ᠪᠠᠷᠠᠭᠤᠨ ᠦᠵᠦᠮᠦᠴᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠵᠢᠨ‌ᠦᠶᠯᠡᠴᠢᠯᠡᠭᠡᠨ ᠤ ᠲᠥᠪ  ᠴᠠᠯᠢᠩ ᠥᠷᠢᠲᠦᠵᠦ ᠬᠠᠤᠯᠢ ᠠᠴᠠ ᠵᠥᠷᠢᠴᠡᠭᠰᠡᠨ  ᠠᠵᠢᠯᠯᠠᠭ᠎ᠠ ᠳᠤ ᠬᠦᠨᠳᠦ ᠴᠣᠬᠢᠯᠲᠠ ᠦᠭᠴᠦ ᠪᠤᠢ
ᠨᠡᠶᠢᠲᠡᠯᠡᠭᠰᠡᠨ ᠴᠠᠭ᠄
2024/10/11
    2024 ᠣᠨ ᠪᠣᠯ  ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠦᠷᠢᠮ︾᠎ ᠢ  ᠲᠤᠤᠱᠯᠠᠭᠤᠯᠥᠨ ᠨᠠᠶᠢᠳᠠᠪᠤᠷᠢᠵᠢᠭᠤᠯᠤᠭᠰᠠᠨ ᠬᠤᠷᠢᠨ ᠵᠢᠯ ᠤᠨ ᠣᠶ ᠪᠣᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠨᠢ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠬᠢᠨᠠᠨ ᠰᠢᠯᠭᠠᠬᠤ ᠠᠵᠢᠯ ᠢ ᠰᠠᠶᠢᠲᠤᠷ  ᠬᠢᠵᠦ ᠪᠠᠶᠢᠨ᠎ᠠ᠃ 2024 ᠣᠨ ᠤ 9 ᠰᠠᠷ᠎ᠠ ᠪᠣᠯᠲᠠᠯ᠎ᠠ᠂ ᠪᠥᠬᠦ ᠤᠯᠤᠰ ᠤᠨ ᠴᠠᠯᠢᠩ ᠥᠷᠢᠲᠦᠭᠰᠡᠨ ᠰᠦᠪᠡᠭᠴᠢ ᠎ ᠶᠢ ᠦᠨᠳᠦᠰᠦᠨ ᠠᠴᠠ ᠨᠢ ᠵᠠᠰᠠᠬᠤ ᠲᠠᠪᠴᠠᠩ ᠢᠶᠠᠷ ᠳᠠᠮᠵᠢᠭᠤᠯᠤᠨ ᠵᠠᠬᠢᠳᠠᠯ ᠰᠤᠷᠪᠤᠯᠵᠢᠯᠠᠭ᠎ᠠ ᠬᠢᠵᠦ᠂ 12345 ᠤᠲᠠᠰᠤ ᠪᠠᠷ ᠮᠡᠳᠡᠭᠦᠯᠦᠭᠰᠡᠨ ᠬᠡᠷᠡᠭ ᠢ 315᠎ ᠶᠢ ᠭᠥᠯᠢᠶᠡᠨ ᠠᠪᠴᠤ᠂ 304 ᠬᠡᠷᠡᠭ ᠢ ᠰᠢᠶᠳᠪᠦᠷᠢᠯᠡᠵᠡᠶ᠂  ᠡᠨᠡ ᠎ ᠨᠢ 621 ᠬᠥᠳᠡᠯᠮᠦᠷᠢᠴᠢᠨ᠂ 825 ᠲᠦᠮᠡᠨ ᠲᠥᠭᠦᠷᠢᠭ ᠲᠤ ᠬᠤᠯᠪᠣᠭᠳᠠᠭᠰᠠᠨ ᠪᠠᠶᠢᠨ᠎ᠠ᠃     ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠦᠶᠯᠡᠴᠢᠯᠡᠭᠡᠨ ᠤ ᠲᠥᠪ ᠨᠢ ᠴᠠᠯᠢᠩ ᠥᠷᠢᠲᠦᠬᠦ ᠠᠰᠠᠭᠤᠳᠠᠯ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠯᠢᠩ ᠥᠷᠢᠲᠦᠬᠦ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠡᠶᠡᠳᠡᠭᠦᠯᠦᠨ ᠰᠢᠶᠳᠪᠦᠷᠢᠯᠡᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠴᠠᠯᠢᠩ ᠥᠷᠢᠲᠦᠬᠦ ᠶᠢ ᠵᠠᠰᠠᠬᠤ ᠦᠶᠯᠡᠳᠦᠯ ᠢ ᠪᠠᠳᠠᠷᠠᠭᠤᠯᠵᠤ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠶᠢ ᠵᠥᠷᠢᠴᠡᠭᠰᠡᠨ ᠠᠵᠤ ᠠᠬᠤᠶᠢᠯᠠᠯ ᠳᠤ ᠴᠢᠩᠭ᠎ᠠ ᠴᠣᠬᠢᠯᠲᠠ ᠦᠭᠴᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠦᠭᠡᠢ ᠪᠠᠶᠢᠭ᠎ᠠ ᠵᠡᠷᠭᠡ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ  ᠥᠴᠦᠬᠡᠨ ᠴᠦ ᠢᠯᠳᠠᠷ ᠬᠠᠶᠠᠬᠤ ᠥᠬᠡᠶ ᠪᠠᠶᠢᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠤᠬᠡᠳ ᠠᠵᠢᠯᠴᠢᠨ ᠬᠡᠷᠡᠭᠯᠡᠵᠦ ᠪᠠᠶᠢᠭ᠎ᠠ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠭᠰᠠᠨ ᠪᠠᠶᠢᠨ᠎ᠠ᠃     ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠤᠯᠠᠮ ᠨᠢᠭᠡ ᠠᠯᠬᠤᠮ ᠬᠥᠭᠵᠢᠬᠦ ᠶᠢ ᠳᠠᠭᠠᠯᠳᠤᠨ᠂ ᠣᠶᠢᠷ᠎ᠠ ᠎ ᠶᠢᠨ ᠬᠤᠭᠤᠴᠠᠭᠠᠨ ᠳᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠠᠵᠢᠯ ᠲᠥᠷᠥᠯ ᠳᠤ ᠴᠢᠭᠯᠡᠭᠦᠯᠦᠨ ᠲᠤᠰᠬᠠᠶ ᠵᠦᠢᠯ ᠤᠨ ᠪᠠᠶᠢᠴᠠᠭᠠᠯᠲᠠ ᠬᠢᠵᠦ᠂ ᠮᠠᠨ ᠤ ᠬᠤᠰᠢᠭᠤᠨ ᠤ ᠲᠦᠷᠭᠡᠨ ᠬᠦᠷᠭᠡᠯᠲᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠢᠯᠠᠩᠭᠤᠶ᠎ᠠ ᠠᠵᠢᠯᠴᠢᠨ ᠬᠡᠷᠡᠭᠯᠡᠬᠦ ᠨᠡᠷᠡᠰ ᠤᠨ ᠳᠠᠩᠰᠠ᠂ ᠬᠥᠳᠡᠯᠮᠦᠷᠢ ᠶᠢᠨ ᠭᠡᠷ᠎ᠡ᠂ ᠠᠵᠢᠯᠯᠠᠬᠤ ᠴᠠᠭ ᠤᠨ ᠠᠵᠢᠯ ᠳᠤ ᠭᠠᠷᠬᠤ ᠶᠢ ᠰᠢᠯᠭᠠᠬᠤ᠂ ᠠᠮᠠᠷᠠᠯᠲᠠ ᠪᠠ ᠴᠢᠯᠥᠭᠡ᠂ ᠬᠥᠳᠡᠯᠮᠦᠷᠢ ᠶᠢᠨ ᠬᠠᠮᠠᠭᠠᠯᠠᠯᠲᠠ᠂ ᠴᠠᠯᠢᠩ ᠮᠦᠡᠭᠭᠦ ᠥᠭᠬᠦ ᠵᠡᠷᠭᠡ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠠᠶᠢᠳᠠᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠬᠥᠮᠦᠨ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠵᠢᠷᠤᠮᠵᠢᠭᠤᠯᠥᠨ᠂ ᠠᠵᠤ ᠠᠬᠤᠶᠢᠯᠠᠯ ᠤᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠬᠥᠳᠡᠯᠮᠦᠷᠢᠴᠢᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号