ᠪᠠᠷᠠᠭᠤᠨ ᠦᠵᠦᠮᠦᠴᠢᠨ ᠬᠤᠰᠢᠭᠤ ᠤᠳᠤᠬᠢᠴᠢᠯᠠᠭᠰᠠᠨ ᠡᠪᠡᠰᠦᠨ ᠲᠡᠵᠢᠭᠡᠯ ᠤᠨ ᠠᠵᠤ ᠦᠢᠯᠡᠰ ᠢ ᠶᠡᠬᠡᠪᠡᠷ ᠬᠦᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/10/11
                                                       ᠪᠠᠷᠠᠭᠤᠨ ᠦᠵᠦᠮᠦᠴᠢᠨ ᠬᠤᠰᠢᠭᠤ ᠨᠤᠳᠤᠭ ᠪᠡᠯᠴᠢᠭᠡᠷ ᠢ ᠬᠠᠮᠠᠭᠠᠯᠠᠨ ᠮᠠᠯᠵᠢᠯ ᠤᠨ ᠦᠷ᠎ᠡ ᠠᠰᠢᠭ ᠢ ᠲᠡᠭᠡᠭᠰᠢᠯᠡᠭᠦᠯᠵᠦ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠬᠠᠷᠠᠯᠳᠠ ᠪᠤᠯᠭᠠᠵᠦ᠂ ᠡᠪᠡᠰᠦᠨ ᠤ ᠠᠵᠤ ᠦᠢᠯᠡᠰ ᠤᠨ ᠬᠦᠭᠵᠢᠯᠳᠡ ᠶᠢ ᠤᠳᠤ ᠦᠶ᠎ᠡ ᠶᠢᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠲᠠᠢ ᠤᠶᠠᠯᠳᠤᠭᠤᠯᠤᠨ ᠤᠶᠤᠨᠴᠢᠯᠠᠭᠰᠠᠨ ᠦᠷ᠎ᠡ ᠪᠦᠳᠦᠮᠵᠢᠳᠠᠢ ᠠᠮᠢ ᠠᠬᠤᠢ ᠶᠢᠨ ᠡᠪᠡᠰᠦᠨ ᠤ ᠬᠠᠩᠭᠠᠯᠭ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠤᠳᠤᠬᠢᠴᠢᠯᠠᠭᠰᠠᠨ ᠮᠠᠯ ᠠᠵᠤ ᠠᠬᠤᠢ ᠶᠢ ᠬᠦᠭᠵᠢᠬᠦᠯᠵᠦ ᠪᠠᠶᠢᠨ᠎ᠠ᠃ᠰᠤᠷᠪᠤᠯᠵᠢᠯᠠᠭᠴᠢ᠂ ᠪᠠᠷᠠᠭᠤᠨ ᠦᠵᠦᠮᠦᠴᠢᠨ ᠬᠤᠰᠢᠭᠤᠨ ᠤ ᠤᠳᠤᠬᠢᠴᠢᠯᠠᠭᠰᠠᠨ ᠡᠪᠡᠰᠦ ᠪᠤᠷᠳᠤᠭᠠᠨ ᠤ ᠬᠦᠷᠢᠶᠡᠯᠡᠩ ᠳᠤ ᠬᠦᠷᠬᠦ ᠳᠤ ᠠᠵᠢᠯᠴᠢᠳ ᠲᠤᠮᠤ ᠬᠡᠯᠪᠡᠷᠢ ᠶᠢᠨ ᠠᠴᠢᠶᠠᠨ ᠤ ᠮᠠᠰᠢᠨ ᠠᠴᠠ ᠪᠤᠭᠤᠵᠢ ᠲᠠᠢ ᠡᠪᠡᠰᠦ ᠪᠠᠭᠤᠯᠭᠠᠨ ᠶᠠᠭᠠᠷᠠᠯᠳᠤᠨ᠎ᠠ᠃ ᠲᠤᠰ ᠡᠪᠡᠰᠦ ᠪᠤᠷᠳᠤᠭᠠᠨ ᠤ ᠬᠦᠷᠢᠶᠡᠯᠡᠩ ᠤᠨ ᠬᠠᠷᠢᠭᠤᠴᠠᠯᠭᠠᠳᠠᠨ ᠬᠠᠩᠭᠠᠢ ᠄ ︽ᠬᠠᠳᠠᠭᠠᠯᠠᠵᠦ ᠨᠦᠭᠡᠴᠡᠯᠡᠭᠰᠡᠨ ᠡᠪᠡᠰᠦ ᠪᠤᠷᠳᠤᠭ᠎ᠠ ᠶᠢ ᠮᠠᠯᠵᠢᠬᠤ ᠡᠷᠦᠬᠡ ᠶᠢᠨ ᠡᠪᠦᠯ ᠬᠠᠪᠤᠷ ᠤᠨ ᠮᠠᠯ ᠤᠨ ᠲᠡᠵᠢᠭᠡᠯ ᠡᠪᠡᠰᠦ ᠲᠤᠳᠠᠭᠳᠠᠬᠤ ᠪᠤᠶᠤ ᠭᠡᠨᠡᠳᠳᠡ ᠶᠢᠨ ᠵᠤᠳ ᠭᠠᠮᠰᠢᠭ ᠲᠤ ᠪᠡᠯᠡᠳᠬᠡᠵᠦ ᠪᠠᠶᠢᠨ᠎ᠠ︾ ᠬᠡᠮᠡᠨ ᠲᠠᠨᠢᠯᠴᠠᠭᠤᠯᠪᠠ᠃    ᠪᠠᠷᠠᠭᠤᠨ ᠦᠵᠦᠮᠦᠴᠢᠨ ᠬᠤᠰᠢᠭᠤ ᠨᠢ ᠪᠠᠰᠠ ᠶᠡᠭᠡ ᠲᠡᠭᠡᠳᠦ ᠰᠤᠷᠭᠠᠭᠤᠯᠢ ᠶᠢᠨ ᠰᠤᠳᠤᠯᠭᠠᠨ ᠤ ᠪᠠᠶᠢᠭᠤᠯᠤᠮᠵᠢ ᠲᠠᠢ ᠬᠠᠮᠵᠢᠯᠴᠠᠬᠤ ᠪᠤᠶᠤ ᠠᠷᠠᠯᠵᠢᠶᠠᠴᠢᠨ ᠤᠷᠢᠬᠤ ᠬᠡᠯᠪᠡᠷᠢ ᠪᠠᠷ ᠮᠠᠯ ᠠᠵᠤ ᠠᠬᠤᠢ ᠶᠢᠨ ᠲᠡᠷᠢᠬᠦᠨ ᠤ ᠮᠠᠰᠢᠨ ᠮᠡᠷᠭᠡᠵᠢᠯ ᠪᠠ ᠬᠠᠮᠢᠶᠠᠷᠤᠯᠳᠠ ᠶᠢᠨ ᠵᠠᠭᠪᠤᠷ ᠢ ᠲᠠᠳᠠᠨ ᠤᠷᠤᠭᠤᠯᠵᠤ᠂ 1.01 ᠲᠦᠮᠡᠨ ᠮᠦ ᠲᠠᠷᠢᠮᠠᠯ ᠤᠨ ᠭᠠᠵᠠᠷ ᠢᠶᠠᠨ ᠦᠨᠳᠦᠷ ᠤᠨᠠᠯᠳᠠᠳᠤ ᠤᠰᠤᠯᠠᠯᠳᠠ ᠶᠢᠨ ᠲᠡᠵᠢᠭᠡᠯ ᠡᠪᠡᠰᠦᠨ ᠤ ᠲᠠᠷᠢᠮᠠᠯ ᠤᠨ ᠰᠠᠭᠤᠷᠢᠨ ᠪᠤᠯᠭᠠᠵᠦ᠂ ᠲᠠᠷᠢᠵᠦ ᠪᠤᠶᠢᠵᠢᠭᠤᠯᠬᠤ ᠦᠷ᠎ᠡ ᠠᠰᠢᠭ ᠪᠠ ᠠᠰᠢᠭᠯᠠᠯᠳᠠ ᠶᠢᠨ ᠨᠤᠷᠮ᠎ᠠ ᠶᠢ ᠶᠡᠬᠡᠪᠡᠷ ᠲᠡᠭᠡᠭᠰᠢᠯᠡᠬᠦᠯᠦᠭᠰᠡᠨ ᠤ ᠬᠠᠮᠳᠤ᠂ ᠮᠠᠯ ᠲᠡᠵᠢᠭᠡᠪᠦᠷᠢ ᠶᠢᠨ ᠬᠤᠯᠢᠮᠠᠭ ᠲᠡᠵᠢᠭᠡᠯ ᠪᠤᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠵᠤ᠂ ᠰᠢᠨ᠎ᠡ ᠮᠡᠷᠭᠡᠵᠢᠯ ᠢ ᠠᠰᠢᠭᠯᠠᠨ ᠰᠢᠮ᠎ᠡ ᠲᠡᠵᠢᠭᠡᠯ ᠬᠠᠩᠭᠠᠮᠵᠢᠳᠠᠢ ᠦᠬᠡᠷ ᠮᠠᠯ ᠲᠡᠵᠢᠭᠡᠬᠦ ᠰᠢᠨ᠎ᠡ ᠪᠦᠳᠦᠭᠡᠭᠳᠡᠭᠦᠨ ᠢ ᠪᠤᠯᠪᠠᠰᠤᠷᠠᠭᠤᠯᠤᠨ ᠭᠠᠷᠭᠠᠵᠦ ᠮᠠᠯ ᠤᠨ ᠲᠡᠵᠢᠭᠡᠯ ᠪᠤᠷᠳᠤᠭᠠᠨ ᠤ ᠬᠠᠩᠭᠠᠯᠭ᠎ᠠ ᠪᠠ ᠶᠠᠰᠤ ᠴᠢᠨᠠᠷ ᠢ ᠪᠠᠳᠤᠯᠠᠵᠦ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤ ᠨᠢ ᠪᠦᠬᠦ ᠤᠯᠤᠰ ᠤᠨ ᠮᠠᠯ ᠠᠵᠤ ᠠᠬᠤᠢ ᠶᠢᠨ ᠲᠡᠰ ᠲᠡᠪᠰᠢᠬᠦᠯᠦᠨ ᠬᠦᠭᠵᠢᠬᠦᠯᠬᠦ ᠲᠤᠷᠰᠢᠯᠳᠠ ᠶᠢᠨ ᠴᠡᠭ ᠤᠨ ᠤᠷᠤᠨ ᠪᠠᠶᠢᠵᠤ᠂ ᠤᠶᠢᠷ᠎ᠠ ᠶᠢᠨ ᠵᠢᠯ ᠳᠤ᠂ ︽ᠮᠠᠯᠵᠢᠬᠤ ᠳᠤ ᠵᠤᠷᠢᠭᠤᠯᠤᠨ ᠲᠠᠷᠢᠬᠤ᠂ ᠲᠠᠷᠢᠮᠠᠯ ᠲᠡᠵᠢᠭᠡᠯ ᠢᠶᠠᠷ ᠮᠠᠯᠵᠢᠯ ᠢ ᠲᠡᠳᠬᠦᠬᠦ᠂ ᠮᠠᠯᠵᠢᠯ ᠤᠨ ᠠᠰᠢᠭ ᠢ ᠲᠡᠭᠡᠭᠰᠢᠯᠡᠬᠦᠯᠬᠦ︾ ᠬᠦᠭᠵᠢᠯᠳᠡ  ᠶᠢᠨ ᠰᠡᠳᠬᠢᠮᠵᠢ ᠶᠢ ᠪᠠᠷᠢᠮᠳᠠᠯᠠᠵᠦ᠂ ᠵᠠᠰᠠᠭ ᠤᠨ ᠤᠷᠳᠤᠨ ᠵᠢᠯᠤᠭᠤᠳᠤᠨ᠂ ᠠᠵᠤ ᠠᠬᠤᠶᠢᠯᠠᠯ ᠡᠵᠡᠩᠨᠡᠵᠦ᠂ ᠵᠠᠬ᠎ᠠ ᠲᠡᠯᠭᠡᠭᠦᠷ ᠪᠠᠷ ᠡᠷᠭᠢᠯᠳᠡ ᠶᠢ ᠵᠤᠬᠢᠴᠠᠭᠤᠯᠬᠤ ᠰᠢᠨ᠎ᠡ ᠵᠤᠬᠢᠴᠠᠮᠵᠢ ᠶᠢ ᠬᠡᠷᠡᠭᠵᠢᠬᠦᠯᠦᠨ᠂ ᠨᠢᠭᠡᠳᠦᠯᠳᠡᠢ ᠲᠠᠷᠢᠵᠦ ᠨᠦᠭᠡᠴᠡᠯᠡᠵᠦ ᠬᠤᠪᠢᠶᠠᠬᠤ ᠤᠳᠤᠬᠢᠴᠢᠯᠠᠭᠰᠠᠨ ᠡᠪᠡᠰᠦ ᠪᠤᠷᠳᠤᠭᠠᠨ ᠤ ᠦᠢᠯᠡᠴᠢᠯᠡᠭᠡᠨ ᠤ ᠰᠢᠰᠲ᠋ᠧᠮ ᠪᠠ ᠭᠠᠴᠠᠭ᠎ᠠ᠂ ᠰᠤᠮᠤ ᠪᠠᠯᠭᠠᠰᠤ᠂ ᠬᠤᠰᠢᠭᠤ ᠭᠤᠷᠪᠠᠨ ᠱᠠᠳᠤᠨ ᠤ ᠡᠪᠡᠰᠦ ᠪᠤᠷᠳᠤᠭ᠎ᠠ ᠨᠦᠭᠡᠴᠡᠯᠡᠨ ᠬᠠᠳᠠᠭᠠᠯᠠᠬᠤ ᠰᠢᠰᠲ᠋ᠧᠮ ᠢ ᠪᠠᠶᠢᠭᠤᠯᠪᠠ᠃ ᠡᠳᠦᠭᠡ ᠲᠤᠰ ᠬᠤᠰᠢᠭᠤ  ᠨᠢ ᠬᠤᠰᠢᠭᠤ ᠲᠡᠰ ᠤᠨ 2 ᠰᠠᠭᠤᠷᠢ ᠤᠳᠤᠬᠢᠴᠢᠯᠠᠭᠰᠠᠨ ᠡᠪᠡᠰᠦ ᠪᠤᠷᠳᠤᠭᠠᠨ ᠤ ᠬᠦᠷᠢᠶᠡᠯᠡᠩ᠂ ᠰᠤᠮᠤ ᠪᠠᠯᠭᠠᠰᠤᠨ ᠤ ᠲᠡᠰ  ᠤᠨ 6 ᠰᠠᠭᠤᠷᠢ ᠡᠪᠡᠰᠦ ᠬᠠᠳᠠᠭᠠᠯᠠᠬᠤ ᠰᠠᠭᠤᠷᠢᠨ᠂ ᠭᠠᠴᠠᠭ᠎ᠠ ᠲᠡᠰ ᠤᠨ 7 ᠰᠠᠭᠤᠷᠢ ᠡᠪᠡᠰᠦ ᠬᠠᠳᠠᠭᠠᠯᠠᠬᠤ ᠰᠠᠭᠤᠷᠢᠨ ᠢ ᠪᠠᠶᠢᠭᠤᠯᠵᠤ᠂ ᠵᠢᠯ ᠤᠨ ᠡᠪᠡᠰᠦ ᠪᠤᠷᠳᠤᠭ᠎ᠠ ᠬᠠᠳᠠᠭᠠᠯᠠᠵᠦ ᠨᠦᠭᠡᠴᠡᠯᠡᠬᠦ ᠴᠢᠳᠠᠮᠵᠢ 5 ᠲᠦᠮᠡᠨ ᠲᠤᠨ ᠳᠤ ᠬᠦᠷᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号