ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/11
    10 ᠰᠠᠷ᠎ᠠ ᠶᠢᠨ 9᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠰᠢᠭᠤ ᠨᠠᠮ ᠤᠨ ᠬᠤᠷᠢᠶᠠᠨ ᠤ ᠨᠠᠮ ᠎ ᠤᠨ ᠰᠤᠷᠭᠠᠭᠤᠯᠢ ᠳᠤ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠢᠦᠢ ᠵᠥᠩ ᠮᠢᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠷᠠᠯ ᠳᠤ ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ ᠣᠯᠭᠤᠬᠤ ᠵᠢᠴᠢ ᠡᠭᠦᠷᠭᠡ ᠶᠢᠨ ᠬᠤᠪᠢᠶᠠᠷᠢᠯᠠᠯ ᠎ ᠤᠨ ᠲᠣᠭᠲᠠᠭᠠᠯ ᠢ ᠨᠡᠶᠢᠲᠡᠯᠡᠪᠡ᠃ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠠᠮᠵᠢᠯᠴᠠᠬᠤ ᠲᠣᠭᠲᠠᠴᠠ ᠶᠢᠨ ᠡᠯ᠎ᠡ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠭᠳᠠᠬᠤ ᠨᠢᠭᠡᠴᠡ ᠪᠣᠯᠬᠤ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠠᠯᠪᠠᠨ ᠭᠡᠷ᠂ ᠣᠷᠣᠨ ᠲᠤᠭ᠎ᠠ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠲᠠᠮᠢᠷ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠨᠠᠮ ᠤᠨ ᠰᠤᠷᠭᠠᠭᠤᠯᠢ᠂ ᠬᠠᠩᠭᠠᠨ ᠪᠣᠷᠣᠯᠠᠭᠤᠯᠬᠤ ᠬᠤᠷᠰᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ 9 ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠵᠢᠴᠢ ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ  ᠲᠠᠢ ᠤᠶᠠᠯᠳᠤᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠨ᠂ ᠲᠣᠭᠤᠷᠢᠨ ᠪᠠᠶᠢᠴᠠᠭᠠᠬᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠨ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ ᠵᠥᠪ ᠢ ᠡᠷᠢᠬᠦ ᠶᠢ  ᠪᠠᠷᠢᠮᠲᠠᠯᠠᠨ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号