ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ​ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠮᠠᠯᠵᠢᠬᠤ ᠣᠷᠣᠨ ᠳᠤ ᠬᠦᠷᠴᠦ ᠬᠠᠪᠰᠤᠷᠤᠨ ᠭᠦᠢᠴᠡᠳᠭᠡᠬᠦ ᠦᠢᠯᠡᠴᠢᠯᠡᠭᠡ ᠬᠠᠨᠭ᠍ᠭᠠᠵᠦ
ᠨᠡᠶᠢᠲᠡᠯᠡᠭᠰᠡᠨ ᠴᠠᠭ᠄
2024/10/11
    ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠣᠯᠠᠨ ᠲᠦᠮᠡᠨ ᠬᠠᠮᠢᠭ᠎ᠠ ᠪᠠᠶᠢᠪᠠᠯ᠂ ᠦᠶᠯᠡᠴᠢᠯᠡᠭᠡ ᠨᠢ ᠬᠠᠮᠢᠭ᠎ᠠ ᠬᠦᠷᠲᠡᠯ᠎ᠡ ᠦᠷᠭᠦᠯᠵᠢᠯᠡᠬᠦ᠂ ᠬᠡᠷᠡᠭᠴᠡᠭᠡ ᠨᠢ ᠬᠠᠮᠢᠭ᠎ᠠ ᠪᠠᠶᠢᠪᠠᠯ᠂ ᠦᠶᠯᠡᠴᠢᠯᠡᠭᠡ ᠨᠢ ᠬᠠᠮᠢᠭ᠎ᠠ ᠰᠢᠯᠵᠢᠬᠦ︾ ᠳᠣᠲᠣᠨᠣ ᠦᠶᠯᠡᠴᠢᠯᠡᠭᠡᠨ ᠤ ᠵᠠᠭᠪᠤᠷ ᠢ ᠢᠳᠡᠪᠬᠢᠲᠡᠶ ᠪᠣᠶ ᠪᠤᠯᠭᠠᠵᠦ᠂ ᠮᠠᠯᠵᠢᠬᠤ ᠣᠷᠣᠨ ᠳᠤ ᠭᠡᠷ ᠲᠤ ᠨᠢ ᠬᠦᠷᠴᠦ ᠬᠠᠪᠰᠤᠷᠤᠨ ᠭᠦᠢᠴᠡᠳᠭᠡᠬᠦ ᠦᠢᠯᠡᠴᠢᠯᠡᠭᠡ ᠬᠠᠨᠭ᠍ᠭᠠᠵᠦ ᠪᠤᠢ᠃    ᠣᠶᠢᠷ᠎ᠠ ᠶᠢᠨ ᠡᠳᠦᠷ᠂ ᠵᠢᠷ ᠤᠨ ᠭᠤᠤᠯ ᠪᠠᠯᠭᠠᠰᠤᠨ ᠤ ᠪᠠᠶᠠᠨᠴᠡᠩᠭᠡᠯ ᠬᠤᠷᠰᠢᠶᠠᠵᠢᠯ ᠤᠨ ᠬᠠᠤᠯᠢ ᠶᠢᠨ ᠡᠷᠬᠡᠲᠡᠨ ᠨᠢ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠠᠩᠬᠢᠮ ᠳᠤ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠤᠨ ᠭᠠᠷ ᠭᠦᠢᠴᠡᠳᠭᠡᠯ ᠢ  ᠭᠦᠢᠴᠡᠳᠭᠡᠬᠦ ᠪᠠᠷ ᠬᠦᠷᠬᠦ ᠳᠤ᠂ ᠲᠣᠰ ᠬᠤᠷᠰᠢᠶᠠᠵᠢᠯ ᠤᠨ ᠬᠡᠰᠡᠭ ᠭᠡᠰᠢᠭᠦᠳ ᠨᠢ ᠨᠠᠰᠤ ᠪᠠᠷᠠᠭᠰᠠᠨ ᠪᠤᠶᠤ ᠮᠠᠯ ᠠᠵᠤ ᠠᠬᠤᠶ ᠨᠢ ᠶᠠᠭᠠᠷᠠᠯᠲᠠᠶ ᠵᠡᠷᠭᠡ ᠰᠢᠯᠲᠠᠭᠠᠨ ᠠᠴᠠ ᠪᠣᠯᠵᠣ ᠲᠤᠬᠠᠶ ᠶᠢᠨ ᠲᠠᠯᠠᠪᠤᠷ ᠲᠤ ᠢᠷᠡᠵᠦ ᠲᠤᠬᠠᠶᠢᠯᠠᠭᠰᠠᠨ ᠠᠵᠢᠯ ᠤᠨ ᠭᠠᠷ ᠭᠦᠢᠴᠡᠳᠭᠡᠯ ᠢ ᠭᠦᠶᠴᠡᠳᠬᠡᠬᠦ ᠶᠢᠨ ᠠᠷᠭ᠎ᠠ ᠥᠬᠡᠶ ᠪᠠᠶᠢᠯ᠎ᠠ᠃ ᠴᠣᠩᠬᠤᠨ ᠤ ᠠᠵᠢᠯᠲᠠᠨ ᠪᠠᠶᠢᠳᠠᠯ ᠢ ᠤᠶᠢᠯᠭᠠᠭᠰᠠᠨ ᠤ ᠳᠠᠷᠠᠭ᠎ᠠ ᠡᠨᠡᠬᠦ ᠠᠰᠠᠭᠤᠳᠠᠯ ᠳᠤ ᠴᠢᠭᠯᠡᠭᠦᠯᠦᠨ᠂ ᠮᠠᠯᠵᠢᠬᠤ ᠣᠷᠣᠨ  ᠳᠤ ᠬᠦᠷᠴᠦ ᠭᠠᠷ ᠭᠦᠶᠴᠡᠳᠬᠡᠯ ᠬᠢᠬᠦ ᠪᠠᠷ ᠲᠤᠭᠳᠠᠵᠦ᠂  ᠬᠤᠷᠰᠢᠶᠠᠵᠢᠯ ᠤᠨ ᠪᠣᠳᠠᠲᠠᠶ ᠣᠷᠣᠨ ᠪᠠᠶᠢᠷᠢ ᠪᠠ ᠬᠠᠮᠢᠶᠠᠲᠠᠢ ᠪᠦᠷᠢᠯᠳᠦᠭᠦᠨ ᠭᠡᠰᠢᠭᠦᠳ ᠤᠨ ᠬᠠᠷᠢᠯᠴᠠᠬᠤ ᠠᠷᠭ᠎ᠠ ᠮᠠᠶ᠋ᠢᠭ ᠢ ᠳᠠᠩᠰᠠᠯᠠᠭᠰᠠᠨ ᠤ ᠳᠠᠷᠠᠭ᠎ᠠ᠂ 4 ᠠᠵᠢᠯᠲᠠᠨ ᠭᠠᠷᠠᠭ ᠤᠨ ᠰᠡᠭᠦᠯᠴᠢ ᠶᠢᠨ ᠴᠠᠭ ᠢᠶᠠᠨ ᠠᠰᠢᠭᠯᠠᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ᠂ ᠵᠢᠷ ᠤᠨ ᠭᠤᠤᠯ ᠪᠠᠯᠭᠠᠰᠤᠨ ᠤ  ᠪᠠᠶᠠᠨᠴᠡᠩᠭᠡᠯ  ᠭᠠᠴᠠᠭᠠᠨ ᠳᠤ ᠬᠦᠷᠴᠦ᠂ ᠡᠷᠦᠬᠡ ᠳᠠᠷᠠᠭᠠᠯᠠᠨ ᠦᠶᠯᠡᠴᠢᠯᠡᠵᠦ᠂ ᠲᠡᠳᠡᠨ ᠢ ᠬᠠᠪᠰᠤᠷᠤᠨ ᠬᠤᠷᠰᠢᠶᠠᠵᠢᠯ ᠢ ᠨᠢ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ  ᠤᠨ ᠭᠦᠢᠴᠡᠳᠭᠡᠯ ᠢ ᠤᠷᠤᠭᠰᠢᠲᠠᠶ ᠪᠡᠶᠡᠯᠡᠭᠦᠯᠵᠡᠶ᠃     ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ   ᠨᠢ ᠣᠯᠠᠨ ᠲᠦᠮᠡᠨ ᠤ ᠬᠠᠷᠠᠭᠠᠰᠤ ᠠᠴᠠ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ︽ᠬᠡᠷ ᠲᠤᠨᠢ ᠬᠦᠷᠴᠦ ᠦᠶᠯᠡᠴᠢᠯᠡᠬᠦ᠂ ᠪᠣᠯᠵᠣᠵᠤ ᠦᠶᠯᠡᠴᠢᠯᠡᠬᠦ᠂ ᠴᠠᠭ ᠢ ᠤᠷᠲᠤᠳᠬᠠᠵᠤ ᠦᠶᠯᠡᠴᠢᠯᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠭᠡᠷᠡᠭᠵᠢᠭᠦᠯᠦᠨ᠂ ᠣᠯᠠᠨ ᠲᠦᠮᠡᠨ ᠤ  ᠪᠠᠴᠢᠮ ᠪᠡᠷᠬᠡ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠣᠯᠠᠨ ᠲᠦᠮᠡᠨ ᠳᠤ ᠳᠥᠭᠦᠮ ᠳᠥᠲᠡ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠦᠶᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ  ᠬᠦᠷᠭᠡᠯ᠎ᠡ᠃     ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠮᠠᠯᠵᠢᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷ ᠲᠤᠨᠢ ᠬᠦᠷᠴᠦ ᠦᠶᠯᠡᠴᠢᠯᠡᠬᠦ ᠠᠯᠪᠠᠨ ᠵᠠᠷ ᠢ ᠴᠠᠭ ᠲᠤᠨᠢ ᠳᠣᠭᠢᠷᠠᠭᠤᠯᠤᠨ ᠨᠡᠶᠢᠲᠡᠯᠡᠵᠦ᠂ ᠦᠶᠯᠡᠴᠢᠯᠡᠬᠦ ᠡᠲᠡᠭᠡᠳ᠂ ᠴᠠᠭ᠂ ᠤᠴᠢᠷ ᠶᠠᠪᠤᠳᠠᠯ  ᠢ  ᠲᠤᠲᠤᠷᠬᠠᠶᠢᠯᠠᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠨᠡᠶᠢᠲᠡ 100 ᠭᠠᠷᠤᠶ ᠤᠳᠠᠭ᠎ᠠ ᠬᠡᠷ ᠲᠤᠨᠢ ᠬᠦᠷᠴᠦ ᠬᠠᠮᠢᠶᠠᠲᠠᠢ ᠦᠢᠯᠡᠴᠢᠯᠡᠭᠡ  ᠬᠠᠨᠭ᠍ᠭᠠᠭᠰᠠᠨ  ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号