠡᠰᠡᠭ ᠤᠨ ᠨᠤᠲᠤᠭ ᠪᠡᠯᠴᠢᠭᠡᠷ ᠲᠠᠲᠠᠪᠤᠷᠢᠯᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 4 ᠳ᠋ᠦᠩᠰᠢᠭᠤᠷ ᠢᠯᠡᠭᠦᠦ ᠲᠥᠭᠦᠷᠢᠭ ᠤᠨ ᠪᠡᠯᠡ ᠣᠷᠣᠭᠤᠯᠤᠨ᠂ 14 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠢᠯ ᠢ ᠬᠡᠷᠡᠭᠵᠢᠭᠦᠯᠵᠦ᠂ ᠵᠡᠭᠡᠯᠢ ᠶᠢᠨ ᠥᠨᠴᠥᠭ ᠲᠤ 4 ᠵᠢᠵᠢᠭ ᠴᠡᠴᠡᠷᠯᠢᠭ ᠢ ᠪᠠᠶᠢᠭᠤᠯᠵᠦ᠂ ᠬᠤᠲᠠ ᠪᠠᠯᠭᠠᠰᠤᠨ ᠤ ᠵᠡᠭᠡᠯᠢ ᠭᠤᠳᠤᠮᠵᠢ ᠶᠢ 10 ᠵᠤᠷᠪᠤᠰ ᠵᠠᠰᠠᠨ ᠰᠠᠶᠢᠵᠢᠷᠠᠭᠤᠯᠵᠦ᠂ ᠬᠠᠳᠠᠲᠤ ᠪᠠᠷᠢᠯᠭ᠎ᠠ ᠶᠢᠨ ᠮᠠᠲ᠋ᠧᠷᠢᠶᠠᠯ ᠤᠨ ᠬᠦᠷᠢᠶᠡᠯᠡᠩ ᠠᠴᠠ ᠬᠤᠲᠠ ᠲᠤᠭᠤᠷᠢᠭ ᠬᠦᠷᠬᠦ ᠵᠠᠮ᠂ ᠶᠠᠩ ᠭᠤᠸᠠᠩ ᠰᠠᠭᠤᠭᠠᠯᠢ ᠠᠷᠠᠳ ᠤᠨ ᠲᠣᠭᠤᠷᠢᠭ ᠠᠴᠠ ᠶᠢᠨ ᠱᠠᠨ ᠴᠠᠬᠢᠯᠭᠠᠨ ᠦᠢᠯᠡᠳᠪᠦᠷᠢ ᠬᠦᠷᠬᠦ ᠵᠠᠮ ᠢ ᠥᠷᠭᠡᠳᠬᠡᠬᠦ ᠢᠨᠵᠧᠨᠧᠷᠢᠩ ᠵᠢᠴᠢ ᠴᠠᠶᠢᠳᠠᠮ ᠵᠠᠮ ᠤᠨ ᠬᠤᠷᠠᠯ ᠦᠵᠡᠰᠬᠦᠯᠡᠩ ᠤᠨ ᠲᠥᠪ ᠤᠨ ᠭᠡᠰᠡᠭ ᠵᠠᠮ ᠱᠤᠭᠤᠮ ᠢ ᠵᠠᠰᠠᠵᠦ᠂ ᠭᠤᠷᠣᠬᠠᠨ ᠵᠡᠭᠡᠯᠢ ᠠᠴᠠ ᠲᠤᠭᠤᠷᠢᠭᠤᠯ ᠵᠠᠮ ᠤᠨ ᠵᠡᠭᠦᠨ ᠭᠡᠰᠡᠭ ᠬᠦᠷᠬᠦ ᠵᠠᠰᠠᠮᠠᠯ ᠵᠠᠮ ᠢ ᠵᠠᠰᠠᠬᠤ ᠠᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠬᠤᠲᠠ ᠪᠠᠯᠭᠠᠰᠤᠨ ᠤ 22 ᠲᠦᠮᠡᠨ ᠲᠡᠭᠰᠢ ᠳᠥᠷᠪᠡᠯᠵᠢᠨ ᠮᠧᠲᠷ ᠤᠨ ᠵᠠᠮ ᠤᠨ ᠭᠠᠳᠠᠷᠭᠤ ᠶᠢ ᠵᠠᠰᠠᠵᠦ᠂ 9 ᠲᠦᠮᠡᠨ ᠲᠡᠭᠰᠢ ᠳᠥᠷᠪᠡᠯᠵᠢᠨ ᠮᠧᠲᠷ ᠤᠨ ᠶᠠᠪᠠᠭᠠᠨ ᠬᠦᠮᠦᠨ ᠤ ᠵᠠᠮ ᠢ ᠰᠡᠯᠪᠢᠨ ᠵᠠᠰᠠᠪᠠ ᠃ 5.3 ᠺᠢᠯᠤᠮᠧᠲᠷ ᠤᠨ ᠤᠰᠤ ᠭᠠᠳᠠᠭᠰᠢᠯᠠᠭᠤᠯᠬᠤ ᠬᠤᠭᠤᠯᠠᠢ ᠶᠢ ᠥᠭᠡᠷᠡᠴᠢᠯᠡᠨ ᠵᠠᠰᠠᠵᠤ᠂ 496 ᠡᠾᠧᠺᠲ᠋ᠠᠷ ᠭᠠᠵᠠᠷ ᠢ ᠨᠣᠭᠤᠭᠠᠷᠠᠭᠤᠯᠤᠨ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ ᠪᠠᠶ᠋ᠬᠠᠭᠤᠯᠠ ᠲᠡᠷᠭᠡᠨ ᠵᠣᠭᠰᠣᠭᠠᠯ ᠤᠨ ᠭᠠᠵᠠᠷ᠂ ᠬᠤᠷᠠᠯ ᠦᠵᠡᠰᠬᠦᠯᠡᠩ ᠤᠨ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠰᠢᠭᠤᠨ ᠤ ᠡᠮᠦᠨ᠎ᠡ ᠬᠤᠶᠢᠨᠠᠬᠢ ᠭᠠᠷᠬᠤ ᠵᠠᠮ ᠤᠨ ᠠᠭᠤᠯᠵᠠᠭᠤᠷ ᠲᠤ ᠭᠤᠣᠯ ᠰᠡᠳᠦᠪᠲᠦ ᠱᠤᠭᠤᠮᠠᠯ ᠢ ᠪᠠᠶᠢᠭᠤᠯᠵᠤ ᠳᠠᠭᠤᠰᠬᠠᠪᠠ᠃ ᠪᠠᠶᠠᠨᠭᠤᠣᠯ ᠵᠠᠮ᠂ ᠦᠵᠦᠮᠦᠴᠢᠨ ᠵᠡᠭᠡᠯᠢ ᠶᠢᠨ ᠠᠰᠠᠷ ᠤᠨ ᠭᠡᠷᠡᠯᠲᠦᠭᠦᠯᠭᠡ ᠶᠢᠨ ᠠᠵᠢᠯ ᠢ ᠬᠡᠷᠡᠭᠵᠢᠬᠦᠯᠦᠨ᠂ 343 ᠵᠠᠮ ᠤᠨ ᠳ᠋ᠧᠩ ᠢ ᠰᠢᠨᠡᠳᠬᠡᠪᠡ᠃ ᠢ ᠾᠧ ᠸᠠᠨ ᠰᠠᠭᠤᠭᠠᠯᠢ ᠠᠷᠠᠳ ᠤᠨ ᠳᠤᠭᠤᠷᠢᠭ ᠤᠨ ᠰᠤᠯᠠ ᠬᠠᠶᠠᠭᠳᠠᠭᠰᠠᠨ ᠬᠤᠳᠠᠯᠳᠤᠭᠠᠨ ᠤ ᠠᠰᠠᠷ ᠢ ᠵᠠᠰᠠᠵᠤ᠂ 13 ᠵᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ 1100 ᠲᠦᠮᠡᠨ ᠲᠥᠭᠦᠷᠢᠭ ᠤᠨ ᠪᠠᠯᠠ ᠣᠷᠣᠭᠤᠯᠤᠨ᠂ 6 ᠬᠠᠭᠤᠴᠢᠨ ᠰᠠᠭᠤᠭᠠᠯᠢ ᠲᠣᠭᠤᠷᠢᠭ  ᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 218 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠪᠠᠯᠭᠠᠷᠭᠤᠤᠯ ᠪᠠᠯᠭᠠᠰᠤᠨ ᠤ ᠭᠡᠷ ᠪᠠᠶᠢᠰᠢᠩ ᠢ ᠲᠠᠲᠠᠪᠤᠷᠢᠯᠠᠬᠤ ᠭᠡᠷ᠎ᠡ ᠲᠣᠭᠲᠠᠬᠤ ᠪᠠ ᠲᠥᠪᠬᠢᠨᠡᠭᠦᠯᠬᠦ ᠨᠥᠬᠦᠪᠥᠷᠢ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ 187 ᠡᠷᠦᠬᠡ ᠲᠠᠢ ᠬᠡᠯᠡᠯᠴᠡᠭᠡᠷ ᠲᠣᠭᠲᠠᠵᠤ᠂ 262 ᠡᠷᠦᠬᠡ ᠶᠢᠨ ᠭᠡᠷ ᠪᠠᠶᠢᠰᠢᠩ ᠢ ᠨᠤᠷᠠᠭᠠᠨ᠂ 1.15 ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠮᠥᠩᠭᠦ ᠶᠢ ᠲᠠᠷᠬᠠᠭᠠᠪᠠ᠃ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢ ᠦᠨᠡᠯᠡᠨ ᠲᠤᠭᠲᠠᠭᠠᠬᠤ ᠪᠠᠷ ᠭᠤᠶᠤᠴᠢᠯᠠᠨ ᠮᠡᠳᠡᠬᠦᠯᠬᠦ ᠪᠠ ᠠᠵᠦ ᠦᠢᠯᠡᠳᠪᠦᠷᠢ ᠶᠢᠨ ᠳᠤᠭᠤᠷᠢᠭ ᠢ ᠳᠡᠰ ᠳᠡᠪᠰᠢᠭᠦᠯᠬᠦ ᠲᠣᠭᠤᠷᠢᠨ ᠳᠤ ᠳᠦᠭᠡᠭᠡᠯ ᠤᠰᠤ᠂ ᠨᠡᠶᠢᠲᠡ ᠶᠢᠨ ᠳᠤᠯᠠᠭᠠᠯᠠᠭ᠎ᠠ ᠂ ᠵᠠᠮ ᠨᠡᠪᠲᠡᠷᠡᠬᠦᠯᠭᠡ ᠵᠡᠷᠭᠡ ᠭᠤᠣᠯᠳᠠᠯᠭ᠎ᠠ ᠲᠠᠢ 12 ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠪᠠᠶᠠᠨᠬᠤᠸᠠ ᠭᠠᠯᠲᠤ ᠲᠡᠷᠭᠡᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ 4 ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠬᠦᠯᠵᠦ᠂ ᠬᠤᠰᠢᠭᠤ ᠲᠣᠭᠤᠷᠢᠭ ᠠᠴᠠ ᠪᠠᠶᠠᠨᠬᠤᠸᠠ ᠪᠠᠯᠭᠠᠰᠤ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠢ ᠨᠡᠪᠲᠡᠷᠡᠬᠦᠯᠪᠡ᠃ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠥᠨᠥ ᠵᠢᠯ ᠤᠨ 5 ᠰᠠᠷ᠎ᠠ ᠳᠤ ᠠᠩᠬᠠᠨ ᠤ ᠨᠢᠰᠦᠯᠲᠡ ᠶᠢ ᠪᠡᠶᠡᠯᠡᠬᠦᠯᠬᠦ ᠪᠠᠷ ᠴᠢᠷᠮᠠᠶᠢᠵᠦ ᠪᠠᠶᠢᠨ᠎ᠠ᠃ ︵ᠲᠠᠪᠤ︶  ᠬᠥᠳᠡᠭᠡ‌‍ᠲ᠋ᠤᠰᠬᠤᠨ ᠮᠠᠯᠵᠢᠬᠤ ᠣᠷᠣᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ  ᠵᠢᠱᠢᠶ᠎ᠡ ᠦᠵᠡᠬᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠦ᠂ ᠤᠯᠤᠰ ᠤᠨ ᠲᠡᠰ ᠤᠨ 3᠂ ᠣᠷᠣᠨ ᠤ ᠲᠡᠰ ᠤᠨ 1᠂ ᠠᠶᠢᠮᠠᠭ ᠤᠨ ᠳᠡᠰ ᠤᠨ 3 ᠂ ᠬᠤᠰᠢᠭᠤ ᠲᠡᠰ ᠤᠨ 8 ᠵᠢᠱᠢᠶ᠎ᠡ ᠦᠵᠡᠭᠦᠯᠬᠦ ᠭᠠᠴᠠᠭ᠎ᠠ ᠶᠢ ᠠᠮᠵᠢᠯᠳᠠᠳᠠᠢ ᠲᠠᠩᠰᠠᠯᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠨᠡᠶᠢᠲᠡ 4000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 25 ᠲᠥᠷᠥᠯ ᠵᠦᠶᠯ ᠢ ᠬᠡᠷᠡᠭᠵᠢᠬᠦᠯᠪᠡ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠨᠢᠭᠡᠳᠦᠯᠲᠡᠢ ᠲᠥᠯᠥᠪᠵᠢᠭᠦᠯᠦᠨ᠂ 96 ᠬᠤᠳᠳᠤᠭ ᠰᠢᠨ᠎ᠡ ᠪᠠᠷ ᠮᠠᠯᠲᠠᠵᠤ᠂ 30 ᠡᠷᠦᠬᠡ ᠳᠤ ᠲᠦᠭᠡᠭᠡᠯ ᠤᠰᠤ ᠤᠷᠤᠭᠤᠯᠤᠨ᠂ 7 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠬᠡᠪᠡ᠃ ᠮᠠᠯᠵᠢᠬᠤ ᠣᠷᠣᠨ ᠤ 11 ᠵᠤᠷᠪᠤᠰ 273 ᠺᠢᠯᠤᠮᠧᠲᠷ ᠤᠨ ᠵᠠᠰᠠᠮᠠᠯ ᠵᠠᠮ ᠢ ᠦᠷᠭᠦᠯᠵᠢᠯᠡᠨ ᠵᠠᠰᠠᠵᠦ᠂ 10 ᠵᠤᠷᠪᠤᠰ 126 ᠺᠢᠯᠤᠮᠧᠲᠷ ᠤᠨ ᠵᠠᠰᠠᠮᠠᠯ ᠵᠠᠮ ᠪᠠ 48 ᠵᠤᠷᠪᠤᠰ 275 ᠺᠢᠯᠤᠮᠧᠲᠷ ᠤᠨ ᠡᠪᠳᠡᠭᠳᠡᠭᠰᠡᠨ ᠵᠠᠮ ᠢ ᠵᠠᠰᠠᠨ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ 7 ᠳᠦᠷᠦᠯ ᠤᠨ ᠴᠠᠬᠢᠯᠭᠠᠨ ᠲᠣᠣᠷ ᠤᠨ ᠰᠠᠭᠤᠷᠢ ᠢᠨᠵᠧᠨᠧᠷᠢᠩ ᠢ ᠪᠡᠶᠡᠯᠡᠬᠦᠯᠵᠦ᠂ 479 ᠡᠷᠦᠭᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠦᠨ᠂ ᠥᠨᠳᠦᠷ ᠬᠦᠴᠦᠳᠡᠯ ᠲᠠᠢ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠳᠦᠬᠦᠭᠡᠷᠦᠮᠵᠢ 140 ᠶᠢ ᠤᠭᠰᠠᠷᠠᠵᠤ᠂ ᠪᠦᠬᠦ ᠬᠤᠰᠢᠭᠤᠨ ᠤ ᠴᠠᠬᠢᠯᠭᠠᠨ ᠨᠡᠪᠲᠡᠷᠡᠭᠡᠳᠦᠢ ᠬᠠᠮᠤᠭ ᠰᠡᠭᠦᠯᠴᠢ ᠶᠢᠨ 7 ᠭᠠᠴᠠᠭᠠᠨ ᠤ ᠠᠯᠪᠠᠨ ᠭᠡᠷ ᠲᠤ ᠴᠥᠮ ᠴᠠᠬᠢᠯᠭᠠᠨ ᠨᠡᠪᠲᠡᠷᠡᠭᠦᠯᠪᠡ᠃ 5G ᠴᠢᠮᠡᠭᠡ ᠨᠡᠪᠳᠡᠷᠡᠬᠦᠯᠭᠡ ᠶᠢᠨ ᠰᠠᠭᠤᠷᠢ ᠥᠷᠲᠡᠭᠡ 60 ᠶᠢ ᠰᠢᠨ᠎ᠡ ᠪᠠᠷ ᠪᠠᠶᠢᠭᠤᠯᠤᠨ᠂ ᠮᠠᠯᠵᠢᠬᠤ ᠣᠷᠣᠨ ᠤ ᠴᠢᠮᠡᠭᠡ ᠬᠤᠯᠪᠣᠭᠠᠨ ᠤ ᠳᠣᠬᠢᠶ᠎ᠠ ᠦᠭᠡᠢ ᠡᠷᠦᠬᠡ ᠳᠤ ᠲᠤᠬᠢᠶ᠎ᠠ ᠨᠡᠪᠳᠡᠷᠡᠬᠦᠯᠬᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠬᠦᠯᠪᠡ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂  ᠭᠡᠷ ᠬᠤᠲᠠ ᠪᠠᠨ ᠴᠡᠪᠡᠷᠯᠡᠬᠦ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠬᠤᠭ ᠨᠤᠪᠰᠢ ᠬᠤᠷᠢᠶᠠᠨ ᠴᠤᠭᠯᠠᠭᠤᠯᠬᠤ ᠴᠡᠭ 9 ᠶᠢ ᠪᠠᠶᠢᠭᠤᠯᠵᠤ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ 100% ᠳᠤ ᠬᠦᠷᠪᠡ᠃ 292 ᠮᠠᠯᠵᠢᠬᠤ ᠡᠷᠦᠬᠡ ᠳᠤ ᠵᠣᠷᠯᠣᠩ ᠪᠠᠷᠢᠵᠦ ᠥᠭᠴᠦ᠂ 33 ᠭᠠᠴᠠᠭ᠎ᠠ ᠶᠢ ᠨᠣᠭᠤᠭᠠᠷᠠᠭᠤᠯᠤᠨ ᠭᠤᠶᠤᠵᠢᠭᠤᠯᠵᠤ᠂ ᠭᠠᠴᠠᠭ᠎ᠠ ᠲᠣᠰᠬᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠭᠡᠪᠡ᠃     ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠬᠦᠯᠪᠡ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠲᠡᠷᠢᠭᠦᠨ ᠢᠨᠵᠧᠨᠧᠷᠢᠩ ᠪᠣᠯᠭᠠᠵᠤ᠂ ᠠᠷᠠᠯᠵᠢᠶᠠᠴᠢᠨ ᠤᠷᠢᠬᠤ ᠠᠵᠢᠯ  ᠢ ᠶᠡᠬᠡᠪᠡᠷ ᠦᠷᠨᠢᠬᠦᠯᠦᠨ᠂ ᠤᠷᠢᠳ ᠬᠤᠵᠢᠳ ᠪᠡᠭᠡᠵᠢᠩ᠂ ᠲᠢᠶᠠᠨᠵᠢᠨ ᠵᠡᠷᠭᠡ ᠭᠠᠵᠠᠷ ᠲᠤ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ ᠢ ᠡᠷᠬᠢᠯᠡᠵᠦ᠂ 44 ᠲᠥᠷᠥᠯ ᠵᠦᠢᠯ ᠤᠨ ᠭᠡᠷ᠎ᠡ ᠶᠢ ᠲᠤᠭᠲᠠᠵᠤ᠂ ᠬᠡᠯᠡᠯᠴᠡᠭᠡᠷ ᠲᠤ ᠲᠤᠭᠲᠠᠭᠰᠠᠨ ᠪᠡᠯᠡ ᠣᠷᠣᠭᠤᠯᠤᠯᠲᠠ ᠨᠢ 144 ᠳ᠋ᠦᠩᠰᠢᠭᠤᠷ ᠲᠥᠭᠦᠷᠢᠭ ᠲᠤ ᠬᠦᠷᠴᠦ᠂ ᠣᠷᠣᠨ ᠤ ᠭᠠᠳᠠᠨ᠎ᠠ ᠠᠴᠠ ᠪᠡᠯᠡ ᠲᠠᠲᠠᠬᠤ ᠠᠵᠢᠯ ᠢ 52.2 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠵᠢᠯ ᠤᠨ ᠡᠭᠦᠷᠭᠡ ᠪᠠᠨ 109% ᠪᠠᠷ ᠳᠠᠪᠠᠭᠤᠯᠤᠨ ᠪᠡᠶᠡᠯᠡᠭᠦᠯᠪᠡ᠃ ᠵᠥᠩ ᠭᠤᠸᠠᠩ ᠴᠧᠨ ᠴᠡᠪᠡᠷ ᠡᠨᠧᠷᠭᠢ᠂ ᠬᠤᠸᠠ ᠴᠤᠸᠠᠩ ᠨᠤᠨᠳᠠᠭ ᠨᠡᠭᠦᠷᠡᠰᠦᠨ ᠤ ᠦᠨᠡᠰᠦ᠂ ᠴᠢᠶᠠᠨ ᠬᠥᠦ ᠴᠠᠬᠢᠯᠭᠠᠨ ᠵᠢᠭᠤᠴᠢᠯᠠᠭᠤᠷ᠂ ᠯᠢᠶᠠᠩ ᠢ ᠠᠮᠢᠳᠤ ᠪᠣᠳᠠᠰ᠂ ᠰᠢᠨ ᠨᠢᠦ ᠲᠧᠭᠨᠢᠭ ᠮᠡᠷᠭᠡᠵᠢᠯ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠯᠬᠢᠶᠡᠵᠢᠯ ᠢ ᠤᠷᠳᠤᠳᠬᠠᠨ ᠬᠡᠯᠪᠡᠷᠢ ᠶᠢ ᠬᠤᠪᠢᠷᠠᠭᠤᠯᠬᠤ ᠳᠦᠷᠦᠯ ᠵᠦᠢᠯ ᠢ ᠲᠠᠲᠠᠨ ᠠᠪᠴᠢᠷᠠᠵᠤ᠂ ᠠᠷᠠᠯᠵᠢᠶᠠᠴᠢᠨ ᠤᠷᠢᠵᠤ ᠪᠡᠯᠡ ᠲᠠᠲᠠᠭᠰᠠᠨ ᠲᠥᠷᠥᠯ ᠵᠦᠢᠯ ᠢ ᠠᠵᠢᠯ ᠡᠬᠢᠯᠡᠭᠦᠯᠦᠭᠰᠡᠨ ᠨᠤᠷᠮ᠎ᠠ ᠪᠦᠬᠦ ᠠᠶᠢᠮᠠᠭ ᠲᠤ ᠲᠡᠷᠢᠬᠦᠯᠡᠪᠡ᠃ ᠠᠷᠠᠯᠵᠢᠶᠠᠴᠢᠨ ᠤᠷᠢᠵᠦ ᠪᠡᠯᠡ ᠲᠠᠲᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ 350 ᠲᠦᠮᠡᠨ ᠲᠥᠭᠦᠷᠢᠭ ᠤᠨ ᠱᠠᠩᠨᠠᠯ ᠤᠨ ᠮᠦᠩᠭᠦ ᠲᠠᠷᠬᠠᠭᠠᠪᠠ᠃ 3.6 ᠲᠦᠮᠡᠨ ᠲᠡᠭᠰᠢ ᠳᠥᠷᠪᠡᠯᠵᠢᠨ ᠮᠧᠲᠷ ᠤᠨ ᠬᠦᠩᠭᠡᠨᠴᠠᠭᠠᠨ ᠤ ᠮᠠᠲ᠋ᠧᠷᠢᠶᠠᠯ ᠤᠨ ᠠᠩᠬᠠᠨ ᠤ ᠪᠦᠳᠦᠭᠡᠭᠳᠡᠬᠦᠨ ᠤ ᠪᠠᠷᠢᠮᠵᠢᠶᠠᠲᠤ ᠦᠶᠯᠡᠳᠪᠦᠷᠢ ᠶᠢᠨ ᠲᠥᠷᠦᠯ ᠵᠦᠢᠯ  ᠢ ᠠᠵᠢᠯ ᠡᠬᠢᠯᠡᠬᠦᠯᠦᠨ ᠪᠠᠶᠢᠭᠤᠯᠪᠠ᠃ ᠬᠠᠤᠯᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠶᠡᠬᠡᠪᠡᠷ ᠴᠡᠭᠴᠡᠯᠡᠨ ᠵᠠᠰᠠᠵᠤ᠂ ᠠᠭᠤᠷᠬᠠᠢ ᠶᠢᠨ ᠣᠷᠣᠨ ᠤ ᠡᠷᠭᠢᠨ ᠲᠣᠭᠤᠷᠢᠨ ᠳᠤ ᠵᠦᠪᠰᠢᠶᠡᠷᠡᠯ ᠦᠭᠡᠢ ᠪᠠᠷ ᠪᠠᠷᠢᠭᠰᠠᠨ 6.8 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢ ᠨᠤᠷᠠᠭᠠᠨ ᠴᠡᠭᠴᠡᠯᠡᠪᠡ᠃ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠠᠷᠳᠠᠮ ᠢ ᠴᠤᠮᠬᠠᠳᠬᠠᠨ ᠳᠦᠬᠦᠮᠴᠢᠯᠡᠭᠰᠡᠨ ᠬᠠᠷᠢᠴᠠᠯ 47% ᠳᠤ ᠬᠦᠷᠪᠡ᠃ 62 ᠵᠦᠢᠯ ᠤᠨ ᠪᠠᠶᠢᠩᠭᠤ ᠶᠢᠨ ᠭᠠᠷᠳᠠᠮ ᠢ ᠬᠠᠰᠤᠨ ᠬᠡᠯᠲᠦᠷᠢᠭᠦᠯᠵᠦ᠂ ᠠᠵᠤ ᠠᠬᠤᠶᠢᠯᠠᠯ ᠡᠷᠭᠢᠯᠡᠬᠦ ᠳᠤ ᠬᠡᠷᠡᠭᠯᠡᠬᠦ 13 ᠵᠦᠢᠯ ᠤᠨ ᠭᠠᠷᠳᠠᠮ ᠢ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ ᠭᠦᠶᠴᠡᠳᠬᠡᠬᠦ᠂ 111 ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾᠂ ᠤᠰᠤ ᠴᠠᠬᠢᠯᠭᠠᠨ ᠳᠤᠯᠠᠭᠠᠯᠠᠭ᠎ᠠ ᠵᠡᠷᠭᠡ 7 ᠠᠷᠠᠳ ᠤᠨ ᠠᠮᠢᠳᠤᠷᠠᠯ ᠤᠨ ᠬᠡᠷᠡᠭᠯᠡᠭᠡ ᠶᠢ ︽ᠮᠥᠩᠬᠡ ᠰᠤᠪᠠᠭ︾ APP ᠳᠤ ᠤᠷᠤᠭᠤᠯᠬᠤ ᠶᠢ  ᠪᠡᠶᠡᠯᠡᠬᠦᠯᠪᠡ᠃ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠪᠠᠷ ᠬᠦᠯᠢᠶᠡᠨ ᠠᠪᠤᠭᠰᠠᠨ ᠠᠰᠠᠭᠤᠳᠠᠯ ᠢ ᠰᠢᠶᠳᠪᠦᠷᠢᠯᠡᠭᠰᠡᠨ ᠨᠣᠷᠮ᠎ᠠ 99.96% ᠳᠤ ᠬᠦᠷᠴᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠳᠦᠰᠦᠨ ᠱᠠᠲᠤ ᠲᠡᠶᠢᠰᠢ ᠭᠦᠨᠵᠡᠭᠡᠶᠢᠷᠡᠬᠦᠯᠬᠦ ᠠᠬᠤᠢ ᠲᠠᠯᠠᠪᠠᠶ ᠶᠢᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ︽ᠲᠠᠨ ᠢ ᠬᠠᠪᠰᠤᠷᠤᠨ ᠭᠦᠢᠴᠡᠳᠬᠡᠬᠦ + ᠠᠵᠢᠯ ᠤᠨ ᠥᠭᠡᠷᠡᠴᠢᠯᠡᠯᠲᠡ + N︾ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠦ᠂ 127 ᠳᠦᠷᠦᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠪᠠ᠃ 1 ᠬᠠᠮᠳᠤ ᠨᠢᠭᠡᠴᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠬᠠᠮᠳᠤ ᠨᠢᠭᠡᠴᠡ ᠪᠠᠷ ᠦᠨᠡᠯᠡᠭᠳᠡᠵᠦ᠂ 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠨ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠦᠭᠡᠢ ᠪᠠᠶᠢᠭᠰᠠᠨ ᠲᠡᠤᠬᠡ ᠶᠢ ᠡᠴᠦᠰᠯᠡᠬᠦᠯᠪᠡ᠃︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ——  ᠰᠤᠷᠭᠠᠨ ᠬᠦᠮᠦᠵᠢᠯ ᠤᠨ ᠠᠵᠢᠯ ᠤᠨ ᠲᠠᠯ᠎ᠠ ᠪᠠᠷ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠨᠥᠬᠦᠴᠡᠯ  ᠢ ᠦᠷᠭᠦᠯᠵᠢᠯᠡᠨ ᠰᠠᠶᠢᠵᠢᠷᠠᠭᠤᠯᠵᠤ᠂ ᠬᠤᠭᠤᠯᠠᠳᠤ ᠶᠢᠨ ᠭᠤᠣᠯ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ᠂ 8 ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠰᠡᠷᠭᠡᠶᠢᠯᠡᠬᠦ ᠳᠦᠬᠦᠭᠡᠷᠦᠮᠵᠢ ᠶᠢᠨ ᠥᠭᠡᠷᠡᠴᠢᠯᠡᠯᠲᠡ ᠪᠠ 2 ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠴᠢ ᠲᠤᠷᠰᠢᠯᠲᠠ ᠶᠢᠨ ᠲᠠᠰᠤᠭ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠪᠡᠶᠡᠯᠡᠭᠦᠯᠵᠦ᠂ ᠶᠡᠷᠦᠩᠬᠡᠶᠢᠯᠡᠭᠰᠡᠨ ᠥᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠠᠰᠢᠭᠯᠠᠯᠳᠠ ᠳᠤ ᠤᠷᠤᠭᠤᠯᠪᠠ᠃ ︽ᠬᠤᠣᠰ ᠨᠢᠭᠡᠳᠦᠭᠡᠷ ᠲᠡᠰ ᠤᠨ ᠶᠡᠭᠡ ᠰᠤᠷᠭᠠᠭᠤᠯᠢ︾ ᠠᠴᠠ ᠲᠡᠭᠦᠰᠦᠭᠰᠡᠨ ᠰᠤᠷᠤᠭᠴᠢ ᠶᠢ ᠢᠯᠡ ᠪᠠᠷ ᠤᠷᠢᠨ ᠬᠡᠷᠡᠭᠯᠡᠬᠦ ᠵᠡᠷᠭᠡ ᠠᠷᠭ᠎ᠠ ᠪᠠᠷ ᠳᠠᠮᠵᠢᠭᠤᠯᠤᠨ᠂ 58 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠡᠯᠰᠡᠪᠡ᠃ ᠪᠤᠭᠤᠲᠤ᠂ ᠣᠷᠳᠣᠰ ᠵᠡᠷᠭᠡ ᠭᠠᠵᠠᠷ ᠣᠷᠣᠨ ᠤ ᠨᠠᠷᠠᠲᠤ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠵᠦᠪᠳᠡᠯᠴᠡᠭᠡᠷ ᠲᠣᠭᠲᠠᠪᠠ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠤᠷᠣᠬᠤ ᠨᠣᠷᠮ᠎ᠠ 4.8 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠠᠶᠢᠮᠠᠭ ᠲᠤ ᠲᠠᠪᠤᠳᠤᠭᠠᠷ ᠲᠤ ᠵᠢᠭᠰᠠᠭᠠᠭᠳᠠᠪᠠ᠃ ᠭᠤᠤᠯᠳᠠᠯᠭ᠎ᠠ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠭᠰᠠᠨ ᠨᠣᠷᠮ᠎ᠠ 3 ᠵᠠᠭᠤᠨ ᠤ ᠬᠤᠪᠢ  ᠶᠢᠨ ᠴᠡᠭ ᠳᠡᠭᠡᠭᠰᠢᠯᠡᠪᠡ᠃ —— ᠡᠷᠡᠬᠦᠯ ᠬᠠᠮᠠᠭᠠᠯᠠᠯ ᠤᠨ ᠠᠵᠢᠯ ᠤᠨ ᠲᠠᠯ᠎ᠠ ᠪᠠᠷ᠂  ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠡᠷᠡᠭᠦᠯᠵᠢᠭᠦᠯᠬᠦ ᠰᠠᠯᠠᠭ᠎ᠠ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠶᠢ ᠲᠦᠷᠭᠡᠨ ᠠᠪᠤᠷᠬᠠᠤ ᠲᠥᠪ᠂ ᠠᠮᠢᠰᠬᠤᠯ ᠤᠨ ᠬᠦᠨᠳᠦ ᠡᠪᠡᠳᠴᠢᠨ  ᠤ ᠰᠠᠯᠠᠭ᠎ᠠ ᠶᠢ ᠨᠠᠮᠠᠨ ᠪᠠᠶᠢᠭᠤᠯᠵᠤ᠂ ᠬᠡᠤᠬᠡᠳ ᠤᠨ ᠰᠠᠯᠠᠭᠠᠨ ᠤ ᠡᠮᠨᠡᠯᠭᠡ ᠳᠤ ᠰᠠᠭᠤᠬᠤ ᠭᠠᠵᠠᠷ ᠢ ᠪᠠᠶᠢᠭᠤᠯᠤᠨ᠂ ᠰᠢᠳᠦᠨ ᠤ ᠰᠠᠯᠠᠭᠠᠨ ᠤ ᠨᠠᠷᠠᠲᠤ ᠡᠮᠴᠢ ᠶᠢᠨ ᠠᠵᠢᠯᠯᠠᠬᠤ ᠲᠠᠰᠤᠭ ᠢ ᠪᠠᠶᠢᠭᠤᠯᠵᠤ᠂ ᠠᠷᠠᠳ ᠳᠦᠮᠡᠨ ᠳᠤ ᠨᠡᠩ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ ᠪᠠᠷ ᠤᠷᠢᠨ ᠬᠡᠷᠡᠭᠯᠡᠪᠡ᠃ ᠠᠯᠪᠠᠨ ᠠᠴᠠ ᠪᠠᠶᠢᠭᠤᠯᠤᠭᠰᠠᠨ 2 ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶᠠᠨ ᠤ ᠳᠠᠬᠢᠨ ᠰᠢᠯᠭᠠᠯᠳᠠ ᠳᠤ ᠬᠢᠷᠢ ᠲᠡᠩᠴᠡᠪᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠠᠬᠢᠭᠤᠯᠪᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ᠂ ᠪᠠᠶᠠᠨᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠢᠨ ᠠᠪᠴᠢᠷᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ 16  ᠲᠤᠰᠬᠠᠢ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠨ ᠬᠡᠷᠡᠭᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠤ ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠯᠲᠠ ᠳᠤ ᠬᠢᠷᠢ ᠲᠡᠩᠴᠡᠪᠡ᠃ —— ᠠᠷᠠᠳ ᠤᠨ ᠠᠮᠢᠳᠤᠷᠠᠯ ᠤᠨ ᠠᠵᠢᠯ ᠤᠨ ᠲᠠᠯ᠎ᠠ ᠪᠠᠷ᠂ ᠪᠥᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠂ ᠬᠤᠲᠠ ᠪᠠᠯᠭᠠᠰᠤᠨ ᠤ 1300 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠲᠠ ᠤᠷᠤᠭᠰᠠᠨ 4147 ᠮᠠᠯᠴᠢᠨ ᠲᠠᠷᠢᠶᠠᠴᠢᠨ ᠳᠤ ᠠᠵᠢᠯ ᠣᠯᠭᠤᠵᠤ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠬᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 1.51% ᠪᠣᠯᠪᠠ᠃ ᠠᠵᠢᠯ ᠦᠶᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠤ ᠨᠡᠶᠢᠭᠡᠮ ᠤᠨ ᠳᠠᠭᠠᠳᠬᠠᠯ ᠤᠨ ᠨᠦᠬᠦᠪᠦᠷᠢ ᠵᠡᠷᠭᠡ ᠪᠠᠯᠠ ᠮᠥᠩᠭᠦ ᠶᠢ 5200 ᠭᠠᠷᠤᠶ ᠲᠦᠮᠡᠨ ᠲᠥᠭᠦᠷᠢᠭ ᠲᠠᠷᠬᠠᠭᠠᠵᠦ᠂ ᠰᠤᠯᠠ ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠢ ᠪᠠᠶᠢᠭᠤᠯᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠨᠦᠬᠦᠪᠦᠷᠢ᠂ ᠲᠦᠷ ᠴᠠᠭ ᠤᠨ ᠠᠪᠤᠷᠠᠨ ᠲᠤᠰᠠᠯᠠᠬᠤ ᠨᠦᠬᠦᠪᠦᠷᠢ᠂ ᠥᠨᠳᠥᠷ ᠨᠠᠰᠤᠨ ᠤ ᠨᠥᠬᠦᠪᠥᠷᠢ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾ ᠵᠡᠷᠭᠡ ᠨᠦᠬᠦᠪᠦᠷᠢ ᠮᠦᠩᠬᠦ ᠶᠢ ᠨᠡᠶᠢᠲᠡ 2612 ᠲᠦᠮᠡᠨ ᠲᠥᠭᠦᠷᠢᠭ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 2 ᠵᠠᠭᠤᠨ ᠤ ᠴᠡᠭ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠠᠷᠪᠠ ᠶᠢᠰᠦᠨ ᠵᠢᠯ ᠳᠠᠷᠠᠭᠠᠯᠠᠨ ᠳᠡᠭᠡᠭᠰᠢᠯᠡᠭᠦᠯᠪᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠰᠠᠭᠤᠷᠢ ᠲᠤᠭ᠎ᠠ ᠪᠥᠬᠦ ᠠᠶᠢᠮᠠᠭ ᠤᠨ ᠳᠡᠷᠢᠭᠦᠨ ᠳᠤ ᠤᠷᠤᠪᠠ᠃ 1.68 ᠲᠦᠮᠡᠨ ᠡᠷᠦᠬᠡ ᠳᠤ 3.36 ᠲᠦᠮᠡᠨ ᠲᠣᠨ ᠬᠢᠮᠳᠠ ᠨᠡᠭᠦᠷᠡᠰᠦ ᠲᠠᠷᠬᠠᠭᠠᠪᠠ᠃ 2300 ᠭᠠᠷᠤᠢ ᠬᠥᠯᠥᠰᠥᠨ ᠠᠵᠢᠯᠴᠢᠨ ᠳᠤ 3100 ᠭᠠᠷᠤᠢ ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠣᠯᠭᠤᠪᠠ᠃ ᠨᠡᠶᠢᠲᠡ ᠶᠢᠨ ᠤᠩᠭᠤᠨ ᠤ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠢ ᠪᠠᠷᠢᠯᠭ᠎ᠠ ᠳᠠᠭᠤᠰᠬᠠᠪᠠ᠃ ᠪᠠᠶ᠋ᠬᠠᠭᠤᠯᠠ ᠨᠠᠰᠤᠳᠠᠶᠢᠴᠤᠳ ᠢ ᠠᠰᠠᠷᠠᠬᠤ ᠬᠦᠷᠢᠶᠡᠯᠡᠩ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠭᠤᠳᠠᠮ ᠲᠠᠯᠠᠪᠠᠢ ᠶᠢ ᠡᠬᠢᠯᠡᠨ ᠪᠠᠶᠢᠭᠤᠯᠪᠠ᠃ —— ᠰᠤᠶᠤᠯ ᠤᠨ ᠠᠵᠢᠯ ᠤᠨ ᠲᠠᠯ᠎ᠠ ᠪᠠᠷ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠠᠰᠢᠭᠯᠠᠯᠳᠠ ᠳᠤ ᠤᠷᠤᠭᠤᠯᠵᠦ᠂ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠣᠷᠳᠣᠨ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠭᠤᠷᠤᠬᠠᠨ ᠪᠠᠯᠭᠠᠰᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠭᠤᠣᠯ ᠴᠣᠭᠴᠠ ᠶᠢᠨ  ᠪᠠᠷᠢᠯᠭ᠎ᠠ ᠶᠢ ᠳᠠᠭᠤᠰᠬᠠᠨ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ᠂ ᠨᠠᠶᠢᠷ ᠤᠨ ᠲᠠᠯᠠᠪᠠᠢ ᠶᠢᠨ ᠰᠠᠭᠤᠷᠢ ᠳᠦᠬᠦᠭᠡᠷᠦᠮᠵᠢ ᠶᠢ ᠰᠡᠯᠪᠢᠨ ᠵᠠᠰᠠᠪᠠ᠃ ᠬᠤᠰᠢᠭᠤ ᠤᠯᠠᠭᠠᠨᠮᠥ᠋ᠴᠢᠷ ᠨᠢ 6 ᠲᠣᠭᠯᠠᠭᠴᠢ ᠶᠢ ᠢᠯᠡ ᠪᠠᠷ ᠤᠷᠢᠨ ᠡᠯᠰᠡᠵᠦ᠂ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ 160 ᠭᠠᠷᠤᠢ ᠤᠳᠠᠭ᠎ᠠ ᠦᠷᠨᠢᠬᠦᠯᠦᠨ᠂ ᠤᠯᠠᠨ ᠲᠦᠮᠡᠨ ᠳᠤ 15 ᠲᠦᠮᠡᠨ ᠬᠥᠮᠥᠨ ᠤᠳᠠᠭ᠎ᠠ ᠦᠢᠯᠡᠴᠢᠯᠡᠵᠦ᠂ ᠮᠣᠩᠭᠤᠯ ᠵᠦᠴᠦᠭᠡ ︽ᠠᠵᠢᠨᠠᠢ ᠴᠠᠭᠠᠨ︾ ᠨᠢ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠱᠠᠩᠨᠠᠯ ᠢ ᠬᠦᠷᠳᠡᠪᠡ᠃ ᠬᠤᠰᠢᠭᠤ ᠬᠠᠮ ᠵᠠᠭᠤᠴᠢᠯᠠᠭᠤᠷ ᠤᠨ ᠲᠥᠪ ᠤᠨ ︽ ᠳᠡᠭᠦᠯᠢᠯᠳᠡ ᠬᠠᠮ ᠵᠠᠭᠤᠴᠢᠯᠠᠭᠤᠷ  ︾ ᠳᠡᠭᠡᠷ᠎ᠡ ᠡᠬᠡ ᠪᠢᠴᠢᠭ ᠨᠡᠶᠢᠲᠡᠯᠡᠭᠰᠡᠨ ᠬᠡᠮᠵᠢᠶ᠎ᠡ ᠪᠥᠬᠦ ᠣᠷᠣᠨ ᠳᠤ ᠶᠢᠰᠦᠳᠦᠭᠡᠷ ᠲᠤ ᠤᠷᠤᠪᠠ᠃︵ᠨᠠᠢᠮᠠ︶ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠳᠦᠷᠦᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠪᠦᠳᠦᠮᠵᠢᠳᠡᠢ ᠰᠢᠢᠳᠪᠦᠷᠢᠯᠡᠪᠡ᠃ ᠠᠮᠤᠷ ᠳᠦᠪᠰᠢᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ᠡᠭᠦᠰᠦᠭᠰᠡᠨ ᠨᠤᠷᠮ᠎ᠠ ᠪᠠᠭᠤᠷᠠᠵᠤ᠂ ᠵᠠᠮ ᠬᠠᠷᠢᠯᠴᠠᠭᠠᠨ ᠤ ᠠᠳᠡᠯ ᠬᠡᠷᠡᠭ ᠦᠷᠭᠦᠯᠵᠢᠯᠡᠨ ᠪᠠᠭᠠᠰᠪᠠ᠃ ᠡᠳ᠋ ᠤᠨ ᠵᠠᠰᠠᠭ ᠠᠴᠠ ᠭᠠᠳᠠᠨᠠᠬᠢ ᠵᠠᠰᠠᠭ ᠵᠠᠬᠢᠷᠭᠠᠨ ᠤ ᠥᠷᠢ ᠥᠭᠴᠡᠭᠡ ᠶᠢ ᠨᠡᠶᠢᠲᠡ 4.72 ᠳ᠋ᠦᠩᠰᠢᠭᠤᠷ ᠲᠥᠭᠦᠷᠢᠭ ᠳᠦᠯᠦᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠪᠦᠯᠦᠭ︾ ᠢ ᠦᠭᠡᠶᠢᠰᠬᠡᠬᠦ ᠡᠭᠦᠷᠭᠡ ᠶᠢ ᠪᠡᠶᠡᠯᠡᠭᠦᠯᠪᠡ᠃ ᠪᠤᠷᠤᠬᠤᠰᠢᠭᠤ ᠨᠡᠭᠦᠷᠡᠰᠦᠨ ᠠᠭᠤᠷᠬᠠᠢ ᠶᠢᠨ ᠵᠠᠬ᠎ᠠ ᠬᠥᠲᠥᠯ ᠢ ᠵᠠᠰᠠᠬᠤ᠂ ᠬᠠᠳᠠᠲᠤ ᠰᠢᠨ᠎ᠡ ᠬᠤᠳᠳᠤᠭ ᠤᠨ ᠨᠡᠭᠦᠷᠡᠰᠦᠨ ᠠᠭᠤᠷᠬᠠᠢ ᠶᠢ ᠬᠠᠭᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠂ ᠡᠩ ᠤᠨ ᠬᠡᠮ ᠰᠣᠭᠤᠭ ᠢ 4173 ᠵᠦᠢᠯ᠂ ᠬᠦᠨᠳᠦ ᠶᠡᠭᠡ ᠬᠡᠮ ᠰᠣᠭᠤᠭ ᠢ 24 ᠵᠦᠢᠯ ᠪᠠᠶᠢᠴᠠᠭᠠᠨ ᠴᠡᠭᠴᠡᠯᠡᠨ ᠵᠠᠰᠠᠵᠤ᠂ ᠲᠤᠰ ᠵᠢᠯ ᠳᠤ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠬᠡᠷᠡᠭ ᠭᠠᠷᠤᠭᠰᠠᠨ ᠦᠭᠡᠢ᠃ ᠬᠤᠰᠢᠭᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠶᠡᠭᠡ ᠠᠩᠭᠢ ᠨᠢ ᠪᠦᠬᠦ ᠤᠷᠤᠨ ᠤ ︽ᠤᠮᠠᠷᠠᠲᠤ ᠶᠢᠨ ᠦᠯᠢᠭᠡᠷ ᠳᠠᠭᠤᠷᠢᠶᠠᠯ︾ ᠴᠣᠯᠠ ᠶᠢ ᠬᠦᠷᠲᠡᠪᠡ᠃ ︽ᠠᠬᠢᠨ ᠲᠠᠬᠢᠨ ᠵᠠᠬᠢᠳᠠᠯ ᠰᠤᠷᠪᠤᠯᠵᠢᠯᠠᠯ ᠬᠢᠬᠦ᠂ ᠣᠨ ᠤᠳᠠᠭᠰᠠᠨ ᠵᠠᠬᠢᠳᠠᠯ ᠰᠤᠷᠪᠤᠯᠵᠢᠯᠠᠯ ᠢ ᠰᠢᠶᠳᠪᠦᠷᠢᠯᠡᠬᠦ︾ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠵᠠᠬᠢᠳᠠᠯ ᠰᠤᠷᠪᠤᠯᠵᠢᠯᠠᠯ ᠢ ᠬᠤᠯᠪᠣᠭᠠᠯᠠᠨ ᠰᠢᠢᠳᠪᠦᠷᠢᠯᠡᠬᠦ ᠠᠯᠪᠠᠨ ᠭᠡᠷ ᠠᠴᠠ ᠲᠤᠰᠢᠶᠠᠨ ᠥᠭᠬᠦᠭᠰᠡᠨ 7 ᠬᠤᠪᠢ ᠬᠡᠷᠡᠭ᠂ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠨ ᠥᠭᠬᠦᠭᠰᠡᠨ 26 ᠬᠤᠪᠢ ᠬᠡᠷᠡᠭ᠂ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠲᠤᠰᠢᠶᠠᠭᠰᠠᠨ 19 ᠬᠤᠪᠢ ᠵᠠᠬᠢᠳᠠᠯ ᠰᠤᠷᠪᠤᠯᠵᠢᠯᠠᠯ ᠤᠨ ᠬᠡᠷᠡᠭ ᠢ ᠪᠦᠬᠦᠨ ᠢ ᠰᠢᠶᠳᠪᠦᠷᠢᠯᠡᠵᠦ ᠳᠠᠭᠤᠰᠬᠠᠪᠠ᠃ ᠨᠢᠭᠡ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠯᠠᠨ ᠳᠦᠮᠡᠨ ᠢ ᠬᠥᠲᠥᠯᠥᠨ ᠵᠢᠯᠤᠭᠤᠳᠴᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠭᠰᠡᠨ ᠪᠠᠶᠢᠨ᠎ᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠮᠡᠳᠡᠭᠦᠯᠵᠦ᠂ 229 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠬᠡᠪᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠵᠢᠯ ᠤᠨ ᠰᠤᠷᠲᠠᠯ ᠪᠠ ᠦᠢᠯᠡᠴᠢᠯᠡᠭᠡᠨ ᠤ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠳᠤᠳᠬᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶᠠᠨ ᠳᠤ ᠬᠦᠷᠦᠭᠰᠡᠨ ᠰᠤᠷᠭᠠᠭᠤᠯᠢ ᠶᠢ ᠡᠭᠦᠳᠦᠨ ᠪᠠᠶᠢᠭᠤᠯᠤᠭᠰᠠᠨ ᠨᠣᠷᠮ᠎ᠠ 100% ᠳᠤ ᠬᠦᠷᠴᠦ᠂ ︽ᠭᠤᠷᠪᠠᠨ ᠰᠠᠯᠵᠤ  ᠴᠢᠳᠠᠰᠢ ᠦᠭᠡᠢ︾᠂ ︽ᠳᠥᠷᠪᠡ ᠶᠢ ᠬᠠᠮᠲᠤᠳᠬᠠᠬᠤ ︾᠂ ︽ᠲᠠᠪᠤ ᠶᠢ ᠮᠡᠳᠡᠷᠡᠬᠦ︾ ᠶᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ 1 ᠬᠠᠮᠳᠤ ᠨᠢᠭᠡᠴᠡ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠳᠤ ᠨᠢᠭᠡᠴᠡ ᠪᠠᠷ ᠦᠨᠡᠯᠡᠭᠳᠡᠵᠦ᠂ 3 ᠬᠠᠮᠳᠤ ᠨᠢᠭᠡᠴᠡ ᠨᠢ ᠪᠥᠬᠦ ᠠᠶᠢᠮᠠᠭ ᠤᠨ ᠵᠢᠱᠢᠶ᠎ᠡ ᠦᠵᠡᠭᠦᠯᠬᠦ ᠬᠠᠮᠳᠤ ᠨᠢᠭᠡᠴᠡ ᠪᠠᠷ ᠦᠨᠡᠯᠡᠭᠳᠡᠪᠡ᠃ ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠪᠠ ᠳᠤᠮᠳᠠᠳᠤ ᠶᠢᠨ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠲᠠᠩᠰᠠ ᠡᠪᠬᠡᠮᠡᠯ ᠲᠡᠦᠬᠡ ᠤᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠤᠨ ᠠᠵᠢᠯ ᠴᠥᠮ ᠰᠢᠨ᠎ᠡ ᠠᠬᠢᠴᠠ ᠲᠠᠢ ᠪᠣᠯᠵᠤ᠂ ᠠᠵᠢᠯᠳᠠᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠪᠠᠶᠢᠳᠠᠯ ᠲᠠᠢ ᠪᠣᠯᠵᠤ᠂ ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠥᠬᠦ ᠤᠯᠤᠰ ᠤᠨ ᠰᠢᠶᠠᠨ ᠤ ᠱᠠᠲᠤᠨ ᠤ ︽ᠲᠠᠪᠤᠨ ᠰᠠᠶᠢᠨᠲᠠᠢ︾ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢᠶᠠᠨ ᠡᠷᠬᠢᠴᠡᠬᠦᠯᠪᠡᠯ᠂ ᠪᠢᠳᠡᠨ ᠳᠤ ᠳᠤᠯᠠᠭᠠᠷᠠᠭᠰᠠᠨ ᠲᠦᠭᠰᠢᠭᠦᠷᠢ᠂ ᠳᠠᠷᠤᠯᠲᠠ ᠪᠣᠯᠣᠨ ᠥᠷᠢᠰᠦᠯᠳᠦᠭᠡᠨ ᠤᠷᠢᠳᠤ ᠡᠮᠦᠨ᠎ᠡ ᠪᠠᠶᠢᠭ᠎ᠠ ᠦᠭᠡᠢ ᠶᠤᠮ᠂ ᠭᠡᠪᠡᠴᠦ ᠪᠢᠳᠡ ᠢᠮᠠᠭᠲᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠷᠢᠮᠲᠠᠯᠠᠵᠤ᠂ ᠡᠭᠦᠷᠢᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠬᠦᠴᠦ ᠪᠣᠯᠣᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠵᠣᠷᠢᠭ ᠰᠠᠨᠠᠭ᠎ᠠ ᠪᠠᠷ ᠡᠷᠡᠰ ᠰᠢᠭᠤᠷᠬᠠᠢ ᠤᠷᠤᠭᠰᠢᠯᠠᠨ ᠳᠠᠪᠰᠢᠵᠤ᠂ ᠬᠠᠲᠠᠭᠤᠵᠢᠯᠲᠠᠢ ᠪᠠᠷ ᠪᠣᠳᠠᠲᠠᠢ ᠠᠵᠢᠯᠯᠠᠵᠤ᠂ ᠰᠥᠷᠭᠡᠦ ᠣᠷᠴᠢᠨ ᠳᠤ ᠰᠢᠪᠲᠤᠯᠤᠯᠲᠠ ᠭᠠᠷᠭᠠᠨ᠂ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠬᠥᠭᠵᠢᠯᠲᠡ ᠶᠢ  ᠡᠷᠢᠯᠬᠢᠯᠡᠨ ᠰᠢᠨ᠎ᠡ ᠶᠢ ᠡᠭᠦᠳᠴᠦ᠂ ᠬᠦᠴᠢᠷᠳᠡᠯ ᠢᠶᠠᠨ ᠰᠢᠢᠳᠪᠦᠷᠢᠯᠡᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠶᠠᠪᠤᠳᠠᠯ ᠬᠢᠵᠠᠢ᠃ ᠡᠲᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ᠂ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠮᠦᠨᠴᠦ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ᠂ ᠪᠦᠲᠦᠮᠵᠢᠲᠡᠶ ᠬᠢᠨᠠᠯᠲᠠ ᠶᠢᠨ ᠦᠷ᠎ᠡ ᠳ᠋ᠦᠩ᠂ ᠪᠥᠬᠦ ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠮᠠᠨ ᠤ ᠬᠤᠰᠢᠭᠤᠨ ᠳᠤ ᠪᠡᠯᠡ ᠣᠷᠣᠭᠤᠯᠤᠨ ᠦᠢᠯᠡᠰ ᠪᠣᠰᠬᠠᠵᠤ ᠪᠠᠶᠢᠭ᠎ᠠ ᠠᠵᠤ ᠠᠬᠤᠶᠢᠯᠠᠯᠳᠠᠳ ᠪᠣᠯᠣᠨ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠪᠦᠲᠦᠭᠡᠨ ᠪᠠᠶᠢᠭᠤᠯᠤᠭᠴᠢᠳ᠂ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠦᠬᠦᠳ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠠᠮᠵᠢᠯᠲᠠ ᠪᠠᠨ ᠨᠤᠲᠠᠯᠠᠬᠤ ᠶᠢᠨ ᠳᠠᠭᠠᠣ ᠪᠢᠳᠡ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠡᠳᠦᠢ ᠲᠡᠳᠦᠢ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠣᠯᠵᠦ ᠮᠡᠳᠡᠪᠡ᠃ ᠡᠭᠦᠨ ᠳᠤ ᠭᠤᠣᠯᠳᠠᠭᠤ᠄ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠲᠠᠭᠤᠵᠢᠯᠳᠠᠢ ᠪᠠᠶᠢᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠥᠨ ᠯᠡ ᠲᠤᠲᠠᠭᠳᠠᠯ ᠣᠷᠣᠰᠢᠵᠤ ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠨᠢ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ᠃ ᠬᠤᠶᠠᠷ᠂ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ᠂ ᠮᠦᠨᠴᠦ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠦᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ  ᠠᠷᠪᠠᠨ ᠨᠢᠭᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠠᠷᠭ᠎ᠠ ᠵᠠᠮ ᠢ ᠰᠦᠪᠡᠭᠴᠢᠯᠡᠨ᠂ ᠲᠡᠮᠡᠴᠡᠯ ᠤᠨ ᠬᠠᠷᠠᠯᠲᠠ ᠪᠠᠨ ᠲᠣᠭᠲᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠳᠠᠯᠠᠨ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠨ᠂ ᠵᠢᠷᠭᠤᠭᠠᠨ ᠢᠨᠵᠧᠨᠧᠷᠢᠩ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠬᠦᠷᠢᠶ᠎ᠡ ᠴᠠᠷᠠᠭᠠᠨ ᠤ ᠠᠵᠢᠯ ᠤᠨ ᠳᠠᠪᠰᠢᠯᠲᠠ  ᠶᠢ ᠠᠬᠢᠭᠤᠯᠤᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠦᠨᠥ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 20% ᠤᠷᠴᠢᠮ ᠨᠡᠮᠡᠭᠳᠡᠬᠦᠯᠦᠨ᠎ᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 4.7% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6.6% ᠪᠠᠷ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠣᠷ ᠪᠤᠯᠭᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠳᠤᠯᠠᠲᠠ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ︵ᠨᠢᠭᠡ︶ ᠳᠦᠷᠦᠯ ᠵᠦᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠠᠳᠬᠤᠵᠤ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠤᠨ᠎ᠠ ᠨᠢᠭᠡ ᠳᠤ᠂ ᠪᠦᠬᠦ ᠬᠦᠴᠦᠨ ᠢᠶᠠᠨ ᠳᠦᠪᠯᠡᠷᠡᠬᠦᠯᠦᠨ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠠᠬᠢᠭᠤᠯᠤᠨ᠎ᠠ ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠷᠭᠦᠯᠵᠢᠯᠡᠨ ︽ᠲᠡᠷᠢᠭᠦᠨ ᠢᠨᠵᠧᠨᠧᠷᠢᠩ︾ ᠪᠣᠯᠭᠠᠵᠤ᠂ ᠤᠳᠤᠬᠢᠴᠢᠯᠠᠭᠰᠠᠨ ᠡᠨᠧᠷᠭᠢ᠂ ᠣᠷᠴᠢᠯ ᠠᠵᠤ ᠠᠬᠤᠶ᠂ ᠬᠦᠩᠭᠡᠨᠴᠠᠭᠠᠨ ᠵᠢᠴᠢ ᠥᠩᠭᠡᠲᠦ ᠲᠡᠮᠦᠷᠯᠢᠭ᠂ ᠪᠣᠬᠢᠷᠲᠤᠯ ᠦᠭᠡᠶ ᠠᠮᠢ ᠠᠬᠤᠶ᠂ ᠤᠳᠤᠬᠢᠴᠢᠯᠠᠭᠰᠠᠨ ᠰᠣᠶᠣᠯ ᠵᠢᠭᠤᠯᠴᠢᠯᠠᠯ᠂ ᠤᠳᠤᠬᠢᠴᠢᠯᠠᠭᠰᠠᠨ ᠮᠠᠯ ᠠᠵᠤ ᠠᠬᠤᠶ᠂  ᠬᠢᠯᠢ ᠶᠢᠨ ᠪᠣᠭᠤᠮᠲᠠ ᠳᠤ ᠳᠤᠯᠭᠠᠭᠤᠷᠢᠯᠠᠭᠰᠨ ᠠᠵᠤ ᠠᠬᠤᠢ᠂ ᠤᠳᠤᠬᠢᠴᠢᠯᠠᠭᠰᠠᠨ ᠪᠤᠳᠠᠰ ᠤᠨ ᠭᠦᠢᠯᠭᠡᠭᠡ᠂ ᠠᠷᠠᠳ  ᠤᠨ ᠠᠮᠢᠳᠤᠷᠠᠯ ᠵᠡᠷᠭᠡ 9 ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠨᠡᠩ ᠥᠨᠳᠥᠷ ᠰᠢᠨᠵᠢᠯᠡᠬᠦ ᠤᠬᠠᠭᠠᠨᠴᠢᠯᠠᠭᠰᠠᠨ ᠮᠡᠷᠭᠡᠵᠢᠯ ᠤᠨ ᠠᠭᠤᠯᠤᠭᠳᠠᠴᠠ ᠲᠠᠢ᠂ ᠨᠡᠩ ᠥᠨᠳᠥᠷ ᠨᠡᠮᠡᠯᠲᠡ ᠥᠷᠲᠡᠭ ᠲᠠᠢ᠂ ᠨᠡᠩ ᠳᠣᠣᠷ᠎ᠠ ᠡᠨᠧᠷᠭᠢ ᠶᠢᠨ ᠬᠤᠷᠣᠭᠳᠠᠯ ᠲᠠᠢ ᠴᠢᠨᠠᠷ ᠰᠠᠶᠢᠲᠠᠶ ᠲᠥᠷᠥᠯ ᠵᠦᠢᠯ ᠢ ᠬᠠᠨᠳᠤᠯᠭᠠᠳᠤ ᠴᠢᠨᠠᠷᠲᠠᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠲᠤᠲᠠᠭᠳᠠᠯ ᠪᠠ ᠪᠠᠭᠤᠷᠠᠶ ᠲᠠᠯ᠎ᠠ ᠶᠢ ᠴᠢᠷᠮᠠᠶᠢᠨ ᠨᠥᠬᠦᠪᠥᠷᠢᠯᠡᠨ᠎ᠡ᠃ ᠡᠷᠬᠡ ᠬᠠᠷᠢᠭᠤᠴᠠᠯᠭ᠎ᠠ ᠶᠢ ᠲᠡᠩᠴᠡᠭᠦᠦ ᠪᠠᠶᠢᠯᠭᠠᠬᠤ᠂ ᠬᠠᠷᠠᠭᠠᠯᠵᠠᠯ ᠬᠦᠷᠳᠡᠭᠡᠬᠦ ᠪᠠ ᠦᠢᠯᠡᠳᠪᠦᠷᠢᠯᠡᠵᠦ ᠭᠠᠷᠭᠠᠬᠤ ᠶᠢ ᠬᠠᠷᠢᠯᠴᠠᠨ ᠬᠤᠯᠪᠣᠭᠳᠠᠭᠤᠯᠬᠤ ᠶᠢ ᠪᠠᠷᠢᠮᠲᠠᠯᠠᠵᠤ᠂ ᠪᠡᠯᠡ ᠣᠷᠣᠭᠤᠯᠤᠯᠲᠠ ᠶᠢᠨ ᠡᠷᠴᠢᠮ᠂ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ᠂ ᠪᠥᠳᠥᠭᠡᠨ ᠪᠠᠶᠢᠭᠤᠯᠬᠤ ᠴᠠᠭ ᠤᠨ ᠬᠢᠵᠠᠭᠠᠷ ᠵᠡᠷᠭᠡ ᠪᠠᠷᠢᠮᠵᠢᠶ᠎ᠠ ᠶᠢ ᠲᠤᠪᠤᠶᠢᠯᠭᠠᠨ᠂ ᠭᠡᠷ᠎ᠡ ᠪᠠᠨ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠵᠢᠯ ᠲᠤ ᠮᠢᠩᠭᠠᠨ ᠲᠦᠮᠡᠨ ᠲᠥᠭᠦᠷᠢᠭ  ᠠᠴᠠ ᠳᠡᠭᠡᠭᠰᠢᠬᠢ ᠪᠡᠯᠡ ᠤᠷᠤᠭᠤᠯᠤᠯᠳᠠ ᠲᠠᠢ ᠲᠥᠷᠥᠯ ᠵᠦᠢᠯ 20 ᠶᠢ ᠣᠷᠣᠭᠤᠯᠵᠤ ᠠᠪᠴᠢᠷᠠᠨ᠂ 55 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢᠨ ᠤᠷᠤᠭᠤᠯᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠶᠢᠨ ᠮᠠᠨ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠮᠧᠩ ᠭᠦᠢ ᠥᠨᠳᠥᠷ ᠴᠡᠪᠡᠷᠴᠡᠲᠦ ᠥᠭᠡᠬᠦᠨ ᠴᠢᠯᠠᠭᠤ᠂ ᠶᠤᠸᠠᠨ ᠹᠧᠩ 20 ᠲᠦᠮᠡᠨ ᠲᠣᠨ ᠤ ᠴᠣᠬᠤᠢ᠂ ᠵᠢᠩ ᠨᠸᠡᠭ 20MW ᠶᠢᠨ ᠦᠨᠳᠦᠷ ᠴᠢᠳᠠᠮᠵᠢᠲᠤ ᠰᠠᠯᠬᠢᠨ ᠤᠰᠤᠲᠥ᠋ᠷᠥᠭᠴᠢ ᠶᠢᠨ ᠬᠠᠳᠠᠭᠠᠯᠠᠯᠲᠠ ᠵᠡᠷᠭᠡ ᠨᠢᠭᠡ ᠪᠦᠯᠦᠭ ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥᠯ ᠵᠦᠶᠯ ᠤᠨ ᠭᠠᠷᠳᠠᠮ ᠢ ᠭᠦᠶᠴᠡᠳᠬᠡᠬᠦ ᠶᠢ ᠠᠬᠢᠭᠤᠯᠵᠤ᠂ ᠲᠤᠰ ᠵᠢᠯ ᠳᠤ ᠪᠠᠯᠠ ᠣᠷᠣᠭᠤᠯᠤᠯᠲᠠ ᠶᠢᠨ ᠳᠦᠷᠦᠯ ᠵᠦᠢᠯ ᠢ ᠪᠤᠲᠠᠲᠠᠶᠢᠵᠢᠭᠤᠯᠬᠤ ᠪᠠᠷ ᠴᠢᠷᠮᠠᠶᠢᠨ᠎ᠠ᠃ ᠹᠦ᠋ ᠪᠤᠣ ᠲᠧᠩ ᠳ᠋ᠠ ᠹᠯᠣᠷ ᠤᠨ ᠬᠢᠮᠢ ᠶᠢᠨ ᠠᠵᠤ ᠦᠶᠯᠡᠳᠪᠦᠷᠢ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠎ᠠ᠃ ᠬᠦᠩᠭᠡᠨᠴᠠᠭᠠᠨ ᠤ ᠦᠢᠯᠡᠰ᠂ ᠵᠤᠭᠠᠴᠠᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠠᠷᠠᠯᠵᠢᠶᠠᠴᠢᠨ ᠤᠷᠢᠬᠤ ᠤᠬᠠᠭᠤᠯᠭ᠎ᠠ ᠶᠢᠨ ᠬᠤᠷᠠᠯ ᠢ ᠢᠳᠡᠪᠬᠢᠲᠡᠢ ᠰᠦᠪᠡᠭᠴᠢᠯᠡᠵᠦ᠂ ᠮᠠᠨ ᠤ ᠬᠤᠰᠢᠭᠤᠨ ᠤ ᠬᠥᠭᠵᠢᠯᠲᠡ ᠶᠢᠨ ᠢᠷᠡᠭᠡᠳᠦᠢ ᠶᠢᠨ ᠳᠠᠪᠠᠭᠤᠯᠢᠭ ᠢ ᠭᠦᠢᠴᠡᠳ ᠢᠯᠡᠷᠡᠬᠦᠯᠦᠨ᠂ ᠨᠠᠩ ᠣᠯᠠᠨ ᠠᠵᠤ ᠠᠬᠤᠶᠢᠯᠠᠯᠲᠠᠨ ᠢ ᠪᠠᠷᠠᠭᠤᠨ ᠦᠵᠦᠮᠦᠴᠢᠨ ᠳᠤ ᠢᠷᠡᠭᠦᠯᠵᠦ ᠪᠡᠯᠡ ᠣᠷᠣᠭᠤᠯᠤᠨ ᠦᠢᠯᠡᠰ ᠪᠣᠰᠬᠠᠨ᠎ᠠ᠃ ᠬᠤᠶᠠᠷ ᠲᠤ᠂ ᠤᠯᠠᠨ ᠠᠷᠭ᠎ᠠ ᠠᠪᠴᠠᠯ ᠢᠶᠠᠷ ᠠᠵᠤ ᠠᠬᠤᠢ ᠶᠢᠨ ᠠᠵᠢᠯᠯᠠᠭᠠᠨ ᠢ ᠲᠤᠭᠲᠠᠪᠤᠷᠢᠵᠢᠭᠤᠯᠤᠨ᠎ᠠ᠃ ᠨᠢᠭᠡ ᠲᠠᠯ᠎ᠠ ᠪᠠᠷ ᠪᠦᠬᠦ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠠᠩᠬ᠎ᠠ ᠠᠯᠬᠤᠮ 78 ᠲᠣᠬᠢᠷᠠᠭᠤᠯᠤᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 75.6 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ᠂ ᠡᠭᠦᠨ ᠳᠤ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠲᠥᠷᠥᠯ ᠵᠦᠢᠯ 15 ᠪᠠᠶᠢᠵᠤ᠂ 50 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ︽ᠲᠥᠷᠥᠯ ᠵᠦᠢᠯ ᠪᠣᠯ ᠬᠠᠮᠤᠭ ᠤᠨ ᠭᠤᠣᠯᠳᠠᠯᠭ᠎ᠠ︾ ᠭᠡᠬᠦ ᠣᠶᠢᠯᠠᠭᠠᠭᠳᠠᠬᠤᠨ ᠢ ᠪᠠᠲᠤ ᠴᠤᠭᠴᠠᠯᠠᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 4 ᠰᠠᠷ᠎ᠠ ᠶᠢᠨ 15 ᠤ ᠡᠳᠦᠷ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠲᠠᠢ ᠪᠤᠯᠭᠠᠨ᠎ᠠ᠃ ︽ᠬᠡᠯᠡᠯᠴᠡᠭᠡᠷ ᠲᠤᠭᠲᠠᠭᠰᠠᠨ ᠲᠥᠷᠥᠯ ᠵᠦᠢᠯ ᠢ  ᠳᠠᠷᠤᠶᠢᠬᠠᠨ ᠵᠦᠪᠰᠢᠶᠡᠯ ᠣᠯᠭᠤᠬᠤ᠂ ᠵᠦᠪᠰᠢᠶᠡᠷᠡᠯ ᠣᠯᠤᠭᠰᠠᠨ ᠲᠥᠷᠥᠯ ᠵᠦᠢᠯ ᠢ ᠳᠠᠷᠤᠶᠢᠬᠠᠨ ᠠᠵᠢᠯ ᠡᠬᠢᠯᠡᠬᠦᠯᠬᠦ᠂ ᠠᠵᠢᠯ ᠡᠬᠢᠯᠡᠭᠦᠯᠦᠭᠰᠡᠨ ᠲᠥᠷᠥᠯ ᠵᠦᠢᠯ ᠢ ᠳᠠᠷᠤᠶᠢᠬᠠᠨ ᠠᠰᠢᠭᠯᠠᠯᠲᠠ ᠳᠤ ᠣᠷᠣᠭᠤᠯᠬᠤ︾ ᠱᠠᠭᠠᠷᠳᠠᠯᠭ᠎ᠠ ᠶᠤᠰᠤᠭᠠᠷ᠂ ᠤᠳᠤᠷᠢᠳᠤᠯᠭ᠎ᠠ ᠠᠴᠠ ᠳᠠᠭᠠᠭᠠᠴᠢᠯᠠᠨ ᠬᠢᠬᠦ᠂ ᠲᠤᠰᠬᠠᠢ ᠠᠩᠭᠢ ᠲᠤᠬᠢᠷᠠᠭᠤᠯᠬᠤ᠂ ᠨᠢᠭᠡᠳᠦᠯᠳᠡᠢ ᠬᠠᠮᠲᠤᠷᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠵᠡᠷᠭᠡ ᠠᠵᠢᠯ ᠤᠨ ᠲᠣᠭᠲᠠᠴᠠ ᠶᠢ ᠴᠢᠩᠭᠠᠳᠬᠠᠨ᠂ ᠪᠥᠬᠦ ᠬᠦᠴᠦᠨ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠎ᠠ᠃ ᠨᠥᠭᠦᠭᠡ ᠲᠠᠯ᠎ᠠ ᠪᠠᠷ᠂ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠤᠶᠢᠷ᠎ᠠ ᠶᠢᠨ ᠵᠢᠯ ᠳᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠬᠡᠷᠡᠭᠯᠡᠵᠦ ᠪᠣᠯᠬᠤ ᠡᠳ᠋ ᠤᠨ ᠬᠦᠴᠦᠨ ᠮᠥᠨ ᠬᠢᠵᠠᠭᠠᠷ ᠲᠠᠢ ᠪᠠᠶᠢᠨ᠎ᠠ᠃ ᠡᠯ᠎ᠡ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠪᠡᠯᠡ ᠤᠷᠤᠭᠤᠯᠤᠯᠲᠠ ᠶᠢᠨ ᠲᠥᠷᠦ ᠶᠢᠨ ᠪᠣᠳᠣᠯᠭ᠎ᠠ ᠶᠢᠨ ᠵᠢᠯᠣᠭᠤᠳᠤᠮᠵᠢ ᠶᠢ ᠴᠢᠩᠭ᠎ᠠ ᠠᠳᠬᠤᠵᠤ᠂ ᠴᠢᠬᠤᠯᠠ ᠶᠡᠭᠡ ᠲᠥᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠨᠡᠩ ᠤᠯᠠᠨ ᠲᠥᠷᠥᠯ ᠵᠦᠢᠯ ᠤᠨ ᠳᠡᠮᠵᠢᠯᠭᠡ ᠶᠢ ᠡᠷᠡᠮᠡᠯᠵᠡᠯᠡᠨ᠂ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢ ᠡᠷᠡᠮᠡᠯᠵᠡᠯᠡᠨ ᠣᠯᠬᠤ ᠬᠦᠴᠦᠯᠡᠴᠡ ᠪᠠᠨ ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠡᠯᠡ ᠮᠥᠩᠭᠦᠨ ᠤ ᠪᠠᠲᠤᠯᠠᠭ᠎ᠠ ᠬᠠᠩᠭᠠᠨ᠎ᠠ᠃ ᠭᠤᠷᠪᠠ ᠳᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠶᠢ ᠠᠳᠬᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠤᠨ ᠣᠷᠳᠣᠨ  ᠤ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠶᠴᠡᠳᠬᠡᠬᠦ ᠲᠣᠭᠲᠠᠴᠠ ᠶᠢ ᠲᠡᠭᠦᠯᠳᠡᠷᠵᠢᠭᠦᠯᠤᠨ᠂ ᠠᠷᠠᠯᠵᠢᠶᠠᠴᠢᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠩ ᠰᠢᠯᠢᠳᠡᠭ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠩ ᠣᠯᠠᠨ ᠬᠦᠷᠢᠶ᠎ᠡ ᠴᠠᠷᠠᠭᠠᠨ ᠳᠤ ︽ᠥᠨᠳᠥᠷ ᠪᠦᠲᠦᠮᠵᠢᠲᠡᠶ ᠪᠠᠷ ᠤᠴᠢᠷ ᠶᠠᠪᠤᠳᠠᠯ ᠢ ᠭᠦᠶᠴᠡᠳᠬᠡᠬᠦ︾ ᠶᠢ ᠪᠡᠶᠡᠯᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠩᠭᠤ ᠭᠦᠢᠴᠡᠳᠬᠡᠬᠦ ᠭᠠᠷᠳᠠᠮ ᠢ ᠭᠠᠷ ᠤᠲᠠᠰᠤᠨ ᠳᠡᠭᠡᠷ᠎ᠡ ᠪᠠᠨ ᠭᠦᠢᠴᠡᠳᠬᠡᠵᠦ ᠴᠢᠳᠠᠬᠤ ᠪᠤᠯᠭᠠᠵᠦ᠂ ᠨᠡᠩ ᠳᠦᠭᠦᠮ ᠳᠦᠳᠡ ᠦᠢᠯᠡᠴᠢᠯᠡᠭᠡ ᠬᠠᠩᠭᠠᠨ᠎ᠠ᠃ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠦᠨᠳᠦᠰᠦᠨ ᠱᠠᠳᠤᠨ ᠳᠤ ᠭᠦᠨᠵᠡᠭᠡᠶᠢᠷᠡᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠣᠶᠢᠷ᠎ᠠ ᠬᠠᠪᠢ ᠳᠠᠭᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠳᠬᠠᠵᠦ᠂ ︽ᠦᠨᠡᠮᠯᠡᠯ ᠬᠡᠷᠡᠭᠯᠡᠬᠦ ᠥᠬᠡᠶ ᠪᠠᠷ ᠭᠦᠶᠴᠡᠳᠬᠡᠬᠦ︾ ᠦᠶᠯᠡᠴᠢᠯᠡᠭᠡ ᠶᠢ ᠭᠦᠨᠵᠡᠭᠡᠶ ᠠᠬᠢᠭᠤᠯᠤᠨ᠎ᠠ᠃ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠰᠢᠶᠳᠪᠦᠷᠢᠯᠡᠬᠦ ᠠᠴᠠ ᠡᠭᠦᠰᠴᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 12345 ᠤᠳᠠᠰᠤᠨ ᠤ ᠬᠦᠯᠢᠶᠡᠨ ᠲᠤᠰᠤᠭᠰᠠᠨ ᠶᠠᠪᠤᠳᠠᠯ ᠢ ᠰᠢᠶᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠪᠠ ᠭᠦᠶᠴᠡᠳᠬᠡᠵᠦ ᠳᠠᠭᠤᠰᠬᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠲᠤᠰᠬᠠᠢ ᠠᠩᠭᠢ ᠪᠠᠶᠢᠭᠤᠯᠤᠨ ᠳᠠᠭᠠᠭᠠᠴᠢᠯᠠᠬᠤ ᠲᠤᠭᠲᠠᠴᠠ ᠶᠢ ᠪᠣᠳᠠᠲᠠᠶᠢᠵᠢᠭᠤᠯᠵᠤ᠂ ᠭᠠᠳᠠᠭᠰᠢ ᠭᠠᠷᠴᠦ ᠠᠷᠠᠯᠵᠢᠶᠠᠴᠢᠨ ᠤᠷᠢᠬᠤ᠂ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠭᠠᠷᠳᠠᠮ ᠭᠦᠢᠴᠡᠳᠬᠡᠬᠦ᠂ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠬᠤ ᠵᠡᠷᠭᠡ ᠡᠯ᠎ᠡ ᠭᠤᠭᠴᠤᠭ᠎ᠠ ᠳᠤ ᠪᠦᠷ ᠤᠨᠤᠪᠴᠢᠳᠠᠢ ᠦᠢᠯᠡᠴᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ  ᠢ ᠪᠦᠬᠦ ᠲᠠᠯ᠎ᠠ ᠪᠠᠷ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠵᠦ᠂ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ︽ᠢᠯᠡ ᠪᠣᠯᠭᠠᠬᠤ︾ ᠠᠵᠢᠯᠯᠠᠭ᠎ᠠ ᠶᠢ ᠠᠬᠢᠭᠤᠯᠤᠨ᠎ᠠ᠃ ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠡᠷᠡᠰ ᠭᠤᠶᠢᠪᠢᠰᠢ ᠦᠭᠡᠢ ᠠᠳᠬᠤᠵᠤ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠᠨᠢᠭᠡ ᠳᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠳᠦᠮᠵᠢᠳᠡᠢ ᠪᠠᠶᠢᠬᠤ ᠶᠢ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠭᠤᠣᠯ ᠪᠣᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠤᠯᠤᠰ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠮᠵᠢᠯᠠᠯᠲᠤ ᠪᠡᠯᠴᠢᠭᠡᠷ ᠤᠨ ᠮᠠᠯ ᠠᠵᠤ ᠠᠬᠤᠶ ᠶᠢ ᠤᠳᠤᠬᠢᠴᠢᠯᠠᠭᠰᠠᠨ ᠠᠮᠢ ᠠᠬᠤᠶ ᠶᠢᠨ ᠮᠠᠯ ᠠᠵᠤ ᠠᠬᠤᠶ ᠲᠡᠶᠢᠰᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠲᠥᠬᠦᠭᠡᠷᠦᠮᠵᠢᠲᠦ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠦᠮᠡᠨ ᠲᠣᠯᠣᠭᠠᠢ ᠮᠢᠬᠠᠨ ᠤ ᠦᠬᠡᠷ ᠢ ᠬᠡᠪᠴᠢᠶᠡᠵᠢᠭᠦᠯᠦᠨ ᠲᠡᠵᠢᠭᠡᠨ ᠮᠠᠯᠵᠢᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠵᠤ᠂ ᠮᠠᠯᠴᠢᠳ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠦᠵᠦᠮᠦᠴᠢᠨ ᠬᠤᠨᠢᠨ ᠤ ᠡᠭᠦᠯᠳᠡᠷ ᠪᠣᠶᠢᠵᠢᠭᠤᠯᠬᠤ ᠲᠣᠭᠠᠴᠢᠯᠠᠭᠰᠠᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠦᠵᠦᠮᠦᠴᠢᠨ ᠬᠤᠨᠢᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ︾ ᠢ ᠰᠠᠶᠢᠲᠤᠷ ᠨᠠᠶᠢᠳᠠᠪᠤᠷᠢᠵᠢᠭᠤᠯᠵᠦ᠂ ︽ᠦᠵᠦᠮᠦᠴᠢᠨ ᠴᠠᠭᠠᠨ ᠦᠬᠡᠷ︾ ᠢ ᠰᠢᠨ᠎ᠡ ᠡᠭᠦᠯᠳᠡᠷ ᠢᠶᠠᠷ ᠬᠢᠨᠠᠨ ᠲᠤᠭᠲᠠᠭᠠᠬᠤ ᠪᠠ ᠳᠡᠯᠭᠡᠷᠡᠬᠦᠯᠬᠦ ᠶᠢ ᠠᠬᠢᠭᠤᠯᠵᠤ᠂ ᠤᠯᠤᠰ ᠤᠨ ᠲᠡᠰ ᠤᠨ ᠪᠠᠷᠢᠮᠵᠢᠶᠠᠲᠤ ᠱᠠᠷᠦ᠋ᠯᠠᠢ ᠦᠬᠡᠷ ᠤᠨ ᠡᠭᠦᠯᠳᠡᠷ ᠪᠣᠶᠢᠵᠢᠭᠤᠯᠬᠤ ᠭᠤᠤᠯᠳᠠᠯᠭᠠᠳᠤ ᠲᠠᠯᠠᠪᠠᠢ ᠪᠠ ᠡᠭᠦᠯᠳᠡᠷ ᠬᠠᠮᠠᠭᠠᠯᠠᠬᠤ ᠲᠠᠯᠠᠪᠠᠢ ᠶᠢ ᠪᠠᠶᠢᠭᠤᠯᠤᠨ᠎ᠠ᠃ ᠤᠳᠤᠬᠢᠴᠢᠯᠠᠭᠰᠠᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠦᠵᠦᠮᠦᠴᠢᠨ ᠴᠠᠭᠠᠨ ᠠᠳᠤᠭᠤᠨ ᠤ ᠡᠭᠦᠯᠳᠡᠷ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠴᠡᠭᠡ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠬᠤ ᠪᠠᠷ ᠲᠥᠯᠥᠪᠵᠢᠭᠦᠯᠦᠨ᠎ᠡ᠃ ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠴᠠᠭᠠᠨ ᠢᠳᠡᠭᠡᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠪᠠ ᠨᠠᠷᠢᠯᠢᠭ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠤᠨ᠎ᠡ᠃ ᠥᠪᠥᠷ ᠮᠣᠩᠭᠤᠯ ᠤᠨ ᠼᠤᠤ ᠳ᠋ᠦ᠋ ᠬᠢᠵᠠᠭᠠᠷᠳᠤ ᠺᠤᠮᠫᠠᠨᠢ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠡᠪᠡᠰᠦ ᠪᠣᠷᠳᠤᠭ᠎ᠠ ᠬᠠᠩᠭᠠᠬᠤ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠯᠢᠮᠠᠭ ᠪᠤᠷᠳᠤᠭ᠎ᠠ ᠵᠡᠷᠭᠡ ᠡᠪᠡᠰᠦ ᠪᠤᠷᠳᠤᠭᠠᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠴᠢᠳᠠᠪᠤᠷᠢ᠂ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠳᠠᠷᠢᠬᠤ᠂ ᠬᠠᠳᠤᠵᠤ ᠬᠤᠷᠢᠶᠠᠬᠤ᠂ ᠡᠳ᠋ᠰᠢᠭᠦᠯᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠬᠡᠯᠬᠢᠶ᠎ᠡ ᠶᠢ ᠨᠢᠭᠡ ᠴᠣᠭᠴᠠᠵᠢᠭᠤᠯᠤᠨ ᠡᠵᠡᠩᠨᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠨᠡᠷᠡᠲᠦ ᠲᠥᠷᠥᠯ ᠲᠡᠮᠳᠡᠭᠲᠦ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ ᠠᠬᠤᠶᠢᠯᠠᠯ ᠤᠨ ᠪᠦᠳᠦᠭᠡᠭᠳᠡᠬᠦᠨ ᠢ ᠨᠠᠷᠢᠯᠢᠭ ᠬᠤᠪᠢᠶᠠᠬᠤ᠂ ᠪᠤᠯᠭᠤᠭᠰᠠᠨ ᠢᠳᠡᠭᠡᠨ ᠦᠶᠯᠡᠳᠬᠦ ᠵᠡᠷᠭᠡ ᠨᠠᠷᠢᠯᠢᠭ ᠡᠳ᠋ᠰᠢᠭᠦᠯᠬᠦ ᠦᠶᠯᠡᠳᠪᠦᠷᠢᠯᠡᠯ ᠢ ᠬᠥᠭᠵᠢᠭᠦᠯᠬᠦ ᠶᠢ ᠳᠠᠮᠵᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠡᠷᠦᠩᠬᠡᠶᠢᠯᠡᠭᠰᠡᠨ ᠦᠨ᠎ᠡ ᠦᠷᠳᠡᠭ ᠤᠨ ᠦᠰᠦᠯᠲᠡ ᠶᠢ ᠳᠡᠭᠡᠭᠰᠢᠯᠡᠭᠦᠯᠦᠨ᠎ᠡ᠃ ︽ᠨᠢᠭᠡ ᠤᠷᠤᠨ ᠨᠢᠭᠡ ᠨᠡᠷᠡᠲᠦ ᠳᠡᠮᠳᠡᠭᠳᠦ︾ ᠣᠨᠴᠠᠯᠢᠭᠲᠤ ᠠᠵᠤ ᠦᠢᠯᠡᠰ  ᠤᠨ ᠰᠠᠭᠤᠷᠢᠨ ᠭᠠᠵᠠᠷ ᠢ ᠪᠠᠶᠢᠭᠤᠯᠤᠨ᠂ ᠦᠵᠦᠮᠦᠴᠢᠨ ᠬᠤᠨᠢ᠂ ᠴᠠᠭᠠᠨ ᠦᠬᠡᠷ᠂ ᠴᠠᠭᠠᠨ ᠠᠳᠤᠭᠤ᠂ ᠲᠠᠯ᠎ᠠ ᠨᠤᠲᠤᠭ ᠤᠨ ᠤᠨᠴᠠᠯᠢᠭᠲᠤ ᠠᠷᠠᠳ ᠤᠨ ᠪᠠᠭᠤᠳᠠᠯ᠂ ᠦᠵᠦᠮᠦᠴᠢᠨ ᠪᠠᠶᠢᠭᠠᠯᠢᠯᠢᠭ ᠡᠪᠡᠰᠦ ᠪᠡᠯᠴᠢᠭᠡᠷ ᠵᠡᠷᠭᠡ ᠨᠡᠷᠡᠲᠦ ᠳᠡᠮᠳᠡᠭ ᠢ ᠤᠯᠠᠮ ᠨᠢᠭᠡ ᠠᠯᠬᠤᠮ ᠬᠥᠭᠵᠢᠭᠦᠯᠦᠨ᠎ᠡ᠃ ᠬᠤᠶᠠᠷ ᠲᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠶᠠᠨᠬᠤᠸᠠ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠵᠠᠳᠠᠭᠠᠶ ᠠᠭᠤᠷᠬᠠᠶ ᠶᠢᠨ ᠭᠠᠵᠠᠷ ᠬᠡᠷᠡᠭᠯᠡᠬᠦ ᠭᠠᠷᠳᠠᠮ ᠢ ᠭᠦᠶᠴᠡᠳᠬᠡᠬᠦ ᠶᠢ ᠠᠬᠢᠭᠤᠯᠤᠨ᠎ᠠ᠃ ᠬᠤᠸᠠ ᠷᠦᠨ ᠪᠠᠷᠠᠭᠤᠨ ᠨᠢᠭᠡᠳᠦᠭᠡᠷ ᠠᠭᠤᠷᠬᠠᠢ ᠶᠢ ᠳᠠᠷᠤᠢ ᠲᠦᠷᠭᠡᠨ ᠪᠠᠶᠢᠭᠤᠯᠵᠤ ᠳᠠᠭᠤᠰᠬᠠᠬᠤ  ᠶᠢ ᠱᠠᠭᠠᠷᠳᠠᠨ᠂ ᠪᠦᠬᠦ ᠵᠢᠯ ᠤᠨ ᠨᠡᠭᠦᠷᠡᠰᠦᠨ ᠤ ᠭᠠᠷᠤᠯᠲᠠ ᠶᠢ 6420 ᠲᠦᠮᠡᠨ ᠲᠣᠨ ᠣᠷᠴᠢᠮ ᠳᠤ ᠬᠦᠷᠭᠡᠬᠦ ᠪᠠᠷ ᠴᠢᠷᠮᠠᠶᠢᠨ᠎ᠠ᠃ ᠦᠢᠯᠡᠳᠪᠦᠷᠢᠯᠡᠵᠦ ᠲᠡᠭᠡᠭᠡᠪᠦᠷᠢᠯᠡᠬᠦ ᠪᠣᠷᠣᠯᠠᠭᠤᠯᠬᠤ ᠲᠣᠬᠢᠷᠠᠭᠤᠯᠭ᠎ᠠ ᠶᠢ ᠴᠢᠩᠭᠠᠳᠬᠠᠨ᠂ ᠨᠡᠭᠦᠷᠡᠰᠦᠨ  ᠤ ᠠᠵᠤ ᠠᠬᠤᠶᠢᠯᠠᠯ ᠢ ᠱᠠᠭᠠᠷᠳᠠᠨ᠂ ᠳᠤᠮᠳᠠ ᠪᠠ ᠤᠷᠲᠤ ᠬᠤᠭᠤᠴᠠᠭᠠᠨ ᠤ ᠭᠡᠷ᠎ᠡ ᠲᠣᠭᠲᠠᠬᠤ ᠠᠵᠢᠯ ᠢ ᠰᠠᠶᠢᠲᠤᠷ ᠬᠢᠯᠭᠡᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠬᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠶᠯᠡᠳᠪᠦᠷᠢ ᠶᠢᠨ ᠬᠤᠣᠰ ᠮᠠᠰᠢᠨ ᠤ ᠠᠰᠢᠭᠯᠠᠯᠳᠠ ᠳᠤ ᠣᠷᠤᠬᠤ ᠶᠢ ᠲᠦᠷᠭᠡᠳᠬᠡᠨ ᠠᠬᠢᠭᠤᠯᠵᠤ᠂ ᠵᠢᠶᠠᠩᠰᠦ ᠶᠢᠨ ᠡᠨᠧᠷᠭᠢ ᠶᠢᠨ ᠪᠦᠯᠦᠭᠯᠡᠯ ᠤᠨ ᠪᠠᠶᠠᠨᠬᠤᠸᠠ ᠴᠠᠬᠢᠯᠭᠠᠨ ᠦᠶᠯᠡᠳᠪᠦᠷᠢ ᠶᠢᠨ ᠰᠠᠭᠤᠷᠢ ᠢᠨᠵᠧᠨᠧᠷᠢᠩ ᠢ ᠪᠡᠶᠡᠯᠡᠭᠦᠯᠦᠨ᠂ ᠢᠯᠴᠢ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠮᠵᠢᠶ᠎ᠡ ᠶᠢ 616 ᠲᠦᠮᠡᠨ ᠺᠢᠯᠣᠸᠠᠲ ᠲᠤ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 290 ᠳ᠋ᠦᠩᠰᠢᠭᠤᠷ ᠺᠢᠯᠣᠸᠠᠲ ᠴᠠᠭ ᠠᠴᠠ ᠳᠠᠪᠠᠭᠤᠯᠤᠨ᠎ᠠ᠃ ᠨᠡᠭᠦᠷᠡᠰᠦᠨ ᠤ ᠪᠤᠰᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠶᠯᠡᠳᠪᠦᠷᠢᠯᠡᠯ ᠤᠨ ᠠᠵᠢᠯᠯᠠᠭ᠎ᠠ ᠶᠢ ᠰᠠᠶᠢᠲᠤᠷ ᠠᠳᠬᠤᠵᠤ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ ᠦᠢᠯᠡᠳᠪᠦᠷᠢᠯᠡᠬᠦ᠂ ᠬᠢᠩᠭᠠᠨ ᠵᠡᠰ ᠴᠠᠶᠢᠷ ᠬᠠᠶᠢᠯᠤᠭᠤᠯᠤᠨ ᠪᠤᠯᠪᠠᠰᠤᠷᠠᠭᠤᠯᠬᠤ᠂ ᠪᠤᠣ ᠱᠦᠸᠧ ᠬᠦᠩᠭᠡᠨᠴᠠᠭᠠᠨ ᠪᠤᠯᠪᠠᠰᠤᠷᠠᠭᠤᠯᠬᠤ᠂ ᠬᠤᠸᠠ ᠴᠤᠸᠠᠩ ᠨᠤᠨᠳᠠᠭ ᠨᠡᠭᠦᠷᠡᠰᠦᠨ ᠤ ᠦᠨᠡᠰᠦ ᠶᠢ ᠪᠤᠯᠪᠠᠰᠤᠷᠠᠭᠤᠯᠬᠤ ᠵᠢᠴᠢ ᠥᠩᠭᠡᠲᠦ ᠲᠡᠮᠦᠷᠯᠢᠭ ᠰᠤᠩᠭᠤᠨ ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠢ ᠲᠦᠯᠬᠢᠨ ᠠᠬᠢᠭᠤᠯᠵᠤ᠂ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢ 400 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠳᠦᠷᠭᠡᠳᠬᠡᠵᠦ᠂ ᠪᠠᠶᠠᠨᠬᠤᠸᠠ ᠳᠥᠷᠪᠡᠳᠦᠭᠡᠷ ᠠᠭᠤᠷᠬᠠᠢ ᠶᠢᠨ ᠡᠷᠬᠢᠨ ᠲᠣᠭᠤᠷᠢᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨᠬᠤᠸᠠ ᠥᠪᠡᠷ ᠢ ᠪᠠᠨ ᠬᠠᠩᠭᠠᠬᠤ ᠴᠠᠬᠢᠯᠭᠠᠨ ᠦᠢᠯᠡᠳᠪᠦᠷᠢ ᠶᠢᠨ 30 ᠲᠦᠮᠡᠨ ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠶᠢ ᠣᠷᠣᠯᠠᠭᠤᠯᠬᠤ᠂ ᠦᠪᠡᠷᠳᠡᠭᠡᠨ ᠴᠠᠬᠢᠯᠭᠠᠨ ᠭᠠᠷᠭᠠᠵᠦ ᠦᠪᠡᠷᠳᠡᠭᠡᠨ ᠬᠡᠷᠡᠭᠯᠡᠬᠦ 5 ᠲᠦᠮᠡᠨ ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠬᠢ ᠤᠨ ᠲᠣᠣᠷ ᠲᠤ ᠬᠠᠳᠠᠭᠠᠯᠠᠵᠤ ᠪᠣᠯᠬᠤ 20 ᠲᠦᠮᠡᠨ ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠡᠷᠲᠡᠬᠡᠨ ᠠᠵᠢᠯ ᠡᠬᠢᠯᠡᠬᠦᠯᠦᠨ ᠪᠠᠶᠢᠭᠤᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠤᠮᠫᠠᠨᠢ ᠶᠢᠨ ᠲᠠᠷᠬᠠᠮᠠᠯ ᠬᠡᠯᠪᠡᠷᠢ ᠶᠢᠨ ᠨᠠᠷᠠᠨ ᠤ ᠡᠨᠧᠷᠬᠢ ᠶᠢᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠲᠥᠷᠥᠯ ᠵᠦᠢᠯ ᠪᠠ ᠪᠠᠶᠠᠨᠬᠤᠸᠠ ᠶᠢᠨ ᠱᠠᠨ ᠴᠠᠬᠢᠯᠭᠠᠨ ᠦᠢᠯᠡᠳᠪᠦᠷᠢ᠂ ᠪᠦᠦ ᠱᠦᠸᠧ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠭᠡᠷ ᠤᠨ ᠠᠳᠠᠷ ᠲᠠᠬᠢ ᠨᠠᠷᠠᠨ ᠤ ᠡᠨᠧᠷᠬᠢ ᠶᠢᠨ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢ ᠠᠰᠢᠭᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ ᠪᠤᠯᠪᠠᠰᠤᠷᠠᠭᠤᠯᠬᠤ᠂ ᠬᠢᠩᠭᠠᠨ ᠵᠡᠰ ᠴᠠᠶᠢᠷ ᠬᠠᠶᠢᠯᠤᠭᠤᠯᠬᠤ ᠵᠡᠷᠭᠡ ᠠᠵᠤ ᠠᠬᠤᠶᠢᠯᠠᠯ ᠢ ᠵᠢᠯᠣᠭᠤᠳᠤᠨ᠂ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠲᠥᠷᠥᠯ ᠵᠦᠶᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ᠭᠤᠷᠪᠠ ᠳᠤ᠂ ᠰᠤᠶᠤᠯ ᠵᠢᠭᠤᠯᠴᠢᠯᠠᠯ ᠤᠨ ᠦᠢᠯᠡᠰ ᠤᠨ ᠬᠤᠷᠳᠤᠴᠠ ᠶᠢ ᠳᠦᠷᠭᠡᠳᠬᠡᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠢᠭᠤᠯᠴᠢᠯᠠᠯ ᠤᠨ ᠦᠢᠯᠡᠰ ᠢ ᠳᠡᠳᠬᠦᠬᠦ ᠠᠷᠪᠠᠨ ᠵᠤᠷᠪᠤᠰ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠶᠢ ᠦᠷᠭᠦᠯᠵᠢᠯᠡᠨ ᠥᠷᠨᠢᠭᠦᠯᠵᠦ᠂ ᠦᠵᠡᠮᠵᠢ ᠶᠢᠨ ᠤᠷᠤᠨ ᠤ ᠡᠭᠦᠳᠡᠨ‌‍ᠪᠢᠯᠧᠲ ᠢ ᠬᠠᠰᠤᠵᠦ ᠬᠡᠯᠲᠦᠷᠢᠭᠦᠯᠬᠦ ᠪᠠᠨ ᠴᠢᠩᠭᠠᠳᠬᠠᠨ᠂ ᠭᠠᠳᠠᠨ᠎ᠠ ᠶᠢᠨ ᠵᠢᠭᠤᠯᠴᠢᠯᠠᠭᠰᠠᠳ ᠲᠤ ᠬᠠᠷᠠᠮᠵᠢ ᠦᠭᠡᠢ ᠪᠠᠷ ᠨᠠᠭᠠᠳᠴᠤ ᠪᠤᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ  ᠶᠢ ᠬᠡᠷᠡᠭᠵᠢᠭᠦᠯᠵᠦ᠂ ︽ᠬᠤᠭᠤᠯᠠ ᠤᠮᠳᠠ᠂ ᠶᠠᠪᠤᠵᠦ ᠰᠠᠭᠤᠬᠤ᠂ ᠵᠤᠭᠠᠴᠠᠬᠤ᠂ ᠬᠡᠷᠡᠭᠯᠡᠭᠡ ᠬᠢᠬᠦ᠂ ᠨᠠᠭᠠᠳᠤᠨ ᠴᠡᠩᠭᠡᠯᠳᠦᠬᠦ︾ ᠵᠢᠷᠭᠤᠭᠠᠨ ᠶᠡᠭᠡ ᠡᠯᠧᠮᠧᠨ᠋ᠲ ᠤᠨ ᠲᠣᠭᠤᠷᠢᠨ ᠳᠤ᠂ ᠬᠠᠮᠢᠶ᠎ᠠ ᠪᠥᠬᠦᠶ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠷᠣᠬᠠᠨ ᠵᠢᠭᠤᠯᠴᠢᠯᠠᠭᠰᠠᠳ ᠲᠤ ᠦᠶᠯᠡᠴᠢᠯᠡᠬᠦ ᠲᠥᠪ᠂ ᠰᠡᠷᠭᠦᠯᠡᠩ ᠬᠠᠷᠠᠭᠠᠲᠤ ᠦᠵᠡᠮᠵᠢ ᠶᠢᠨ ᠣᠷᠣᠨ ᠤ ᠮᠣᠳᠣᠨ ᠬᠦᠭᠦᠷᠭᠡᠨ ᠵᠠᠮ᠂ ᠨᠡᠭᠦᠳᠡᠯᠴᠢᠨ ᠠᠶᠢᠮᠠᠭ ᠵᠤᠭᠠᠴᠠᠯ ᠤᠨ ᠤᠷᠤᠨ ᠤ ᠦᠵᠡᠮᠵᠢ ᠶᠢᠨ ᠲᠠᠪᠴᠠᠩ᠂ ︽99 ᠨᠣᠮᠧᠷᠲᠤ ᠵᠠᠰᠠᠮᠠᠯ ᠵᠠᠮ︾ ᠤᠨ ᠡᠬᠢᠯᠡᠯᠲᠡ ᠳᠡᠭᠦᠰᠬᠡᠯ ᠤᠨ ᠴᠡᠭ ᠢ ᠲᠠᠰ ᠳᠡᠪᠰᠢᠭᠦᠯᠬᠦ ᠵᠡᠷᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠠᠪᠴᠢᠭᠠᠢ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠠᠵᠢᠯ ᠤᠨ ᠤᠬᠠᠭᠤᠯᠭ᠎ᠠ ᠬᠥᠮᠦᠵᠢᠯ  ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠮᠠᠨ ᠤ ᠬᠤᠰᠢᠭᠤᠨ ᠤ ᠴᠠᠭ ᠠᠭᠤᠷ ᠤᠨ ᠣᠨᠴᠠᠯᠢᠭ ᠲᠠᠢ ᠤᠶᠠᠯᠳᠤᠭᠤᠯᠤᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠ ᠪᠦᠲᠦᠭᠡᠭᠳᠡᠭᠦᠨ ᠢᠶᠠᠨ ᠪᠠᠶᠠᠯᠢᠭᠵᠢᠭᠤᠯᠵᠤ᠂ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠨᠠᠷᠢᠯᠢᠭ ᠲᠥᠰᠦᠪᠯᠡᠵᠦ᠂ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠢᠶᠠᠷ ᠨᠠᠷᠠᠲᠤ ᠲᠡᠮᠳᠡᠭᠲᠦ ᠪᠤᠯᠭᠠᠭᠰᠠᠨ ᠬᠡᠭᠡᠷᠯᠡᠨ ᠵᠤᠭᠠᠴᠠᠬᠤ᠂ ᠮᠠᠷᠠᠽᠤᠨ᠂ ᠬᠡᠷᠡᠯ ᠵᠢᠷᠤᠭ ᠤᠨ ᠤᠷᠤᠯᠳᠤᠭᠠᠨ᠂ ᠳᠠᠭᠤᠤ ᠬᠥᠭᠵᠢᠮ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠂ ᠶᠠᠰᠤ ᠴᠢᠨᠠᠷ ᠢ ᠳᠡᠭᠡᠭᠰᠢᠯᠡᠭᠦᠯᠦᠨ᠂ ᠨᠡᠷ᠎ᠡ ᠠᠯᠳᠠᠷ ᠢᠶᠠᠨ ᠮᠠᠨᠳᠤᠭᠤᠯᠬᠤ ᠪᠠᠷ ᠴᠢᠷᠮᠠᠶᠢᠨ᠎ᠠ᠃ ᠨᠢᠭᠡ ᠪᠦᠯᠦᠭ ᠤᠳᠤᠨ ᠲᠡᠰ ᠤᠨ ᠪᠠᠭᠤᠳᠠᠯ᠂ ᠤᠳᠤᠨ ᠲᠡᠰ ᠤᠨ ᠠᠷᠠᠳ ᠤᠨ ᠪᠠᠭᠤᠳᠠᠯ ᠪᠠ ᠠᠷᠠᠳ ᠤᠨ ᠵᠠᠩ ᠦᠢᠯᠡ ᠶᠢᠨ ᠣᠨᠴᠠᠯᠢᠭ ᠢ ᠳᠤᠪᠤᠶᠢᠯᠭᠠᠭᠰᠠᠨ ︽ᠮᠠᠯᠴᠢᠨ ᠠᠶᠢᠯ ᠤᠨ ᠵᠤᠭᠠᠴᠠᠯ ᠤᠨ ᠭᠠᠵᠠᠷ ︾ ᠢ ᠪᠣᠶᠢᠵᠢᠭᠤᠯᠵᠤ᠂ ᠵᠢᠭᠤᠯᠴᠢᠯᠠᠯ ᠤᠨ ᠭᠠᠵᠠᠷ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠶᠠᠨᠴᠢᠳ ᠤᠨ ᠨᠢᠰᠬᠡᠯ᠂ ᠲᠡᠮᠦᠷ ᠵᠠᠮ ᠪᠠ ᠨᠠᠷᠠᠲᠤ ᠵᠢᠭᠤᠯᠴᠢᠯᠠᠯ ᠤᠨ ᠠᠵᠤ ᠠᠬᠤᠶᠢᠯᠠᠯ ᠤᠨ ᠵᠢᠭᠤᠯᠴᠢᠯᠠᠯ ᠤᠨ ᠲᠤᠰᠬᠠᠢ ᠨᠢᠰᠬᠡᠯ ᠪᠠ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠨᠡᠪᠲᠡᠷᠡᠬᠦᠯᠬᠦ ᠪᠠᠷ ᠢᠳᠡᠪᠬᠢᠲᠡᠶ ᠬᠠᠷᠢᠯᠴᠠᠵᠦ᠂ ᠵᠢᠭᠤᠯᠴᠢᠯᠠᠭᠰᠠᠳ  ᠤᠨ ᠶᠠᠪᠤᠵᠤ ᠰᠠᠭᠤᠬᠤ ᠳᠤ ᠳᠦᠭᠦᠮ ᠦᠵᠡᠬᠦᠯᠦᠨ᠎ᠡ᠃ ᠠᠳᠤᠭᠤᠨ ᠰᠣᠶᠣᠯ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ︽ᠠᠳᠤᠭᠤᠨ︾ ᠤ ᠨᠠᠷᠠᠲᠤ ᠲᠡᠮᠳᠡᠭᠲᠦ ᠶᠢᠨ ᠵᠢᠭᠤᠯᠴᠢᠯᠠᠯ ᠤᠨ ᠬᠦᠴᠦᠨ ᠵᠦᠶᠯ ᠢ ᠪᠠᠶᠠᠯᠢᠭᠵᠢᠭᠤᠯᠤᠨ᠂ ᠮᠣᠷᠢ ᠠᠷᠠᠴᠢᠯᠠᠵᠤ ᠡᠮᠨᠢᠭ ᠰᠤᠷᠭᠠᠬᠤ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠵᠤ᠂ ᠮᠣᠩᠭᠤᠯ ᠮᠣᠷᠢᠨ ᠤ ᠡᠯ᠎ᠡ ᠲᠥᠷᠥᠯ ᠤᠨ ᠤᠷᠤᠯᠳᠤᠭᠠᠨ ᠢ ᠵᠤᠬᠢᠶᠠᠨ ᠪᠠᠶᠢᠭᠤᠯᠬᠤ ᠪᠠ ᠰᠣᠶᠣᠯ ᠤᠷᠠᠯᠢᠭ ᠤᠨ ᠲᠣᠭᠯᠠᠯᠲᠠ ᠦᠷᠨᠢᠬᠦᠯᠦᠨ᠎ᠡ᠃ ᠭᠠᠷ ᠤᠷᠠᠯᠠᠯ ᠤᠨ ᠠᠵᠤ ᠠᠬᠤᠶᠢᠯᠠᠯ ᠤᠨ ᠪᠤᠳᠠᠰ ᠤᠨ ᠪᠤᠰᠤ ᠰᠤᠶᠤᠯ ᠤᠨ ᠥᠪ ᠤᠨ ᠪᠦᠳᠦᠭᠡᠭᠳᠡᠬᠦᠨ᠂ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠵᠤᠭᠠᠴᠠᠯ ᠤᠨ ᠲᠠᠸᠠᠷ ᠢ ᠲᠥᠯᠥᠪᠯᠡᠨ ᠰᠤᠳᠤᠯᠬᠤ ᠶᠢ ᠵᠤᠷᠢᠭᠵᠢᠭᠤᠯᠤᠨ ᠳᠡᠮᠵᠢᠵᠦ᠂ ᠠᠩᠬᠠᠳᠤᠭᠠᠷ ᠤᠳᠠᠭᠠᠨ ᠤ ᠰᠣᠶᠣᠯ ᠤᠨ ᠪᠦᠲᠦᠭᠡᠭᠳᠡᠬᠦᠨ ᠤ ᠤᠷᠤᠯᠳᠤᠭᠠᠨ ᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠲᠠᠸᠠᠷ ᠤᠨ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ ᠨᠤᠭᠤᠭᠠᠨᠬᠠᠳᠠ ᠭᠠᠴᠠᠭ᠎ᠠ ᠶᠢ ᠤᠯᠤᠰ ᠤᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠭᠠᠴᠠᠭ᠎ᠠ ᠪᠠᠷ ᠡᠷᠡᠮᠡᠯᠵᠡᠯᠡᠬᠦ ᠶᠢ ᠠᠬᠢᠭᠤᠯᠤᠨ᠎ᠠ᠃ ︵ᠭᠤᠷᠪᠠ︶ ᠣᠷᠴᠢᠨ ᠳᠤᠭᠤᠷᠢᠨ ᠤ ᠬᠠᠮᠠᠭᠠᠯᠠᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ ᠨᠢᠭᠡ ᠳᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠠᠶᠢᠳᠦᠷ ᠵᠠᠰᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠰᠡᠷᠭᠦᠭᠡᠬᠦ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ︽ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠠᠰᠠᠭᠤᠳᠠᠯ ᠢ ᠰᠢᠶᠳᠪᠦᠷᠢᠯᠡᠬᠦ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠨᠥᠬᠦᠪᠦᠷᠢ ᠱᠠᠩᠨᠠᠯ ᠤᠨ ᠮᠥᠩᠭᠦ ᠶᠢ ᠣᠯᠭᠤᠬᠤ ᠶᠢ ᠨᠤᠲᠤᠭ ᠪᠡᠯᠴᠢᠭᠡᠷ  ᠤᠨ ᠳᠠᠭᠠᠭᠠᠴᠢᠯᠠᠨ ᠡᠵᠡᠩᠨᠡᠭᠴᠢ ᠶᠢᠨ ᠬᠠᠷᠢᠭᠤᠴᠠᠯᠭ᠎ᠠ ᠪᠠᠨ ᠭᠦᠶᠴᠡᠳᠬᠡᠬᠦ ᠲᠠᠢ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠵᠤᠭᠰᠤᠭᠠᠬᠤ ᠰᠡᠯᠭᠦᠨ ᠮᠠᠯᠵᠢᠬᠤ ᠲᠦᠷᠢᠮ ᠪᠠ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠵᠡᠷᠭᠡ ᠦᠶᠯᠡ ᠠᠵᠢᠯᠯᠠᠭ᠎ᠠ ᠶᠢ ᠰᠢᠢᠳᠬᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠪᠡᠯᠴᠢᠭᠡᠷᠯᠡᠭᠦᠯᠬᠦ + ᠪᠤᠷᠳᠤᠬᠤ︾᠂ ︽ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠨ ᠬᠠᠰᠢᠶᠠᠯᠠᠨ ᠲᠡᠵᠢᠭᠡᠬᠦ︾ ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠡᠪᠤᠯ ᠤᠨ ᠤᠯᠠᠷᠢᠯ ᠳᠤ ᠨᠤᠲᠤᠭ ᠠᠯᠤᠰᠯᠠᠨ ᠲᠡᠵᠢᠭᠡᠬᠦ ᠵᠡᠷᠭᠡ ᠵᠠᠭᠪᠤᠷ ᠢ ᠬᠡᠷᠡᠭᠵᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ  ᠤᠨ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠲᠤᠷᠤᠭᠰᠢ ᠪᠤᠯᠭᠠᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠤ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ 6.5 ᠲᠦᠮᠡᠨ ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ 3 ᠲᠦᠮᠡᠨ ᠮᠥ ᠭᠠᠵᠠᠷ ᠲᠤ ᠬᠥᠮᠦᠨ ᠤ ᠬᠦᠴᠦ ᠪᠠᠷ ᠡᠪᠡᠰᠦ ᠲᠠᠷᠢᠬᠤ᠂ 0.7 ᠲᠦᠮᠡᠨ ᠮᠦ ᠡᠯᠡᠰᠦ ᠶᠢ ᠶᠡᠷᠦᠩᠬᠡᠶᠢᠯᠡᠨ ᠵᠠᠰᠠᠬᠤ ᠪᠠᠷ ᠳᠦᠯᠦᠪᠯᠡᠵᠦ ᠪᠠᠶᠢᠨ᠎ᠠ᠃ ᠨᠠᠷᠠᠨ ᠤ ᠡᠨᠧᠷᠬᠢ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠰᠢᠭ ᠤᠷᠤᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠳᠤ ᠳᠡᠭᠡᠳᠦ ᠱᠠᠲᠤᠨ ᠤ ᠳᠡᠮᠵᠢᠯᠭᠡ ᠶᠢ ᠴᠢᠷᠮᠠᠶᠢᠨ ᠡᠷᠡᠮᠡᠯᠵᠡᠯᠡᠨ᠎ᠡ᠃ ᠲᠠᠯ᠎ᠠ ᠨᠤᠲᠤᠭ ᠤᠨ ᠠᠮᠢ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠵᠦᠪᠰᠢᠶᠡᠷᠡᠯ ᠦᠭᠡᠢ ᠪᠠᠷ ᠪᠠᠷᠢᠯᠭ᠎ᠠ ᠪᠠᠷᠢᠬᠤ᠂ ᠬᠡᠭᠡᠷ᠎ᠡ ᠶᠢᠨ ᠡᠮᠲᠦ ᠤᠷᠭᠤᠮᠠᠯ ᠢ ᠬᠠᠤᠯᠢ ᠪᠤᠰᠤ ᠪᠠᠷ ᠲᠡᠭᠦᠵᠦ ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠥᠭᠭᠦᠨ᠎ᠡ᠃ ︽ᠤᠰᠤ ᠪᠠᠷ ᠳᠦᠷᠪᠡ ᠶᠢ ᠲᠤᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠨ᠎ᠠ᠃ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷᠯᠢᠭ ᠠᠬᠢᠭᠤᠯᠵᠤ᠂ ᠦᠯᠡᠳᠡᠵᠦ ᠪᠠᠶᠢᠭ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ ᠥᠩᠭᠡᠷᠡᠭᠰᠡᠨ ᠵᠢᠯ  ᠤᠳ ᠤᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠳᠠᠬᠢᠨ ᠪᠠᠶᠢᠴᠠᠭᠠᠬᠤ︾ ᠠᠵᠢᠯ ᠢ ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢ ᠬᠦᠯᠢᠶᠡᠬᠦ ᠪᠡᠯᠡᠳᠬᠡᠯ ᠠᠵᠢᠯ ᠢ ᠰᠠᠶᠢᠳᠤᠷ ᠬᠢᠨ᠎ᠡ᠃ 65 ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢᠨ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 3 ᠵᠦᠶᠯ ᠤᠨ ᠠᠭᠠᠷ ᠮᠠᠨᠳᠠᠯ ᠤᠨ ᠪᠤᠬᠢᠷᠳᠤᠯ ᠪᠤᠳᠠᠰ ᠤᠨ ᠭᠦᠶᠴᠡᠳᠬᠡᠯ ᠲᠤᠭ᠎ᠠ ᠨᠢ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠬᠦ ᠶᠢ ᠪᠡᠶᠡᠯᠡᠬᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ ᠢ ᠪᠠᠶᠢᠩᠭᠤᠵᠢᠭᠤᠯᠤᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ᠂ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠭᠤᠣᠯᠳᠠᠯᠭ᠎ᠠ ᠲᠠᠢ ᠤᠰᠤ ᠭᠠᠳᠠᠭᠰᠢᠯᠠᠭᠤᠯᠬᠤ ᠠᠵᠤ ᠠᠬᠤᠶᠢᠯᠠᠯ ᠢ ᠪᠠᠷᠢᠮᠵᠢᠶᠠᠨ ᠳᠤ ᠬᠦᠷᠦᠭᠦᠯᠦᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠤᠲᠠ ᠪᠠᠯᠭᠠᠰᠤᠨ ᠤ ᠪᠣᠬᠢᠷ ᠤᠰᠤᠨ ᠤ ᠦᠢᠯᠡᠳᠪᠦᠷᠢ ᠶᠢᠨ ᠬᠠᠭᠤᠴᠢᠨ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠳᠤᠳᠬᠠᠵᠦ᠂ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠪᠦᠬᠦᠯᠢ ᠴᠣᠭᠴᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠶᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠡᠪᠴᠢᠶᠡᠵᠢᠭᠦᠯᠦᠨ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠲᠤ ᠬᠤᠯᠪᠣᠭᠳᠠᠬᠤ ᠠᠵᠢᠯ ᠲᠥᠷᠥᠯ ᠪᠣᠯᠤᠨ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠪᠣᠬᠢᠷᠲᠤᠯ ᠤᠨ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ 17 ᠭᠤᠣᠯᠳᠠᠯᠭ᠎ᠠ ᠲᠠᠢ ᠬᠠᠮᠢᠶᠠᠷᠴᠤ ᠪᠠᠶᠢᠭ᠎ᠠ ᠨᠢᠭᠡᠴᠡ ᠶᠢ ᠪᠦᠬᠦᠨ ᠢ ︽ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ︾ ᠶᠢᠨ ᠲᠠᠪᠴᠠᠩ ᠳᠤ ᠤᠷᠤᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ ᠲᠡᠶᠢᠰᠢ ᠬᠤᠪᠢᠷᠠᠭᠤᠯᠬᠤ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ ᠤᠨ ᠲᠥᠰᠦᠯ︾ ᠤᠨ ᠲᠣᠭᠤᠷᠢᠨ ᠳᠤ᠂ ᠪᠣᠳᠠᠲᠠᠶ ᠲᠠᠢ ᠪᠠᠨ ᠤᠶᠠᠯᠳᠤᠭᠤᠯᠤᠨ ᠮᠠᠨ ᠤ ᠬᠤᠰᠢᠭᠤᠨ ᠤ ᠪᠤᠳᠠᠲᠠᠢ ᠨᠠᠶᠢᠳᠠᠪᠤᠷᠢᠵᠢᠭᠤᠯᠬᠤ ᠲᠥᠰᠥᠪ ᠪᠠ ︽ᠪᠤᠬᠢᠷᠳᠤᠯ ᠦᠭᠡᠢ ᠴᠠᠬᠢᠯᠭᠠᠨ ᠢ ᠠᠰᠢᠭᠯᠠᠬᠤ + ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ︾ ᠲᠤᠰᠬᠠᠶ ᠠᠵᠢᠯᠯᠠᠭᠠᠨ ᠤ ᠲᠥᠰᠦᠯ ᠢ ᠨᠠᠶᠢᠷᠠᠭᠤᠯᠤᠨ ᠵᠤᠬᠢᠶᠠᠨ᠎ᠠ᠃ ᠮᠠᠨ ᠤ ᠬᠤᠰᠢᠭᠤᠨ ᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠠᠮᠢᠶ᠎ᠠ ᠪᠥᠬᠦᠶ ᠦᠶᠯᠡᠳᠬᠦᠨ  ᠤ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ᠰᠢᠨᠡᠳᠬᠡᠨ ᠥᠭᠡᠷᠡᠴᠢᠯᠡᠬᠦ ᠶᠢ ᠠᠯᠬᠤᠮ ᠠᠯᠬᠤᠮ ᠢᠶᠠᠷ ᠲᠥᠷᠥᠯ ᠬᠤᠪᠢᠶᠠᠨ ᠬᠡᠷᠡᠭᠵᠢᠭᠦᠯᠦᠨ᠎ᠡ᠃ ᠪᠠᠶᠠᠨᠬᠤᠸᠠ ᠨᠠᠷᠢᠯᠢᠭᠵᠢᠭᠤᠯᠤᠭᠰᠠᠨ ᠬᠥᠩᠭᠡᠨᠴᠠᠭᠠᠨ ᠤ ᠬᠠᠪᠲᠠᠰᠤ ᠶᠢᠨ ᠲᠥᠷᠥᠯ ᠵᠦᠶᠯ ᠤᠨ ᠪᠤᠬᠢᠷᠳᠤᠯ ᠦᠭᠡᠢ ᠴᠠᠬᠢᠯᠭᠠᠨ ᠬᠡᠷᠡᠭᠯᠡᠬᠦ ᠡᠷᠴᠢᠮ ᠢ ᠨᠡᠮᠡᠭᠳᠡᠬᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠯ ᠤᠨ ᠬᠢᠷᠢ ᠳᠦᠪᠰᠢᠨ ᠢ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠭᠡᠯᠵᠢ ᠶᠢᠨ ᠠᠭᠤᠷᠬᠠᠶ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠦᠷᠨᠢᠬᠦᠯᠬᠦ ᠶᠢ ᠢᠳᠡᠪᠬᠢᠳᠡᠢ ᠳᠡᠮᠵᠢᠵᠦ᠂ ᠢᠤᠢ ᠯᠦᠩ ᠠᠭᠤᠷᠬᠠᠶ ᠶᠢᠨ ᠦᠶᠯᠡᠰ ᠤᠨ ᠬᠠᠷ᠎ᠠ ᠲᠤᠭᠤᠯᠭ᠎ᠠ ᠴᠠᠶᠢᠷ ᠵᠡᠰ ᠤᠨ ᠠᠭᠤᠷᠬᠠᠶ᠂ ᠪᠦᠳᠦᠭᠦᠨ ᠠᠭᠤᠯᠠ ᠮᠥᠩᠭᠦ ᠲᠡᠮᠦᠷᠯᠢᠭ ᠤᠨ ᠠᠭᠤᠷᠬᠠᠶ᠂ ᠳᠡᠯᠪᠡᠴᠡᠨ ᠠᠯᠲᠠᠨ ᠤ ᠠᠭᠤᠷᠬᠠᠶ ᠵᠡᠷᠭᠡ ᠶᠢᠨ ᠠᠭᠤᠷᠬᠠᠶ ᠬᠠᠶᠢᠬᠤ ᠡᠷᠬᠡ ᠶᠢ ᠨᠡᠭᠡᠭᠡᠨ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠭᠠᠷᠳᠠᠮ ᠢ ᠦᠷᠭᠦᠯᠵᠢᠯᠡᠨ ᠠᠬᠢᠭᠤᠯᠵᠦ᠂ ᠬᠠᠳᠠᠲᠤ ᠴᠣᠬᠤᠢ ᠶᠢᠨ ᠴᠢᠯᠠᠭᠤᠨ ᠠᠭᠤᠷᠬᠠᠢ ᠶᠢᠨ ᠨᠤᠲᠤᠭ ᠪᠡᠯᠴᠢᠭᠡᠷ ᠢ ᠲᠠᠲᠠᠪᠤᠷᠢᠯᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠶᠢ ᠠᠬᠢᠭᠤᠯᠤᠨ᠎ᠠ᠃ ᠡᠯ᠎ᠡ ᠠᠭᠤᠷᠬᠠᠢ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠨᠡᠭᠦᠷᠡᠰᠦᠨ ᠠᠭᠤᠷᠬᠠᠢ ᠶᠢᠨ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢᠨ ᠠᠵᠢᠯ ᠢ ᠪᠡᠶᠡᠯᠡᠭᠦᠯᠦᠨ᠎ᠡ᠃ ︽ᠲᠠᠪᠤ ᠶᠢ ᠡᠴᠦᠰ ᠲᠤ ᠨᠢ ᠲᠤᠯᠲᠠᠯ᠎ᠠ ᠬᠢᠬᠦ︾ ᠠᠵᠢᠯᠯᠠᠭ᠎ᠠ ᠶᠢ ᠭᠦᠨᠵᠡᠭᠡᠢ ᠦᠷᠨᠢᠬᠦᠯᠵᠦ᠂ ᠰᠤᠯᠠ ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠬᠦ ᠪᠠ ᠵᠦᠪᠰᠢᠶᠡᠷᠡᠭᠰᠡᠨ ᠪᠤᠯᠪᠠᠴᠦ ᠠᠰᠢᠭᠯᠠᠭᠠᠳᠤᠢ ᠭᠠᠵᠠᠷ ᠰᠢᠷᠤᠢ ᠶᠢᠨ ᠠᠰᠠᠭᠤᠳᠠᠯ ᠢ ᠰᠢᠢᠳᠪᠦᠷᠢᠯᠡᠬᠦ ᠵᠢᠯ ᠤᠨ ᠡᠭᠦᠷᠭᠡ ᠶᠢ ᠪᠡᠶᠡᠯᠡᠬᠦᠯᠦᠨ᠎ᠡ᠃︵ᠳᠥᠷᠪᠡ︶ ᠥᠭᠡᠷᠡᠴᠢᠯᠡᠯᠲᠡ ᠶᠢ ᠭᠤᠶᠢᠪᠢᠰᠢ ᠦᠭᠡᠢ ᠠᠳᠬᠤᠨ ᠰᠢᠨ᠎ᠡ ᠶᠢ ᠡᠭᠦᠳᠬᠦ ᠶᠢ ᠡᠷᠢᠯᠬᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ  ᠲᠠᠶᠢᠴᠢᠯᠠᠨ᠎ᠠᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠾᠧᠪᠧᠢ ᠶᠢᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠬᠤᠯᠪᠣᠭᠠᠯᠠᠨ ᠪᠣᠭᠤᠮᠲᠠ ᠰᠢᠪᠲᠤᠯᠬᠤ ᠢ ᠥᠷᠨᠢᠭᠦᠯᠵᠦ᠂ ᠬᠥᠩᠭᠡᠨᠴᠠᠭᠠᠨ ᠤ ᠠᠵᠤ ᠦᠢᠯᠡᠰ᠂ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ᠂ ᠠᠳᠤᠭᠤᠨ ᠤ ᠪᠦᠲᠦᠭᠡᠭᠳᠡᠭᠦᠨ ᠤ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠰᠢᠨ᠎ᠡ ᠬᠡᠯᠪᠡᠷᠢ ᠶᠢᠨ ᠬᠥᠩᠭᠡᠨᠴᠠᠭᠠᠨ ᠤ ᠪᠦᠲᠦᠭᠡᠭᠳᠡᠭᠦᠨ ᠦᠢᠯᠡᠳᠬᠦ᠂ ᠦᠵᠦᠮᠦᠴᠢᠨ ᠬᠤᠨᠢᠨ ᠤ ︽ᠢᠬᠡᠷ᠎ᠡ ᠬᠤᠷᠠᠭ᠎ᠠ︾ ᠶᠢ ᠰᠤᠩᠭᠤᠨ ᠪᠤᠶᠢᠵᠢᠭᠤᠯᠬᠤ᠂ ᠦᠵᠦᠮᠦᠴᠢᠨ ᠴᠠᠭᠠᠨ ᠦᠬᠡᠷ ᠤᠨ ᠤᠳᠤᠮᠯᠠᠯ ᠢ ᠬᠢᠨᠠᠨ ᠲᠣᠭᠲᠠᠭᠠᠬᠤ᠂ ᠮᠤᠷᠢᠨ ᠤ ᠴᠢᠰᠤᠨ ᠴᠠᠶᠢᠪᠠᠩ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠤᠳᠤᠯᠤᠨ᠎ᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠪᠠ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 2 ᠠᠴᠠ ᠳᠡᠭᠡᠭᠰᠢ ᠭᠤᠣᠯᠳᠠᠯᠭ᠎ᠠ ᠲᠠᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ  ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 10 ᠠᠴᠠ ᠳᠡᠭᠡᠭᠰᠢ ᠪᠣᠶᠢᠵᠢᠭᠤᠯᠤᠨ᠎ᠠ᠃ ᠬᠤᠶᠠᠷ ᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠰᠢᠭᠤᠳ ᠬᠠᠷᠢᠶ᠎ᠠ ᠠᠵᠤ ᠠᠬᠤᠶᠢᠯᠠᠯ ᠤᠨ ︽ᠵᠢᠷᠭᠤᠭ᠎ᠠ ᠶᠢ ᠲᠣᠭᠲᠠᠭᠠᠬᠤ︾ ᠲᠥᠰᠦᠯ ᠢ ᠬᠡᠷᠡᠭᠵᠢᠭᠦᠯᠵᠦ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠬᠠᠮᠢᠶᠠᠷᠤᠯᠲᠠ  ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠬᠤᠰᠢᠭᠤ ᠲᠡᠰ ᠤᠨ ᠤᠯᠤᠰ ᠤᠨ ᠥᠮᠴᠢᠯᠡᠯᠲᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠠᠮᠵᠢᠵᠤ᠂ ᠡᠯ᠎ᠡ ᠲᠥᠷᠥᠯ ᠤᠨ ᠦᠷ᠎ᠡ ᠠᠰᠢᠭ ᠢᠶᠠᠷ ᠳᠣᠣᠷ᠎ᠠ ᠪᠠᠶᠢᠭ᠎ᠠ ᠪᠡᠯᠡ ᠬᠥᠷᠥᠩᠭᠡ ᠶᠢ ᠠᠰᠢᠭᠯᠠᠵᠤ᠂ ᠠᠯᠳᠠᠭᠳᠠᠯ ᠲᠠᠢ ᠠᠵᠤ ᠠᠬᠤᠶᠢᠯᠠᠯ ᠢ ᠨᠢᠭᠡᠳᠬᠡᠵᠦ ᠪᠣᠯᠬᠤ ᠶᠢ ᠨᠢ ᠨᠢᠭᠡᠳᠬᠡᠨ᠂ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠬᠦᠴᠦᠨ ᠦᠭᠡᠢ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠬᠠᠤ ᠶᠢ ᠪᠥᠬᠦ ᠬᠦᠴᠦᠨ ᠢᠶᠠᠷ ᠳᠡᠮᠵᠢᠵᠦ᠂ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ᠂ ᠲᠡᠰ ᠲᠡᠪᠰᠢᠭᠦᠯᠵᠦ ᠪᠦᠷᠢᠳᠬᠡᠯ ᠳᠤ ᠤᠷᠤᠭᠤᠯᠬᠤ ᠪᠠ ᠭᠤᠤᠯᠳᠠᠯᠭ᠎ᠠ ᠲᠠᠢ ᠠᠵᠢᠯ ᠲᠥᠷᠥᠯ ᠤᠨ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ᠂ ᠣᠷᠣᠨ ᠤ ᠭᠠᠳᠠᠨᠠᠬᠢ ᠬᠠᠤᠯᠢ ᠶᠢᠨ ᠡᠷᠬᠡᠲᠡᠨ ᠢ ᠬᠤᠰᠢᠭᠤᠨ ᠳᠤ ᠪᠠᠨ ᠳᠠᠩᠰᠠᠯᠠᠭᠤᠯᠬᠤ ᠵᠡᠷᠭᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠭᠠᠶᠢᠯᠢ ᠶᠢᠨ ᠢᠷᠡᠯᠲᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠵᠢᠵᠢᠭ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠦᠭᠵᠢᠯᠳᠡ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ︽ᠬᠤᠪᠢ ᠶᠢᠨ ᠡᠵᠡᠩᠨᠡᠯᠲᠡ ᠶᠢᠨ ᠡᠷᠦᠬᠡ ᠶᠢ ᠠᠵᠤ ᠠᠬᠤᠶᠢᠯᠠᠯ ᠪᠣᠯᠭᠠᠬᠤ︾᠂ ︽ᠵᠢᠵᠢᠭ ᠠᠵᠦ ᠠᠬᠤᠶᠢᠯᠠᠯ ᠢ ᠬᠡᠪᠴᠢᠶᠡᠵᠢᠭᠦᠯᠬᠦ︾ ᠶᠢ ᠶᠡᠬᠡᠪᠡᠷ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠠᠷᠳᠠᠮ ᠭᠦᠶᠴᠡᠳᠬᠡᠬᠦ᠂ ᠪᠠᠯᠠ ᠲᠣᠬᠢᠷᠠᠭᠤᠯᠭ᠎ᠠ ᠶᠢᠨ ᠵᠢᠭᠡᠯᠡᠯᠭᠡ᠂ ᠬᠦᠴᠦᠨ ᠵᠦᠶᠯ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠲᠠᠯ᠎ᠠ ᠶᠢᠨ ᠠᠰᠠᠭᠤᠳᠠᠯ ᠳᠤ ᠬᠠᠨᠳᠤᠯᠭᠠᠳᠤ ᠴᠢᠨᠠᠷᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ ᠭᠤᠷᠪᠠ ᠳᠤ᠂ ᠭᠠᠳᠠᠭᠠᠳᠤ ᠨᠡᠭᠡᠭᠡᠯᠲᠡ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠨ᠎ᠡ᠃ ᠪᠠᠶᠠᠨᠬᠤᠸᠠ ᠣᠯᠠᠨ ᠤᠯᠤᠰ ᠤᠨ ᠪᠤᠳᠠᠰ ᠤᠨ ᠭᠦᠢᠯᠭᠡᠭᠡᠨ ᠤ ᠡᠬᠡ ᠬᠠᠭᠤᠷᠠᠢ ᠶᠢᠨ ᠭᠠᠷᠠᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠪᠤᠳᠠᠰ ᠤᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠵᠤ᠂ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠴᠢᠬᠤᠯᠠ ᠭᠤᠭᠴᠤᠭ᠎ᠠ ᠶᠢ ᠪᠠᠲᠤ ᠡᠵᠡᠮᠳᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠳᠬᠠᠨ᠂ ᠭᠠᠳᠠᠭᠠᠳᠤ ᠠᠷᠠᠯᠵᠢᠶ᠎ᠡ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ︽ᠭᠠᠳᠠᠭᠠᠳᠤ ᠠᠵᠤ ᠠᠬᠤᠶ︾ ᠶᠢ ︽ᠤᠷᠤᠨ ᠨᠤᠲᠤᠭ ᠤᠨ ᠠᠵᠤ ᠠᠬᠤᠶ︾ ᠪᠣᠯᠭᠠᠨ ᠬᠤᠪᠢᠷᠠᠭᠤᠯᠬᠤ ᠶᠢ ᠬᠠᠶᠢᠨ ᠰᠦᠪᠡᠭᠴᠢᠯᠡᠬᠦ ᠳᠤ ᠨᠥᠬᠦᠴᠡᠯ ᠡᠭᠦᠳᠴᠦ᠂ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠤᠭ᠎ᠠ ᠶᠢ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠤᠷᠤᠨ ᠨᠤᠲᠤᠭ ᠤᠨ ᠰᠢᠨ᠎ᠡ ᠮᠠᠯᠴᠢᠳ ᠢ ᠬᠥᠮᠦᠵᠢᠭᠦᠯᠵᠦ᠂ ︽ᠰᠦᠯᠵᠢᠶᠡᠨ ᠤ ᠨᠡᠷᠡᠲᠦ︾ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠭᠦᠳᠴᠦ᠂ ᠡᠯᠧᠺᠲᠷᠣᠨ ᠬᠤᠳᠠᠯᠳᠤᠭ᠎ᠠ ᠬᠢᠭᠡᠳ ᠲᠦᠷᠭᠡᠨ ᠬᠤᠪᠢᠭᠤᠯᠭ᠎ᠠ ᠶᠢᠨ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠲᠠᠪᠤ︶ ᠰᠠᠭᠤᠷᠢ ᠶᠢ ᠪᠠᠲᠤᠳᠬᠠᠵᠤ ᠲᠤᠲᠠᠭᠳᠠᠯ ᠢ ᠨᠥᠬᠦᠪᠦᠷᠢᠯᠡᠬᠦ ᠶᠢ ᠡᠷᠡᠰ ᠭᠤᠶᠢᠪᠢᠰᠢ ᠦᠭᠡᠢ ᠠᠳᠬᠤᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ︽ᠮᠢᠩᠭᠠᠨ ᠲᠤᠰᠬᠤᠨ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠨ ᠴᠡᠭᠴᠡᠯᠡᠬᠦ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠵᠤ ᠦᠢᠯᠡᠳᠦᠯᠭᠡᠵᠢᠭᠦᠯᠦᠨ᠂ ᠬᠥᠳᠡᠭᠡ ᠲᠣᠰᠬᠤᠨ ᠤ ᠠᠵᠤ ᠦᠢᠯᠡᠰ  ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠳᠡᠭᠡᠷ᠎ᠡ ᠱᠠᠲᠤᠨ ᠤ ᠵᠢᠱᠢᠶ᠎ᠡ ᠦᠵᠡᠭᠦᠯᠬᠦ ᠭᠠᠴᠠᠭ᠎ᠠ ᠵᠢᠴᠢ ᠬᠥᠳᠡᠭᠡ ᠲᠤᠰᠬᠤᠨ ᠢ ᠭᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠲᠥᠷᠥᠯ ᠵᠦᠢᠯ ᠪᠤᠯᠤᠨ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠡᠷᠡᠮᠡᠯᠵᠡᠯᠡᠨ ᠣᠯᠵᠤ᠂ 5000 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠳᠦᠯᠦᠪᠯᠡᠵᠦ ᠪᠤᠢ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 8 ᠵᠤᠷᠪᠤᠰ 82.5 ᠺᠢᠯᠣᠮᠧᠲᠷ ᠤᠨ ᠵᠠᠰᠠᠵᠤ ᠪᠠᠶᠢᠭ᠎ᠠ ᠵᠠᠰᠠᠮᠠᠯ ᠵᠠᠮ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 9 ᠵᠤᠷᠪᠤᠰ 155 ᠺᠢᠯᠣᠮᠧᠲᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠨ᠎ᠠ᠃ ᠮᠠᠨ ᠤ ᠬᠤᠰᠢᠭᠤᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠣᠳᠣᠬᠢ ᠪᠠᠶᠢᠳᠠᠯ ᠳᠤ ᠰᠠᠭᠤᠷᠢᠯᠠᠨ᠂ 1000 ᠭᠠᠷᠤᠢ ᠡᠷᠥᠭᠡ ᠳᠤ ᠨᠠᠷᠠ ᠰᠠᠯᠬᠢ ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ ᠲᠥᠬᠦᠭᠡᠷᠦᠮᠵᠢ ᠤᠭᠰᠠᠷᠠᠨ᠂ ᠮᠠᠯᠵᠢᠬᠤ ᠣᠷᠣᠨ ᠤ ᠠᠮᠢᠳᠤᠷᠠᠯ ᠤᠨ ᠴᠠᠬᠢᠯᠭᠠᠨ ᠬᠦᠴᠦᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠵᠤ᠂ ᠨᠥᠬᠦᠴᠡᠯ ᠳᠤ ᠨᠡᠶᠢᠴᠡᠬᠦ 700 ᠭᠠᠷᠤᠢ ᠮᠠᠯᠵᠢᠬᠤ ᠡᠷᠥᠭᠡ ᠳᠤ ᠪᠠᠶᠢᠩᠭᠤ ᠶᠢᠨ ᠴᠠᠬᠢᠯᠭᠠᠨ ᠣᠷᠣᠭᠤᠯᠬᠤ ᠪᠠᠷ ᠴᠢᠷᠮᠠᠶᠢᠨ᠂ 10 ᠺᠢᠯᠣᠸᠠᠲ ᠵᠢᠴᠢ ᠡᠭᠦᠨ ᠠᠴᠠ ᠳᠣᠷᠣᠭᠰᠢᠬᠢ ᠴᠠᠬᠢᠯᠭᠠᠨ ᠲᠤᠤᠷ ᠤᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ︽ᠵᠣᠷᠯᠣᠩ ᠤᠨ ᠬᠤᠪᠢᠰᠬᠠᠯ︾ ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠬᠢᠭᠤᠯᠵᠤ᠂ ᠨᠢᠭᠡᠨᠲᠡ ᠪᠠᠶᠢᠭᠤᠯᠤᠭᠰᠠᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ 390 ᠲᠦᠮᠡᠨ ᠲᠥᠭᠦᠷᠢᠭ ᠤᠨ ᠪᠡᠯᠡ ᠣᠷᠣᠭᠤᠯᠵᠤ 327 ᠡᠷᠦᠬᠡ ᠳᠤ ᠵᠣᠷᠯᠣᠩ ᠰᠢᠨ᠎ᠡ ᠪᠠᠷ ᠪᠠᠶᠢᠭᠤᠯᠤᠨ᠂ ᠠᠶᠢᠯ ᠬᠤᠲᠠ ᠶᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠪᠠᠬᠢᠵᠢᠭᠦᠯᠦᠨ᠎ᠡ᠃ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠢᠵᠦ᠂ 50 ᠬᠤᠳᠳᠤᠭ ᠮᠠᠯᠳᠠᠨ᠂ 150 ᠡᠷᠦᠬᠡ ᠳᠤ ᠳᠦᠭᠡᠭᠡᠯ ᠤᠰᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠦᠨ᠂ ᠹᠯᠣᠷ  ᠢ ᠠᠷᠢᠯᠭᠠᠨ ᠤᠰᠤ ᠶᠢ ᠴᠡᠪᠡᠷᠰᠢᠭᠦᠯᠬᠦ ᠲᠥᠬᠦᠭᠡᠷᠦᠮᠵᠢ ᠶᠢ 915 ᠰᠠᠭᠤᠷᠢ ᠤᠭᠰᠠᠷᠠᠨ᠎ᠠ᠃ 5G ᠲᠤᠬᠢᠶᠠᠨ ᠤ ᠰᠤᠪᠤᠷᠭ᠎ᠠ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ 48 ᠰᠠᠭᠤᠷᠢ ᠥᠷᠲᠡᠭᠡ ᠶᠢ ᠪᠠᠶᠢᠭᠤᠯᠤᠨ᠎ᠠ᠃ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠠᠬᠢᠭᠤᠯᠵᠤ᠂ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠳᠤ ᠬᠡᠷᠡᠭᠰᠡᠬᠦ ᠲᠥᠬᠦᠭᠡᠷᠦᠮᠵᠢ ᠶᠢ ᠢᠵᠢ ᠪᠦᠷᠢᠨᠰᠢᠬᠦᠯᠦᠨ᠂ ︽ᠠᠷᠪᠠᠨ ᠬᠤᠰᠢᠭᠤ ᠰᠢᠶᠠᠨ ᠵᠠᠭᠤᠨ ᠰᠤᠮᠤ ᠪᠠᠯᠭᠠᠰᠤ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠭᠠᠴᠠᠭ᠎ᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ᠬᠤᠶᠠᠷ ᠲᠤ᠂ ᠬᠤᠲᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠪᠦᠬᠦ ᠤᠯᠤᠰ ᠤᠨ ᠬᠤᠲᠠ ᠶᠢᠨ ᠳᠤᠯᠠᠭᠠᠯᠠᠭ᠎ᠠ ᠶᠢᠨ ᠬᠤᠭᠤᠯᠠᠶ ᠶᠢᠨ ᠲᠣᠣᠷ ᠢ ᠥᠭᠡᠷᠡᠴᠢᠯᠡᠬᠦ ᠲᠣᠬᠢᠶᠠᠯ ᠢ ᠵᠠᠪᠳᠤᠨ᠂ ᠳᠤᠯᠠᠭᠠᠯᠠᠭ᠎ᠠ ᠶᠢᠨ ᠬᠤᠭᠤᠯᠠᠶ ᠶᠢᠨ ᠲᠣᠣᠷ ᠢ ᠥᠭᠡᠷᠡᠴᠢᠯᠡᠬᠦ ᠪᠠ ︽ᠡᠪᠦᠯ ᠤᠨ ᠳᠤᠯᠠᠭᠠᠯᠠᠭ᠎ᠠ ᠶᠢᠨ ᠠᠰᠠᠭᠤᠳᠠᠯ ᠢ ᠵᠤᠨ ᠵᠠᠰᠠᠬᠤ︾ ᠠᠵᠢᠯ ᠢ ᠶᠡᠬᠡᠪᠡᠷ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ 2 ᠭᠤᠣᠯ ᠱᠤᠭᠤᠮ ᠢ ᠰᠢᠨ᠎ᠡ ᠪᠠᠷ ᠪᠠᠶᠢᠭᠤᠯᠤᠨ᠂ ᠳᠤᠯᠠᠭᠠᠯᠠᠭ᠎ᠠ ᠬᠠᠩᠭᠠᠬᠤ 7 ᠬᠠᠭᠤᠴᠢᠨ ᠬᠤᠭᠤᠯᠠᠶ ᠶᠢ ᠦᠭᠡᠷᠡᠴᠢᠯᠡᠨ ᠵᠠᠰᠠᠬᠤ ᠪᠠᠷ ᠳᠦᠯᠦᠪᠯᠡᠵᠦ ᠪᠤᠢ᠃ ᠪᠣᠬᠢᠷ ᠤᠰᠤᠨ ᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠬᠢᠷ ᠤᠰᠤ ᠶᠢ ᠲᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠠᠬᠢᠭᠤᠯᠵᠦ᠂ 15 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ 24 ᠰᠠᠭᠤᠷᠢ ᠠᠰᠠᠷ ᠤᠨ 5.91 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠵᠠᠰᠠᠨ ᠰᠢᠨᠡᠳᠬᠡᠵᠦ᠂ 666 ᠰᠠᠭᠤᠭᠠᠯᠢ ᠡᠷᠦᠬᠡ ᠳᠤ ᠠᠰᠢᠭ ᠬᠦᠷᠲᠡᠭᠡᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠶᠢᠨ ᠲᠥᠷᠥᠯ ᠵᠦᠢᠯ ᠢ ᠵᠠᠬ᠎ᠠ ᠳᠡᠯᠭᠡᠭᠦᠷᠴᠢᠯᠡᠨ ᠲᠥᠯᠥᠪᠵᠢᠭᠦᠯᠦᠨ ᠬᠡᠷᠡᠭᠵᠢᠭᠦᠯᠵᠦ᠂ ᠤᠯᠠᠨ ᠲᠦᠮᠡᠨ ᠤ ︽ᠢᠳᠡᠰᠢᠨ ᠨᠤᠭᠤᠭᠠᠨ︾ ᠤ ᠬᠡᠷᠡᠭᠴᠡᠭᠡ ᠶᠢ ᠪᠠᠲᠤᠯᠠᠨ᠎ᠠ᠃ ᠬᠤᠲᠠ ᠶᠢᠨ ᠪᠦᠲᠦᠴᠡ᠂ ᠬᠤᠲᠠ ᠶᠢᠨ ᠴᠢᠳᠠᠪᠬᠢ ᠶᠢ ᠳᠡᠭᠡᠭᠰᠢᠯᠡᠬᠦᠯᠦᠨ᠂ ᠦᠷᠡᠭᠳᠡᠭᠰᠡᠨ ᠪᠠᠭᠠᠲᠤᠷᠴᠤᠳ ᠢ ᠲᠤᠷᠠᠰᠬᠠᠬᠤ ᠠᠭᠤᠳᠠᠮ ᠲᠠᠯᠠᠪᠠᠢ ᠬᠦᠷᠬᠦ ᠲᠤᠰᠬᠠᠢ ᠵᠠᠮ ᠢ ᠵᠠᠰᠠᠵᠦ᠂ ᠪᠦᠬᠦ ᠠᠷᠠᠳ  ᠤᠨ ᠪᠡᠶ᠎ᠡ ᠴᠢᠭᠢᠷᠠᠭᠵᠢᠭᠤᠯᠬᠤ ᠲᠥᠪ ᠢ ᠡᠬᠢᠯᠡᠨ ᠪᠠᠶᠢᠭᠤᠯᠵᠤ᠂ ᠢ ᠾᠧ ᠸᠠᠨ ᠶᠡᠷᠦᠩᠬᠡᠶᠢᠯᠡᠭᠰᠡᠨ ᠬᠤᠳᠠᠯᠳᠤᠭᠠᠨ ᠤ ᠠᠰᠠᠷ ᠢ ᠲᠤᠰ ᠵᠢᠯ ᠳᠤ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠵᠤ᠂ ᠪᠠᠯᠭᠠᠷ ᠭᠤᠣᠯ ᠳᠠᠭᠠᠤ ᠶᠢᠨ ᠦᠵᠡᠮᠵᠢ ᠶᠢᠨ ᠪᠦᠰᠡ ᠶᠢᠨ ᠢᠨᠵᠧᠨᠧᠷᠢᠩ ᠢ ᠳᠦᠯᠦᠪᠵᠢᠬᠦᠯᠦᠨ ᠪᠠᠶᠢᠭᠤᠯᠤᠨ᠎ᠠ᠃ ᠪᠠᠯᠭᠠᠷᠭᠤᠣᠯ ᠪᠠᠯᠭᠠᠰᠤᠨ ᠤ ᠭᠡᠷ ᠪᠠᠶᠢᠰᠢᠩ ᠢ ᠲᠠᠲᠠᠪᠤᠷᠢᠯᠠᠨ ᠨᠤᠷᠠᠭᠠᠬᠤ ᠠᠵᠢᠯ ᠢ ᠦᠷᠭᠦᠯᠵᠢᠯᠡᠨ ᠶᠠᠪᠤᠭᠳᠠᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠶᠤᠸᠠᠨ ᠱᠧᠩ ᠯᠢ ᠳ᠋ᠦ᠋ ᠰᠠᠭᠤᠭᠠᠯᠢ ᠠᠷᠠᠳ ᠤᠨ ᠲᠣᠭᠤᠷᠢᠭ᠂ ᠳᠠᠷᠬᠠᠨ ᠰᠠᠭᠤᠭᠠᠯᠢ ᠠᠷᠠᠳ ᠤᠨ ᠲᠤᠭᠤᠷᠢᠭ᠂ ᠠᠵᠠᠲᠠᠢ ᠰᠤᠪᠢᠯᠠᠯᠲᠠ ᠶᠢᠨ ᠬᠦᠷᠢᠶᠡᠯᠡᠩ᠂ ᠬᠠᠭᠤᠴᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠡᠷᠭᠢᠨ ᠲᠤᠭᠤᠷᠢᠨ ᠤ ᠭᠡᠷ ᠪᠠᠶᠢᠰᠢᠩ ᠵᠢᠴᠢ ᠪᠤᠰᠤᠳ ᠲᠠᠷᠠᠬᠠᠢ ᠪᠤᠲᠠᠷᠬᠠᠢ ᠣᠷᠣᠨ ᠤ ᠭᠡᠷ ᠪᠠᠶᠢᠰᠢᠩ ᠢ ᠲᠠᠲᠠᠪᠤᠷᠢᠯᠠᠬᠤ ᠠᠵᠢᠯ ᠢ ᠪᠡᠶᠡᠯᠡᠭᠦᠯᠤᠨ᠎ᠡ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠵᠢᠴᠢ ᠪᠠᠶᠢᠭᠤᠯᠵᠤ ᠪᠠᠶᠢᠭ᠎ᠠ ᠳᠦᠷᠦᠯ ᠵᠦᠢᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠷᠤᠨ ᠰᠠᠭᠤᠴᠠ ᠶᠢ ᠬᠤᠳᠠᠯᠳᠤᠪᠠᠯ ᠳᠠᠷᠤᠢ ᠦᠨᠡᠮᠯᠡᠯ ᠥᠭᠬᠦ︾ ᠶᠢ ᠦᠷᠭᠦᠯᠵᠢᠯᠡᠨ ᠠᠬᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠠᠭᠤᠴᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠦᠮᠵᠢ ᠶᠢ ᠪᠠᠶᠢᠩᠭᠤ ᠲᠣᠭᠤᠷᠢᠨ ᠪᠠᠶᠢᠴᠠᠭᠠᠵᠤ ᠬᠠᠮᠠᠭᠠᠯᠠᠨ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠲᠠ ᠪᠠᠯᠭᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠤᠯᠤᠰ ᠤᠨ ᠲᠡᠰ ᠤᠨ 207 ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠭᠠᠷᠳᠠᠮ ᠢ ᠲᠦᠷᠭᠡᠨ ᠭᠦᠢᠴᠡᠳᠬᠡᠵᠦ ᠂ ᠤᠯᠤᠰ ᠤᠨ ᠲᠡᠰ ᠤᠨ 305 ᠵᠠᠰᠠᠮᠠᠯ ᠵᠠᠮ ᠤᠨ ᠬᠥᠨᠳᠡᠯᠡᠨ ᠠᠴᠠ ᠪᠠᠶᠠᠨᠬᠤᠸᠠ ᠬᠦᠷᠬᠦ ᠵᠠᠰᠠᠮᠠᠯ ᠵᠠᠮ ᠢ ᠵᠠᠰᠠᠵᠦ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ ᠤᠯᠠᠭᠠᠨᠬᠠᠳᠠ ᠠᠴᠠ ᠳ᠋ᠠᠪᠠᠨ ᠳᠠᠮᠵᠢᠵᠤ ᠪᠠᠶᠠᠨᠬᠤᠸᠠ ᠬᠦᠷᠬᠦ ᠳᠡᠮᠦᠷ ᠵᠠᠮ ᠳᠤ ᠠᠶᠠᠨᠴᠢᠳ ᠤᠨ ᠭᠠᠯ ᠲᠡᠷᠭᠡ ᠨᠠᠪᠲᠡᠷᠡᠭᠦᠯᠬᠦ ᠲᠥᠷᠥᠯ ᠵᠦᠢᠯ ᠢ ᠥᠪᠡᠷᠲᠡᠭᠡᠨ ᠵᠠᠰᠠᠬᠤ ᠤᠷᠤᠨ ᠤ ᠲᠦᠯᠦᠪᠵᠢᠭᠦᠯᠭᠡ ᠳᠤ ᠤᠷᠤᠭᠤᠯᠤᠨ᠎ᠠ᠃ ᠵᠢᠶᠠᠩᠰᠦ ᠶᠢᠨ ᠡᠨᠧᠷᠭᠢ ᠶᠢᠨ ᠤᠯᠠᠭᠠᠶ ᠴᠠᠬᠢᠯᠭᠠᠨ ᠦᠢᠯᠡᠳᠪᠦᠷᠢ ᠪᠣᠯᠤᠨ ᠵᠢᠶᠠᠩᠰᠦ ᠶᠢᠨ ᠡᠨᠧᠷᠭᠢ ᠶᠢᠨ ᠪᠠᠶᠠᠨᠬᠤᠸᠠ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠬᠦᠷᠭᠡᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 35 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠷᠭᠡᠬᠦ ᠪᠠ ᠬᠤᠣᠰ ᠪᠤᠴᠠᠯᠲᠠ ᠶᠢᠨ ᠬᠡᠯᠬᠢᠶ᠎ᠡ ᠶᠢᠨ ᠢᠨᠵᠧᠨᠧᠷᠢᠩ ᠢ ᠬᠠᠮᠵᠢᠯᠴᠠᠨ ᠲᠦᠯᠬᠢᠨ ᠠᠬᠢᠭᠤᠯᠵᠤ᠂ ᠴᠠᠬᠢᠯᠭᠠᠨ ᠬᠠᠩᠭᠠᠬᠤ ᠴᠢᠳᠠᠪᠤᠷᠢ ᠪᠣᠯᠤᠨ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠭᠡᠭᠡᠯᠲᠡ ᠶᠢᠨ ᠤᠷᠤᠨ ᠤ ᠳᠤᠲᠤᠷᠠᠬᠢ ᠵᠠᠮ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠤᠭᠤᠯᠠᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠲᠥᠯᠦᠪᠵᠢᠭᠦᠯᠭᠡ ᠶᠢᠨ ᠬᠡᠪᠴᠢᠶᠡᠨ ᠳᠠᠬᠢ ᠪᠤᠳᠠᠰ ᠤᠨ ᠭᠦᠢᠯᠭᠡᠭᠡᠨ ᠤ ᠬᠤᠳᠠᠯᠳᠤᠭᠠᠴᠢᠨ ᠡᠷᠦᠬᠡ ᠵᠢᠴᠢ ᠬᠦᠷᠡᠩ ᠨᠡᠭᠦᠷᠡᠰᠦᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠤ ᠠᠬᠤᠶᠢᠯᠠᠯ ᠢ ᠨᠡᠭᠦᠯᠭᠡᠬᠦ ᠠᠵᠢᠯ ᠢ ᠰᠠᠶᠢᠲᠤᠷ ᠬᠢᠵᠦ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠢ ᠶᠢ ᠪᠢᠲᠡᠭᠦᠮᠵᠢᠯᠡᠬᠦ᠂ ᠠᠶᠤᠯᠲᠠᠶ ᠬᠢᠮᠢ ᠶᠢᠨ ᠪᠣᠳᠠᠰ ᠲᠡᠭᠡᠭᠡᠪᠦᠷᠢᠯᠡᠬᠦ ᠲᠡᠷᠭᠡᠨ ᠤ ᠲᠤᠰᠬᠠᠢ ᠵᠣᠭᠰᠣᠭᠠᠯ᠂ ᠣᠨᠴᠠ ᠡᠭᠦᠷᠭᠡ ᠭᠦᠶᠴᠡᠳᠬᠡᠬᠦ ᠭᠠᠯ ᠰᠡᠷᠭᠡᠶᠢᠯᠡᠬᠦ ᠥᠷᠲᠡᠭᠡ᠂ ᠠᠮᠢ ᠠᠬᠤᠶ ᠶᠢᠨ ᠪᠣᠯᠪᠠᠰᠤᠨ ᠤ ᠦᠵᠡᠭᠦᠯᠭᠡ ᠶᠢᠨ ᠲᠥᠪ ᠵᠡᠷᠭᠡ ᠲᠥᠷᠦᠯ ᠵᠦᠶᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠢᠶᠠᠷ ᠦᠨᠡᠯᠡᠨ ᠲᠣᠭᠲᠠᠭᠠᠬᠤ ᠶᠢ ᠠᠬᠢᠭᠤᠯᠤᠨ᠎ᠠ᠃ ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠲᠥᠷᠥᠭᠳᠡᠯ ᠢ ᠨᠡᠮᠡᠭᠳᠡᠬᠦᠯᠬᠦ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡᠨᠢᠭᠡ ᠳᠤ᠂ ᠠᠷᠠᠳ ᠳᠦᠮᠡᠨ ᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠤᠨ ᠬᠠᠷᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠪᠤᠭᠤᠲᠤ᠂ ᠣᠷᠳᠣᠰ ᠵᠡᠷᠭᠡ ᠭᠠᠵᠠᠷ ᠣᠷᠣᠨ ᠤ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠬᠢᠨᠲᠠ ᠳᠡᠭᠡᠭᠰᠢᠯᠡᠭᠦᠯᠬᠦ ᠶᠢ ᠠᠬᠢᠭᠤᠯᠤᠨ᠂ 2024 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠡᠯᠰᠡᠭᠳᠡᠬᠦ ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠳᠤ ᠭᠤᠤᠯᠳᠠᠯᠭ᠎ᠠ  ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠨᠣᠷᠮ᠎ᠠ ᠶᠢ ᠴᠥᠮ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ᠂ ᠬᠢᠴᠢᠶᠡᠯ ᠲᠥᠷᠥᠯ ᠤᠨ ᠠᠵᠢᠯᠯᠠᠬᠤ ᠭᠠᠵᠠᠷ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠪᠠᠭᠰᠢᠨᠠᠷ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠦᠭᠡᠭᠡᠮᠡᠯᠵᠢᠯᠳᠡ᠂ ᠠᠯᠪᠠᠨ ᠵᠢᠷᠤᠮ  ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠦᠭᠵᠢᠯᠳᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠥᠮᠦᠵᠢᠭᠦᠯᠬᠦ︾ ᠠᠵᠢᠯ ᠢ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠠᠵᠤ ᠦᠶᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ  ᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠭᠤᠯᠠᠳᠤ ᠶᠢᠨ ᠭᠤᠣᠯ ᠬᠡᠦᠬᠡᠳ ᠤᠨ ᠴᠡᠴᠡᠷᠯᠢᠭ ᠤᠨ ᠲᠥᠷᠥᠯ ᠵᠦᠢᠯ᠂ ᠪᠠᠶᠠᠨᠬᠤᠸᠠ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ ᠬᠡᠷᠡᠭᠵᠢᠭᠦᠯᠵᠦ᠂ ᠵᠢᠯ ᠤᠨ ᠳᠣᠲᠣᠷ᠎ᠠ ᠡᠯ᠎ᠡ ᠲᠥᠷᠥᠯ ᠤᠨ 1200 ᠠᠴᠠ ᠳᠡᠭᠡᠭᠰᠢ ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠵᠦ᠂ ᠠᠵᠢᠯ ᠣᠯᠬᠤ ᠳᠤ ᠬᠦᠴᠢᠷᠲᠡᠢ 240 ᠠᠴᠠ ᠳᠡᠭᠡᠭᠰᠢ ᠬᠥᠮᠦᠨ  ᠳᠤ ᠠᠵᠢᠯ ᠣᠯᠭᠤᠵᠤ᠂ ᠠᠵᠢᠯ ᠠᠯᠳᠠᠭᠰᠠᠨ 600 ᠠᠴᠠ ᠳᠡᠭᠡᠭᠰᠢ ᠬᠥᠮᠦᠨ ᠳᠤ ᠳᠠᠬᠢᠨ ᠠᠵᠢᠯ ᠣᠯᠭᠤᠬᠤ ᠶᠢ ᠪᠡᠶᠡᠯᠡᠭᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠡᠷᠲᠡᠬᠡᠨ ᠠᠵᠢᠯ ᠣᠯᠭᠤᠬᠤ  ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠠᠳᠤᠯᠠᠭᠠᠳᠤ ᠵᠢᠭᠡᠯᠡᠯᠭᠡ ᠶᠢ 1200 ᠲᠦᠮᠡᠨ ᠲᠥᠭᠦᠷᠢᠭ ᠠᠴᠠ ᠳᠡᠭᠡᠭᠰᠢ ᠪᠠᠭᠤᠯᠭᠠᠵᠤ᠂ ᠠᠳᠠᠯ ᠦᠢᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠳᠡᠮᠵᠢᠨ᠎ᠡ᠃ ᠴᠠᠯᠢᠩ ᠥᠷᠢᠲᠦᠬᠦ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠬᠠᠤᠯᠢ ᠶᠣᠰᠣᠭᠠᠷ ᠪᠠᠲᠤᠯᠠᠵᠤ᠂ ᠴᠠᠯᠢᠩ ᠥᠷᠢᠲᠦᠬᠦ ᠠᠰᠠᠭᠤᠳᠠᠯ ᠢ ︽ᠬᠥᠳᠡᠯᠦᠩᠭᠦᠢ ᠪᠠᠷ ᠰᠢᠢᠳᠪᠦᠷᠢᠯᠡᠬᠦ︾ ᠶᠢ ᠦᠨᠡᠨᠬᠦ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ ᠳᠡᠭᠡᠭᠰᠢ ᠳᠤ ᠲᠤᠭᠲᠠᠪᠤᠷᠢᠵᠢᠭᠤᠯᠤᠨ᠎ᠠ᠃ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ᠂ ᠠᠪᠤᠷᠠᠨ ᠲᠤᠰᠠᠯᠠᠬᠤ ᠲᠦᠷᠢᠮ ᠪᠠ ᠠᠵᠢᠯᠳᠠᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠭᠦᠨ᠎ᠡ᠃ ᠣᠷᠣᠯᠭ᠎ᠠ ᠪᠠᠭᠠᠲᠠᠶ ᠬᠥᠮᠦᠨ ᠠᠮᠠ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠲᠤᠭᠲᠠᠭᠠᠬᠤ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠦᠨ᠎ᠡ᠃ ᠪᠠᠶ᠋ᠬᠠᠭᠤᠯᠠ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ ᠨᠠᠰᠤᠲᠠᠶᠢᠴᠤᠳ ᠤᠨ ᠬᠡᠷᠡᠭᠴᠡᠭᠡ ᠶᠢ ᠬᠦᠴᠦᠯᠡᠨ ᠬᠠᠩᠭᠠᠨ᠎ᠠ᠃ ᠭᠤᠷᠪᠠ ᠳᠤ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠤᠳᠤᠭᠠᠳᠦ ᠬᠠᠮᠢᠶᠠᠷᠤᠯᠲᠠ᠂ ᠡᠮᠴᠢᠯᠡᠭᠡᠨ ᠤ ᠲᠤᠰᠬᠠᠶ ᠰᠠᠯᠠᠭᠠᠨ ᠤ ᠪᠠᠶᠢᠭᠤᠯᠤᠯᠲᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠡᠮᠴᠢᠯᠡᠭᠡᠨ ᠤ ᠦᠶᠯᠡᠴᠢᠯᠡᠭᠡ ᠶᠢ ᠰᠠᠶᠢᠵᠢᠷᠠᠭᠤᠯᠬᠤ ᠵᠡᠷᠭᠡ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠡᠯ᠎ᠡ ᠣᠷᠣᠨ ᠪᠦᠰᠡ ᠳᠤ ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠤᠨ᠎ᠠ᠃ ᠮᠡᠳᠡᠭᠡ ᠵᠠᠩᠭᠢᠴᠢᠯᠠᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠬᠤᠯᠪᠣᠭᠠᠯᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠡᠮᠬᠢᠳᠬᠡᠨ ᠨᠢᠭᠡᠳᠬᠡᠬᠦ ᠠᠵᠢᠯ ᠢ ᠰᠦᠪᠡᠭᠴᠢᠯᠡᠨ᠂ ᠪᠠᠶᠠᠨᠬᠤᠸᠠ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠤᠰᠢᠭᠤ ᠬᠡᠪᠴᠢᠶᠡᠨ ᠤ ᠡᠷᠡᠭᠦᠯ ᠬᠠᠮᠠᠭᠠᠯᠠᠯ  ᠤᠨ ᠡᠮᠴᠢᠯᠡᠭᠡᠨ ᠤ ᠬᠤᠶᠠᠳᠠᠬᠢ ᠲᠥᠪ ᠪᠤᠯᠭᠠᠨ ᠪᠠᠶᠢᠭᠤᠯᠬᠤ ᠶᠢ ᠠᠬᠢᠭᠤᠯᠵᠦ᠂ ᠵᠣᠬᠢᠬᠤ ᠨᠥᠯᠥᠭᠡᠯᠡᠬᠦ ᠪᠠ ᠳᠠᠶᠢᠴᠢᠯᠠᠬᠤ ᠦᠶᠯᠡᠳᠦᠯ ᠲᠠᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠤᠨ ᠰᠢᠰᠲ᠋ᠧᠮ ᠤᠨ ᠳᠣᠲᠣᠭᠠᠳᠤ ᠶᠢᠨ ᠴᠢᠳᠠᠪᠤᠷᠢᠲᠠᠨ ᠤ ᠳᠠᠯᠳᠠ ᠬᠦᠴᠦᠨ ᠢ ᠭᠦᠢᠴᠡᠳ ᠠᠭᠤᠳᠠᠯᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ ᠶᠢ ᠰᠢᠯᠢᠳᠡᠭ ᠢ ᠨᠢ ᠰᠣᠩᠭᠤᠨ ᠳᠡᠪᠰᠢᠭᠦᠯᠦᠨ᠎ᠡ᠃ ᠡᠷᠡᠭᠦᠯ ᠬᠠᠮᠠᠭᠠᠯᠠᠯ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠡᠶᠡᠯᠡᠭᠦᠯᠦᠨ᠎ᠡ᠃ ᠠᠷᠠᠳ ᠤᠨ ᠡᠮᠨᠡᠯᠭᠡ ᠶᠢᠨ ᠬᠤᠷᠢᠶ᠎ᠠ ᠨᠢ ᠰᠠ ᠡᠪᠡᠳᠴᠢᠨ ᠢ ᠵᠠᠰᠠᠬᠤ ᠲᠥᠪ᠂ ᠡᠪᠡᠳᠴᠢᠨ ᠤ ᠵᠦᠶ ᠰᠤᠳᠤᠯᠤᠯ ᠤᠨ ᠲᠥᠪ᠂ ᠬᠤᠳᠣᠭᠤᠳᠣ ᠭᠡᠳᠡᠰᠦ ᠶᠢ ᠳᠤᠷᠠᠨ ᠢᠶᠠᠷ ᠪᠠᠶᠢᠴᠠᠭᠠᠬᠤ ᠲᠥᠪ ᠪᠠᠶᠢᠭᠤᠯᠬᠤ ᠶᠢ ᠠᠬᠢᠭᠤᠯᠵᠤ᠂ ᠬᠥᠩᠭᠡᠵᠢᠭᠦᠯᠬᠦ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ ᠪᠠᠶᠢᠭᠤᠯᠤᠨ᠂ ᠮᠤᠩᠭᠤᠯ ᠡᠮᠨᠡᠯᠭᠡ ᠶᠢᠨ ᠬᠤᠷᠢᠶ᠎ᠠ  ᠨᠢ ᠲᠠᠷᠢᠬᠢᠨ ᠤ ᠡᠪᠡᠳᠴᠢᠨ᠂ ᠬᠤᠳᠤᠭᠤᠳᠦ ᠭᠡᠳᠡᠰᠦᠨ ᠤ ᠡᠪᠡᠳᠴᠢᠨ ᠤ ᠲᠤᠰᠬᠠᠢ ᠰᠠᠯᠠᠭ᠎ᠠ ᠶᠢ ᠭᠤᠣᠯᠴᠢᠯᠠᠨ ᠪᠠᠶᠢᠭᠤᠯᠤᠨ᠎ᠠ᠃ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠡᠷᠲᠡ ᠠᠴᠠ ᠡᠬᠢᠯᠡᠨ ᠬᠢᠵᠦ᠂ ᠬᠤᠯᠤᠭᠠᠨ᠎ᠠ ᠶᠢᠨ ᠬᠢᠵᠢᠭ ᠡᠭᠦᠰᠬᠦ  ᠶᠢ ᠴᠢᠩᠭ᠎ᠠ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠤᠯᠤᠰ ᠤᠨ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠳᠦᠷᠪᠡ ᠳᠤ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠪᠠᠶᠢᠭᠤᠯᠤᠯᠲᠠ ᠶᠢ ᠴᠢᠩᠭᠠᠳᠬᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠩ ᠣᠯᠠᠨ ᠰᠢᠯᠢᠳᠡᠭ ᠨᠠᠷᠠᠲᠤ ᠲᠡᠮᠳᠡᠭᠲᠦ ᠤᠳᠬ᠎ᠠ ᠤᠷᠠᠯᠢᠭ ᠤᠨ ᠪᠦᠲᠦᠭᠡᠯ ᠢ ᠨᠠᠶᠢᠷᠠᠭᠤᠯᠤᠨ ᠵᠤᠬᠢᠶᠠᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠳᠦᠬᠦᠭᠡᠷᠦᠮᠵᠢ ᠶᠢᠨ ᠬᠠᠩᠭᠠᠯᠭ᠎ᠠ ᠶᠢ ᠪᠠᠶᠠᠯᠢᠭᠵᠢᠭᠤᠯᠵᠤ᠂ ᠤᠷᠤᠨ ᠤ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠪᠠᠷ ᠳᠠᠭᠠᠭᠠᠴᠢᠯᠠᠨ ᠡᠷᠬᠢᠯᠠᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠭᠦᠨᠵᠡᠭᠡᠶᠢᠷᠡᠭᠦᠯᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ ︵ᠳᠣᠯᠤᠭ᠎ᠠ︶ ᠠᠮᠤᠷ ᠲᠦᠪᠰᠢᠨ ᠤ ᠰᠡᠷᠭᠡᠶᠢᠯᠡᠯᠲᠡ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠠᠮᠤᠷ ᠲᠣᠭᠲᠠᠭᠤᠨ ᠬᠠᠯᠬᠠᠪᠴᠢ ᠶᠢ ᠪᠠᠲᠤ ᠴᠣᠭᠴᠠᠯᠠᠨ᠎ᠠᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠤᠭᠴᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠪᠠ ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ︽ᠭᠤᠷᠪᠠᠨ ᠰᠠᠯᠵᠤ ᠴᠢᠳᠠᠰᠢ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾᠂ ︽ᠲᠤᠯᠤᠭᠠᠨ ᠵᠢᠱᠢᠶᠡᠴᠢ ᠪᠣᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠪᠠᠲᠤ ᠴᠡᠭᠡᠵᠢᠯᠡᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠠᠵᠢᠯ ᠢ ᠨᠠᠶᠢᠳᠠᠪᠤᠷᠢᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠦᠵᠡᠭᠦᠯᠭᠡ ᠶᠢᠨ ᠲᠢᠩᠬᠢᠮ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ᠂ ᠵᠢᠱᠢᠶ᠎ᠡ ᠦᠵᠡᠭᠦᠯᠬᠦ ᠨᠢᠭᠡᠴᠡ ᠶᠢᠨ ︽ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ︾ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠤᠨ᠎ᠠ᠃ᠬᠤᠶᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠦᠵᠡᠯ ᠤᠬᠠᠮᠰᠠᠷ  ᠤᠨ ᠬᠡᠯᠪᠡᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠴᠢᠩᠭᠠᠳᠬᠠᠵᠤ᠂ ᠬᠢᠵᠠᠭᠠᠷ ᠲᠠᠢ ᠡᠳ᠋ ᠤᠨ ᠬᠦᠴᠦᠨ ᠪᠠ ᠡᠬᠢ ᠪᠠᠶᠠᠯᠢᠭ ᠢ ᠦᠨᠡᠨᠬᠦ ᠴᠢᠬᠤᠯᠠᠲᠠᠢ ᠭᠠᠵᠠᠷ ᠲᠤᠨᠢ  ᠬᠡᠷᠡᠭᠯᠡᠵᠦ᠂ ᠵᠠᠰᠠᠭ ᠤᠨ ᠤᠷᠳᠤᠨ ᠤ ᠳᠦᠷᠢᠮ ᠠᠴᠠ ᠵᠥᠷᠢᠴᠡᠨ ᠵᠢᠭᠡᠯᠡᠯᠭᠡ ᠵᠢᠭᠡᠯᠡᠬᠦ ᠶᠢ ᠡᠷᠡᠰ ᠴᠠᠭᠠᠵᠠᠯᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠶᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠪᠠᠶᠢᠴᠠᠭᠠᠨ ᠬᠤᠷᠢᠶᠠᠵᠤ ᠰᠢᠶᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠥᠩᠭᠦᠨ ᠭᠦᠶᠯᠭᠡᠭᠡᠨ ᠤ ᠬᠦᠷᠢᠶ᠎ᠡ ᠴᠠᠷᠠᠭᠠᠨ ᠤ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠴᠢᠯᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠬᠦ ᠶᠢ ᠠᠬᠢᠭᠤᠯᠵᠤ᠂ ᠬᠠᠤᠯᠢ ᠪᠤᠰᠤ ᠰᠤᠷᠪᠤᠯᠵᠢᠯᠠᠯ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠤᠬᠢᠴᠠᠯᠲᠠᠢ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠪᠠᠲᠤᠯᠠᠨ᠎ᠠ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠶᠯᠡᠳᠪᠦᠷᠢᠯᠡᠯ ᠤᠨ ᠵᠥᠪᠯᠡᠯ ᠤᠨ 15 ᠵᠤᠷᠪᠤᠰ ᠴᠢᠩᠭ᠎ᠠ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ 135 ᠵᠤᠷᠪᠤᠰ ᠴᠢᠩᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠣᠨᠴᠠ ᠲᠥᠷᠥᠯ ᠤᠨ ᠲᠥᠬᠦᠭᠡᠷᠦᠮᠵᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠵᠦ᠂ ᠠᠶᠤᠯᠭᠦᠢ ᠦᠶᠯᠡᠳᠪᠦᠷᠢᠯᠡᠯ ᠤᠨ ᠬᠦᠨᠳᠦ ᠶᠡᠭᠡ ᠠᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠣᠯᠤᠨ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠢ ᠬᠡᠷᠡᠭᠯᠡᠬᠦ ᠪᠣᠯᠤᠨ ᠳᠡᠰ ᠳᠡᠪᠰᠢᠭᠦᠯᠦᠨ ᠥᠭᠡᠷᠡᠴᠢᠯᠡᠬᠦ ᠡᠷᠴᠢᠮ ᠢ ᠨᠡᠮᠡᠭᠳᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠨᠠᠷᠢᠯᠢᠭ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠠᠭᠤᠷᠬᠠᠶ ᠶᠢᠨ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠭᠤᠷᠬᠠᠶ ᠶᠢᠨ ᠤᠶᠤᠨᠴᠢᠯᠠᠭᠰᠠᠨ ᠰᠢᠨ᠎ᠡ ᠮᠡᠷᠭᠡᠵᠢᠯ ᠪᠣᠯᠤᠨ ᠰᠢᠨ᠎ᠡ ᠲᠣᠨᠤᠭ ᠲᠥᠬᠦᠭᠡᠷᠦᠮᠵᠢ ᠶᠢ ᠵᠢᠱᠢᠶ᠎ᠡ ᠦᠵᠡᠭᠦᠯᠦᠨ ᠬᠡᠷᠡᠭᠯᠡᠬᠦ ᠪᠠ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠨ᠂ ︽ᠮᠠᠰᠢᠨᠴᠢᠯᠠᠯᠲᠠ ᠪᠠᠷ ᠬᠥᠮᠦᠨ ᠤ ᠬᠦᠴᠦᠨ ᠢ ᠤᠷᠤᠯᠠᠭᠤᠯᠬᠤ᠂ ᠠᠦ᠋ᠲ᠋ᠣᠴᠢᠯᠠᠯᠲᠠ ᠪᠠᠷ ᠬᠥᠮᠦᠨ ᠤ ᠬᠦᠴᠦᠨ ᠢ ᠬᠦᠩᠭᠡᠯᠡᠬᠦ︾ ᠠᠬᠢᠴᠠ ᠶᠢ ᠲᠦᠷᠭᠡᠳᠬᠡᠨ᠎ᠡ᠃ ᠲᠥᠯᠥᠭᠡᠯᠡᠭᠴᠢᠳ ᠠ᠋︕ ᠥᠨᠤ ᠵᠢᠯ ᠪᠢᠳᠡ ᠶᠡᠭᠡ ᠬᠤᠷᠠᠯ ᠤᠨ ᠪᠢᠯᠧᠲ ᠥᠭᠭᠦᠯᠲᠡ ᠪᠠᠷ ᠲᠤᠭᠲᠠᠭᠠᠭᠰᠠᠨ 4 ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠰᠠᠭᠤᠷᠢᠨ ᠳᠡᠭᠡᠷ᠎ᠡ᠂ ᠠᠷᠠᠳ ᠲᠤ ᠠᠰᠢᠭ ᠬᠦᠷᠲᠡᠭᠡᠬᠦ 6 ᠵᠦᠢᠯ ᠤᠨ ᠪᠤᠳᠠᠳᠤ ᠶᠠᠪᠤᠳᠠᠯ ᠢ ᠰᠠᠶᠢᠳᠤᠷ ᠬᠢᠨ᠎ᠡ᠃ ᠡᠳᠡᠭᠡᠷ ᠨᠢ ᠲᠤᠰ ᠲᠤᠰ᠄ ⒈ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠢ ᠰᠦᠢᠳᠬᠡᠯ ᠬᠤᠷᠢᠶᠠᠬᠤ ᠦᠭᠡᠢ ᠪᠤᠯᠭᠠᠨ᠎ᠠ᠄ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠳᠤ ᠰᠠᠭᠤᠬᠤ ᠳᠤ ᠪᠥᠬᠦ ᠠᠷᠠᠳ ᠠᠴᠠ ᠰᠦᠢᠳᠬᠡᠯ ᠬᠤᠷᠢᠶᠠᠬᠤ ᠦᠭᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠥᠭᠵᠢᠯᠲᠡ ᠶᠢᠨ ᠠᠰᠢᠭ ᠲᠤᠰᠠ ᠶᠢ ᠣᠯᠠᠨ ᠲᠦᠮᠡᠨ ᠳᠤ ᠨᠠᠩ ᠢᠯᠡᠭᠦᠦ ᠬᠦᠷᠲᠡᠭᠡᠨ᠎ᠡ᠃ ⒉ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠲᠦᠭᠡᠨ ᠪᠠᠶᠢᠭᠤᠯᠤᠨ᠎ᠠ᠄ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠳᠦᠬᠦᠭᠡᠷᠦᠮᠵᠢ ᠶᠢ ᠨᠥᠬᠦᠪᠦᠷᠢᠯᠡᠵᠦ᠂ ᠠᠷᠠᠳ ᠣᠯᠠᠨ ᠤ ᠡᠳᠦᠷ ᠢᠷᠡᠬᠦᠶ᠎ᠡ  ᠱᠠᠭᠠᠷᠳᠠᠭᠳᠠᠵᠤ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ⒊ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠨ ᠨᠤᠲᠤᠭ ᠤᠨ ᠨᠥᠬᠦᠪᠦᠷᠢ ᠶᠢ ᠬᠥᠮᠥᠨ ᠪᠦᠷᠢ ᠰᠠᠷ᠎ᠠ ᠪᠤᠯᠭᠠᠨ ᠳᠤ 222 ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠎ᠡ᠃ ⒋ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠨᠥᠬᠦᠪᠦᠷᠢ ᠶᠢ ᠳᠡᠭᠡᠭᠰᠢᠯᠡᠬᠦᠯᠦᠨ᠎ᠡ᠄ ᠦᠨᠳᠦᠰᠦᠨ ᠠᠮᠢᠳᠤᠷᠠᠯ ᠤᠨ ᠨᠥᠬᠦᠪᠦᠷᠢ ᠣᠯᠭᠤᠭᠰᠠᠨ ᠰᠠᠭᠤᠷᠢᠨ ᠳᠡᠭᠡᠷ᠎ᠡ ᠬᠥᠮᠥᠨ ᠪᠦᠷᠢ ᠳᠤ ᠵᠢᠯ ᠪᠤᠯᠭᠠᠨ ᠳᠤ ᠳᠠᠬᠢᠨ 6000 ᠲᠥᠭᠦᠷᠢᠭ ᠤᠨ ᠨᠡᠮᠡᠯᠲᠡ ᠨᠥᠬᠦᠪᠦᠷᠢ ᠥᠭᠴᠦ᠂ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ⒌ᠵᠡᠮᠳᠡᠭᠴᠦᠳ ᠢ ᠬᠠᠶᠢᠷᠠᠯᠠᠨ ᠬᠠᠯᠠᠮᠵᠢᠯᠠᠨ᠎ᠠ᠄ 330 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠰᠢᠭᠤᠨ ᠤ ᠵᠡᠮᠳᠡᠭᠴᠦᠳ ᠲᠤ ᠡᠷᠡᠭᠦᠯᠵᠢᠭᠦᠯᠬᠦ ᠡᠮᠴᠢᠯᠡᠭᠡ᠂ ᠭᠡᠷ ᠲᠡᠭᠡᠨ ᠨᠠᠶᠢᠳᠠᠨ ᠠᠰᠠᠷᠠᠭᠤᠯᠬᠤ᠂ ᠰᠤᠷᠭᠠᠨ ᠬᠥᠮᠦᠵᠢᠯ ᠢᠶᠠᠷ ᠲᠤᠰᠠᠯᠠᠬᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡ ᠬᠠᠩᠭᠠᠨ᠎ᠠ᠃ ⒍ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠄ 600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠠᠷᠠᠳ  ᠣᠯᠠᠨ ᠪᠠ ᠬᠤᠳᠠᠯᠳᠤᠭᠠᠴᠢᠳ ᠲᠤ ᠠᠰᠢᠭ ᠬᠦᠷᠳᠡᠭᠡᠨ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠠᠷᠠᠳ ᠲᠤ ᠠᠰᠢᠭ ᠬᠦᠷᠲᠡᠭᠡᠬᠦ ᠠᠷᠪᠠᠨ ᠵᠦᠢᠯ ᠤᠨ ᠪᠣᠳᠠᠲᠤ ᠶᠠᠪᠤᠳᠠᠯ︾ ᠪᠣᠯ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠠᠷᠠᠳ ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ ᠮᠥᠨ᠃ ᠪᠢᠳᠡ ᠠᠷᠭ᠎ᠠ ᠪᠦᠬᠦᠨ ᠢ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ ᠴᠢᠷᠮᠠᠶᠢᠨ᠂ ᠴᠢᠨᠠᠷ ᠴᠢᠨᠰᠠᠭ᠎ᠠ ᠶᠢ ᠪᠠᠲᠤᠯᠠᠨ ᠰᠠᠶᠢᠲᠤᠷ ᠪᠡᠶᠡᠯᠡᠭᠦᠯᠵᠦ᠂ ᠡᠯ᠎ᠡ ᠦᠨᠳᠦᠰᠦᠳᠡᠨ ᠤ ᠤᠯᠠᠨ ᠳᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠨᠡᠩ ᠭᠦᠨᠵᠡᠭᠡᠢ ᠮᠡᠳᠡᠷᠡᠭᠦᠯᠦᠨ᠎ᠡ᠃ ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠᠰᠢᠨ᠎ᠡ ᠨᠢᠭᠡ ᠵᠢᠯ ᠳᠤ᠂ ᠪᠢᠳᠡ ᠥᠭᠡᠷᠡᠴᠢᠯᠡᠯᠲᠡ ᠬᠥᠭᠵᠢᠯᠲᠡ ᠶᠢ ᠲᠣᠭᠲᠠᠭᠤᠨ ᠪᠠᠶᠢᠯᠭᠠᠬᠤ ᠴᠠᠭ ᠦᠶ᠎ᠡ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠵᠢᠯᠴᠢ ᠬᠢᠴᠢᠶᠡᠩᠭᠦᠢ ᠪᠠᠷ ᠦᠢᠯᠡᠰ ᠢᠶᠠᠨ ᠳᠡᠭᠡᠳᠦᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠢᠭᠲᠠᠷᠠᠨ ᠪᠦᠯᠬᠦᠮᠳᠡᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢᠨ ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ ︾ ᠶᠢᠨ ᠡᠷᠡᠰ ᠪᠠᠲᠤ ᠦᠢᠯᠡᠳᠦᠯᠭᠡᠵᠢᠭᠦᠯᠦᠭᠴᠢ ᠪᠤᠯᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ ᠵᠠᠶᠢᠳᠠᠬᠤ ᠦᠭᠡᠢ ᠪᠠᠶᠢᠯᠭᠠᠬᠤ ᠶᠢ ᠦᠨᠡᠨᠬᠦ ᠪᠡᠶᠡᠯᠡᠭᠦᠯᠦᠨ᠎ᠡ᠃ ︵ᠬᠤᠶᠠᠷ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠤᠨ᠂ ᠲᠣᠭᠲᠠᠭᠤᠨ ᠪᠠᠶᠢᠳᠠᠯ ᠢ ᠬᠠᠮᠠᠭᠠᠯᠠᠵᠦ᠂ ᠴᠢᠩᠭ᠎ᠠ ᠵᠢᠷᠤᠮᠵᠢᠭᠤᠨ᠂ ᠲᠥᠪ ᠭᠤᠣᠯᠴᠢ ᠪᠠᠷ ᠬᠠᠤᠯᠢ ᠶᠢ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ︵ᠭᠤᠷᠪᠠ︶ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠪᠤᠳᠠᠳᠠᠢ ᠶᠢ ᠡᠷᠬᠢᠮᠯᠡᠬᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠵᠢᠯ ᠪᠣᠯᠭᠠᠨ ᠳᠤ ᠪᠤᠳᠠᠳᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ ᠨᠠᠮ ᠤᠨ ᠤᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠰᠢᠢᠳᠪᠦᠷᠢᠯᠡᠬᠦ ᠰᠡᠳᠬᠢᠬᠦᠢ ᠶᠢ ᠪᠠᠲᠤᠳᠬᠠᠵᠤ᠂ ᠨᠢᠭᠡᠳᠦᠭᠡᠷ ᠹᠷᠣᠨᠲ ᠲᠤ ᠪᠣᠳᠠᠲᠤ ᠪᠠᠶᠢᠳᠠᠯ ᠢ ᠡᠵᠡᠮᠰᠢᠵᠦ᠂ ᠲᠤᠬᠠᠢ ᠶᠢᠨ ᠲᠠᠯᠠᠪᠤᠷ ᠲᠤ ᠠᠰᠠᠭᠤᠳᠠᠯ ᠢ ᠰᠢᠢᠳᠪᠦᠷᠢᠯᠡᠨ᠎ᠡ᠃ ︽ᠨᠠᠷᠢᠨ ᠲᠠᠩᠰᠠ ᠪᠠᠷ ᠬᠠᠮᠢᠶᠠᠷᠬᠤ᠂ ᠡᠬᠡ ᠲᠠᠩᠰᠠ ᠪᠠᠷ ᠠᠬᠢᠭᠤᠯᠬᠤ᠂ ᠱᠠᠭᠠᠷᠳᠠᠨ ᠭᠦᠢᠴᠡᠳᠬᠡᠯᠭᠡᠬᠦ ᠂ ᠦᠨᠡᠯᠡᠨ ᠵᠢᠱᠢᠵᠦ ᠦᠷ᠎ᠡ ᠪᠦᠲᠦᠮᠵᠢ ᠶᠢ ᠨᠢ ᠠᠰᠠᠭᠤᠬᠤ︾ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠪᠦᠬᠦᠨ ᠢ ᠪᠡᠶᠡᠯᠡᠬᠦᠯᠬᠦ ᠪᠠᠷ ᠴᠢᠷᠮᠠᠶᠢᠨ᠎ᠠ᠃ ︵ᠳᠥᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢᠨ ᠳᠦᠷᠢᠮ ᠢ ᠤᠬᠠᠮᠰᠠᠷ ᠠᠴᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠦᠯ ᠵᠦᠢᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠤᠯᠤᠰ ᠤᠨ ᠦᠮᠴᠢᠯᠡᠯᠳᠤ ᠡᠳ᠋ ᠬᠥᠷᠥᠩᠭᠡ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠯᠵᠠᠷᠠᠯ ᠢ ᠡᠬᠢ ᠰᠤᠷᠪᠤᠯᠵᠢ ᠠᠴᠠ  ᠨᠢ ᠰᠡᠷᠭᠡᠶᠢᠯᠡᠨ ᠵᠠᠰᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠨ᠎ᠠ᠃ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠵᠤ᠂ ᠠᠷᠪᠢᠯᠠᠨ ᠭᠠᠮᠨᠠᠵᠤ᠂ ᠡᠩ ᠤᠨ ᠴᠢᠨᠠᠷᠲᠠᠢ ᠵᠠᠷᠤᠯᠭ᠎ᠠ᠂ ᠠᠯᠪᠠᠨ ᠪᠠᠶᠢᠭᠤᠯᠭ᠎ᠠ ᠶᠢᠨ ᠠᠳᠠᠯ ᠠᠬᠤᠢ ᠶᠢᠨ ᠵᠠᠷᠤᠯᠭ᠎ᠠ ᠶᠢ 10% ᠠᠴᠠ ᠳᠡᠭᠡᠭᠰᠢ ᠪᠠᠭᠠᠰᠬᠠᠨ᠎ᠠ᠃ ᠨᠡᠩ ᠤᠯᠠᠨ ᠡᠳ᠋ ᠤᠨ ᠵᠠᠰᠠᠭ ᠤᠨ ᠬᠦᠴᠦᠨ ᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ ᠲᠥᠯᠥᠭᠡᠯᠡᠭᠴᠢᠳ ᠠ᠋︕ ᠦᠨᠡᠨᠴᠢ ᠴᠢᠷᠮᠠᠶᠢᠯᠭ᠎ᠠ ᠶᠢᠨ ᠬᠦᠴᠦᠨ ᠳᠤ ᠦᠵᠡᠮᠵᠢᠳᠦ ᠮᠠᠷᠭᠠᠰᠢ ᠴᠤᠭᠴᠠᠯᠠᠭᠳᠠᠨ᠎ᠠ᠂ ᠰᠢᠷᠭᠠᠭᠤ ᠲᠡᠮᠡᠴᠡᠯ ᠤᠨ ᠡᠷᠴᠢᠨ ᠳᠤ ᠰᠢᠨ᠎ᠡ ᠬᠠᠷᠭᠤᠢ ᠰᠤᠨᠤᠯᠵᠠᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡᠬᠦ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠮᠣᠩᠭᠤᠯ ᠮᠤᠷᠢᠨ︾ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号