ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠡᠮᠳᠡᠭᠴᠦᠳ ᠤᠨ  ︽ᠬᠤᠶᠠᠷ ᠵᠦᠶᠯ ᠤᠨ ᠨᠥᠬᠦᠪᠥᠷᠢ︾᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠣᠯᠭᠤᠬᠤ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/10/11
    8 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠵᠡᠮᠳᠡᠭᠴᠦᠳ ᠤᠨ ᠦᠨᠳᠦᠰᠦᠨ ᠠᠮᠢᠳᠤᠷᠠᠯ ᠤᠨ ᠲᠦᠪᠰᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ 2024 ᠣᠨ ᠤ 7 ᠰᠠᠷ᠎ᠠ ᠠᠴᠠ ᠡᠬᠢᠯᠡᠨ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠲᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠤᠤᠯ ᠤᠨ ᠬᠥᠮᠦᠨ ᠪᠦᠷᠢ ᠰᠠᠷ᠎ᠠ ᠳᠤ 100 ᠲᠥᠭᠦᠷᠢᠭ ᠪᠠᠶᠢᠭᠰᠠᠨ ᠠᠴᠠ 125 ᠲᠥᠭᠦᠷᠢᠭ ᠪᠣᠯᠭᠠᠨ  ᠲᠡᠭᠡᠭᠰᠢᠯᠡᠭᠦᠯᠪᠡ᠃    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠲᠣᠰ ᠵᠦᠶᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠣᠨᠣᠪᠴᠢᠲᠠᠶ ᠨᠠᠶᠢᠳᠠᠪᠤᠷᠢᠵᠢᠭᠤᠯᠬᠤ ᠶᠢ  ᠪᠠᠲᠤᠯᠠᠬᠤ ᠶᠢᠨ ᠲᠥᠯᠥᠭᠡ᠂ ᠪᠠᠯᠠ ᠮᠥᠩᠭᠦ ᠶᠢ ᠴᠠᠭ ᠲᠤᠬᠠᠶ ᠳᠤᠨᠢ ᠲᠠᠷᠬᠠᠭᠠᠨ᠂ ᠤᠷᠢᠳᠴᠢᠯᠠᠨ ᠳᠣᠭᠢᠷᠠᠭᠤᠯᠤᠨ ᠪᠠᠶᠢᠷᠢᠯᠠᠭᠤᠯᠵᠤ᠂ ᠨᠥᠬᠦᠵᠦ ᠣᠯᠭᠤᠭᠰᠠᠨ ᠬᠥᠮᠦᠰ ᠤᠨ ᠨᠡᠷᠡᠰ ᠢ ᠨᠠᠷᠢᠨ ᠬᠢᠨᠠᠮᠠᠭᠠᠶ ᠬᠠᠷᠭᠤᠭᠤᠯᠤᠨ ᠲᠣᠳᠣᠷᠬᠠᠶᠢᠯᠠᠵᠤ᠂ ᠣᠲᠣ ᠪᠣᠯᠬᠤ ᠳᠤ 1675 ᠬᠦᠴᠢᠷᠳᠡᠯᠲᠡᠶ ᠵᠡᠮᠳᠡᠭᠴᠦᠳ ᠲᠤ 7 - 8 ᠰᠠᠷ᠎ᠠ ᠶᠢᠨ ᠠᠮᠢᠳᠤᠷᠠᠯ ᠤᠨ ᠨᠥᠬᠦᠪᠥᠷᠢ 4.19 ᠲᠦᠮᠡᠨ ᠲᠥᠭᠦᠷᠢᠭ ᠨᠥᠬᠦᠪᠥᠷᠢᠯᠡᠨ ᠥᠭᠴᠦ᠂ 2804 ᠬᠦᠨᠳᠦ ᠳᠡᠰ ᠤᠨ ᠵᠡᠮᠳᠡᠭᠴᠦᠳ ᠲᠤ 7 - 8 ᠰᠠᠷ᠎ᠠ ᠶᠢᠨ ᠰᠤᠪᠢᠯᠠᠯᠲᠠ ᠶᠢᠨ ᠨᠥᠬᠦᠪᠥᠷᠢ 7.01 ᠲᠦᠮᠡᠨ ᠲᠥᠭᠦᠷᠢᠭ ᠨᠥᠬᠦᠪᠥᠷᠢᠯᠡᠨ ᠥᠭᠴᠦ᠂ ᠲᠤᠰ  ᠬᠤᠶᠠᠷ ᠵᠦᠶᠯ ᠳᠤ ᠨᠡᠶᠢᠲᠡ 11.2 ᠲᠦᠮᠡᠨ ᠲᠥᠭᠦᠷᠢᠭ ᠨᠥᠬᠦᠪᠥᠷᠢᠯᠡᠨ ᠥᠭᠴᠡᠶ  ᠃ 9 ᠳ᠋ᠦ᠋ᠭᠡᠷ ᠰᠠᠷ᠎ᠠ ᠳᠤ᠂ 845 ᠬᠦᠴᠢᠷᠳᠡᠯᠲᠡᠶ ᠵᠡᠮᠳᠡᠭᠴᠦᠳ ᠲᠤ 10.56 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠥᠷᠢ ᠣᠯᠭᠤᠵᠤ᠂ 1417 ᠬᠦᠨᠳᠦ ᠵᠡᠮᠳᠡᠭᠴᠦᠳ ᠲᠤ 17.71 ᠲᠦᠮᠡᠨ ᠲᠥᠭᠦᠷᠢᠭ ᠤᠨ ᠰᠤᠪᠢᠯᠠᠯᠲᠠ ᠶᠢᠨ ᠨᠥᠬᠦᠪᠥᠷᠢ ᠣᠯᠭᠤᠨ᠂ 9 ᠳ᠋ᠦ᠋ᠭᠡᠷ ᠰᠠᠷ᠎ᠠ ᠳᠤ ᠵᠡᠮᠳᠡᠭᠴᠦᠳ ᠲᠤ ᠨᠡᠶᠢᠲᠡ 28.27 ᠲᠦᠮᠡᠨ ᠲᠥᠭᠦᠷᠢᠭ ᠤᠨ ︽ᠬᠤᠶᠠᠷ ᠵᠦᠶᠯ ᠤᠨ ᠨᠥᠬᠦᠪᠥᠷᠢ  ︾ ᠣᠯᠭᠤᠪᠠ᠃     ᠲᠣᠰ ᠤᠳᠠᠭᠠᠨ ᠤ ᠵᠡᠮᠳᠡᠭᠴᠦᠳ ᠤᠨ ︽ᠬᠤᠶᠠᠷ ᠵᠦᠶᠯ ᠤᠨ ᠨᠥᠬᠦᠪᠥᠷᠢ︾᠎ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠨᠢ ᠵᠡᠮᠳᠡᠭᠴᠦᠳ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠵᠤ᠂ ᠵᠡᠮᠳᠡᠭᠴᠦᠳ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号