ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ ᠡᠪᠦᠯ ᠬᠠᠪᠤᠷ ᠬᠡᠷᠡᠭᠰᠡᠬᠦ ᠡᠪᠡᠰᠦ ᠪᠣᠷᠳᠣᠭᠠᠨ ᠤ ᠨᠥᠭᠡᠴᠡ ᠶᠢ ᠰᠠᠶᠢᠲᠤᠷ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/10/11
   ᠣᠶᠢᠷ᠎ᠠ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠠᠵᠢᠯᠲᠠᠳ ᠴᠠᠭ ᠢ ᠠᠮᠵᠢᠨ ᠬᠥᠬᠡ ᠳᠠᠷᠤᠰᠢ ᠪᠣᠯᠣᠨ ᠡᠷᠳᠡᠨᠢ ᠰᠢᠰᠢ ᠶᠢ ᠡᠳ᠋ᠰᠢᠭᠦᠯᠦᠨ ᠲᠡᠵᠢᠭᠡᠯ ᠡᠪᠡᠰᠦ ᠪᠣᠷᠳᠤᠭ᠎ᠠ ᠪᠣᠯᠭᠠᠨ ᠬᠠᠲᠠᠭᠠᠵᠤ ᠂ ᠮᠠᠯᠵᠢᠬᠤ ᠦᠢᠯᠡᠳᠪᠦᠷᠢᠯᠡᠯ ᠳᠤ ᠡᠪᠦᠯ ᠬᠠᠪᠤᠷ ᠬᠡᠷᠡᠭᠰᠡᠬᠦ ᠡᠪᠡᠰᠦ  ᠪᠣᠷᠳᠤᠭ᠎ᠠ ᠶᠢ ᠨᠥᠭᠡᠴᠡᠯᠡᠵᠦ ᠶᠠᠭᠠᠷᠠᠯᠳᠤᠨ᠎ᠠ᠃    ︽ᠮᠠᠯᠴᠢᠨ ᠲᠦᠮᠡᠨ ᠤ ᠡᠪᠦᠯ ᠬᠠᠪᠤᠷ ᠲᠠᠭᠠᠨ ᠡᠪᠡᠰᠦ ᠪᠣᠷᠳᠤᠭ᠎ᠠ ᠳᠤᠲᠠᠭᠳᠠᠬᠤ ᠪᠠ ᠵᠠᠷᠤᠳᠠᠯ ᠶᠡᠭᠡ ᠪᠠᠶᠢᠳᠠᠭ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠪᠢᠳᠡ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠡᠷᠲᠡ ᠠᠴᠠ ᠲᠥᠯᠥᠪᠯᠡᠵᠦ᠂ ᠣᠳᠣ ᠪᠣᠯᠬᠤ ᠳᠤ᠂ ᠲᠡᠵᠢᠭᠡᠯ ᠡᠪᠡᠰᠦᠨ ᠤ ᠤᠨᠠᠯᠲᠠ ᠪᠣᠯᠣᠨ ᠪᠣᠷᠳᠤᠭ᠎ᠠ ᠦᠢᠯᠡᠳᠪᠦᠷᠢᠯᠡᠬᠦ ᠬᠡᠮᠵᠢᠶ᠎ᠡ ᠡᠳᠦᠷ ᠲᠤ 30 ᠠᠴᠠ 50 ᠲᠣᠨ ᠬᠦᠷᠴᠦ᠂ ᠪᠣᠷᠳᠣᠨ ᠲᠠᠷᠭᠤᠯᠠᠭᠤᠯᠬᠤ ᠨᠠᠶᠢᠳᠠᠨ ᠲᠡᠵᠢᠭᠡᠯᠭᠡᠬᠦ ᠲᠣᠭᠤᠷᠢᠭ ᠲᠤ 800 ᠦᠬᠡᠷ ᠲᠡᠵᠢᠭᠡᠨ᠂ ᠠᠮᠢᠲᠠᠨ ᠤ ᠡᠪᠡᠳᠴᠢᠨ ᠬᠢᠵᠢᠭ ᠢ ᠣᠨᠣᠰᠢᠯᠠᠨ ᠡᠮᠨᠡᠬᠦ ᠦᠢᠯᠡᠴᠢᠯᠡᠭᠡ ᠨᠢ ᠮᠠᠯᠵᠢᠬᠤ ᠡᠷᠦᠬᠡ ᠳᠤ ᠢᠴᠡᠭᠡᠯ ᠦᠷ᠎ᠡ ᠪᠠᠷ ᠬᠡᠭᠡᠯᠲᠦᠭᠦᠯᠬᠦ᠂ ᠰᠢᠯᠭᠠᠨ ᠪᠠᠶᠢᠴᠠᠭᠠᠬᠤ᠂ ᠮᠡᠰᠡ ᠵᠠᠰᠠᠯ ᠬᠢᠬᠦ᠂ ᠮᠠᠯ ᠤᠨᠤᠭ᠎ᠠ ᠶᠢ ᠡᠮᠨᠡᠯᠭᠡ ᠳᠤ ᠡᠮᠨᠡᠬᠦ ᠵᠡᠷᠭᠡ ᠦᠢᠯᠡᠴᠢᠯᠡᠭᠡ ᠬᠠᠩᠭᠠᠵᠤ᠂ ᠮᠠᠯᠵᠢᠬᠤ ᠡᠷᠦᠬᠡ ᠶᠢᠨ ᠮᠠᠯᠵᠢᠯᠭ᠎ᠠ ᠶᠢᠨ ᠦᠪᠡᠷ ᠤᠨ ᠥᠷᠲᠡᠭ ᠢ ᠪᠠᠭᠤᠷᠠᠭᠤᠯᠵᠤ᠂ ᠠᠰᠢᠭ ᠣᠷᠣᠯᠭ᠎ᠠ ᠶᠢ ᠨᠢ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠰᠡᠳᠬᠢᠮᠵᠢ ᠬᠠᠩᠭᠠᠵᠤ ᠪᠠᠶᠢᠨ᠎ᠠ︾ ᠭᠡᠵᠦ ᠪᠠᠶᠠᠨᠬᠤᠰᠢᠭᠤ ᠰᠣᠮᠣᠨ ᠤ ᠨᠠᠮ ᠤᠨ ᠬᠤᠷᠢᠶᠠᠨ ᠤ ᠱᠦᠵᠢ ᠪᠦᠷᠢᠨᠲᠡᠭᠦᠰ  ᠲᠠᠨᠢᠯᠴᠠᠭᠤᠯᠤᠯ᠎ᠠ᠃    ᠣᠶᠢᠯᠠᠭᠠᠭᠰᠠᠨ ᠢᠶᠠᠷ᠂ ᠪᠠᠶᠠᠨᠬᠤᠰᠢᠭᠤ ᠰᠤᠮᠤ ︽ᠬᠤᠶᠠᠷ ᠢ ᠪᠦᠲᠦᠭᠡᠬᠦ︾ ᠰᠠᠭᠤᠷᠢᠨ ᠭᠠᠵᠠᠷ ᠲᠤ ᠲᠦᠰᠢᠭᠯᠡᠨ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ + ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ +ᠠᠵᠤ ᠠᠬᠤᠶᠢᠯᠠᠯ + ᠮᠠᠯᠴᠢᠳ︾ ᠤᠨ ᠬᠡᠯᠪᠡᠷᠢ ᠪᠠᠷ ᠪᠦᠬᠦ ᠰᠣᠮᠣᠨ ᠤ ᠬᠡᠪᠴᠢᠶᠡᠨ ᠳᠡᠭᠡᠨ ᠪᠠᠶᠢᠭᠠᠯᠢ ᠶᠢᠨ ᠬᠠᠳᠤᠯᠠᠩ ᠪᠡᠯᠴᠢᠭᠡᠷ ᠢ ᠭᠦᠢᠴᠡᠳ ᠠᠰᠢᠭᠯᠠᠨ᠂ 14 ᠭᠠᠴᠠᠭᠠᠨ ᠤ ᠬᠠᠮᠲᠤ ᠶᠢᠨ ᠡᠬᠢ ᠪᠠᠶᠠᠯᠢᠭ ᠢ ᠡᠮᠭᠢᠳᠬᠡᠨ ᠠᠰᠢᠭᠯᠠᠵᠤ᠂ ᠵᠣᠬᠢᠴᠠᠭᠤᠯᠬᠤ ᠪᠡᠯᠡ ᠮᠥᠩᠭᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠡᠯᠡ ᠮᠥᠩᠭᠦ ᠵᠡᠷᠭᠡ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠨᠤᠲᠤᠭ ᠣᠷᠣᠨ ᠤ ᠪᠠᠨ ᠴᠢᠳᠠᠪᠤᠷᠢᠲᠠᠨ ᠢ ᠨᠢᠭᠡᠳᠬᠡᠨ ᠳᠠᠶᠢᠴᠢᠯᠠᠵᠤ ᠮᠠᠯ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ 14 ᠭᠠᠴᠠᠭᠠᠨ ᠤ ᠨᠠᠮ ᠤᠨ ᠡᠭᠦᠷ ᠠᠴᠠ ᠬᠠᠮᠲᠤᠷᠠᠨ ᠡᠷᠭᠢᠯᠡᠭᠰᠡᠨ ᠮᠠᠯ ᠠᠵᠤ ᠠᠬᠤᠢ ᠶᠢᠨ ᠦᠢᠯᠡᠴᠢᠯᠡᠭᠡᠨ ᠤ ᠬᠡᠯᠪᠡᠷᠢ ᠶᠢᠨ ᠠᠵᠤ ᠠᠬᠤᠶᠢᠯᠠᠯ ︱ ᠪᠠᠷᠠᠭᠤᠨ ᠦᠵᠦᠮᠦᠴᠢᠨ ᠬᠤᠰᠢᠭᠤᠨ ᠤ ᠮᠦ ᠰᠢᠩ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠪᠠ᠃ ᠲᠤᠰ ᠺᠣᠮᠫᠠᠨᠢ ᠪᠣᠯ ᠬᠤᠯᠢᠮᠠᠭ ᠪᠣᠷᠳᠤᠭ᠎ᠠ ᠪᠣᠯᠪᠠᠰᠤᠷᠠᠭᠤᠯᠬᠤ᠂ ᠨᠠᠶᠢᠳᠠᠯᠭ᠎ᠠ ᠪᠠᠷ ᠣᠷᠣᠯᠠᠨ ᠲᠡᠵᠢᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ᠂ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ᠂ ᠠᠮᠢᠲᠠᠨ ᠤ ᠡᠪᠡᠳᠴᠢᠨ ᠬᠢᠵᠢᠭ ᠢ ᠣᠨᠣᠰᠢᠯᠠᠨ ᠡᠮᠨᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠣᠨ᠎ᠠ᠃    ᠳᠠᠷᠠᠭ᠎ᠠ ᠠᠯᠬᠤᠮ ᠳᠤ᠂ ᠪᠠᠶᠠᠨᠬᠤᠰᠢᠭᠤ ᠰᠣᠮᠣᠨ ᠤ ᠨᠠᠮ ᠤᠨ ᠬᠤᠷᠢᠶ᠎ᠠ ᠨᠢᠭᠡᠳᠦᠯᠲᠡᠢ ᠵᠢᠯᠤᠭᠤᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠤᠨ᠂ ᠦᠷᠭᠦᠯᠵᠢᠯᠡᠨ ᠨᠠᠮ ᠤᠨ ᠪᠠᠶᠢᠭᠤᠯᠤᠯᠲᠠ ᠳᠤ ᠲᠦᠰᠢᠭᠯᠡᠵᠦ᠂ ᠲᠣᠰ ᠰᠣᠮᠣᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ ︽ᠬᠤᠶᠠᠷ ᠢ ᠪᠦᠲᠦᠭᠡᠬᠦ︾ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠨᠴᠠᠯᠢᠭᠲᠤ ᠠᠷᠭ᠎ᠠ ᠬᠡᠯᠪᠡᠷᠢ ᠪᠠᠷ ᠣᠨᠴᠠᠯᠢᠭᠲᠤ ᠠᠵᠤ ᠦᠢᠯᠡᠰ᠂ ᠨᠠᠷᠠᠲᠤ ᠲᠥᠷᠥᠯ ᠲᠡᠮᠳᠡᠭᠲᠦ ᠶᠢ ᠪᠠᠶᠢᠭᠤᠯᠬᠤ ᠶᠢ ᠴᠢᠬᠤᠯᠠᠴᠢᠯᠠᠵᠤ᠂ ᠡᠯ᠎ᠡ ᠲᠥᠷᠥᠯ  ᠤᠨ ᠤᠬᠠᠭᠤᠯᠭ᠎ᠠ ᠶᠢᠨ ᠲᠠᠪᠴᠠᠩ ᠢ ᠠᠰᠢᠭᠯᠠᠨ ᠲᠡᠷᠢᠭᠦᠨ ᠤ ᠠᠷᠭ᠎ᠠ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ ︽ᠬᠤᠶᠠᠷ ᠢ  ᠪᠦᠲᠦᠭᠡᠬᠦ︾ ᠠᠵᠢᠯᠯᠠᠭ᠎ᠠ ᠶᠢ ᠪᠠᠶᠠᠨᠬᠤᠰᠢᠭᠤ ᠰᠣᠮᠣᠨ ᠤ ᠡᠯ᠎ᠡ ᠭᠠᠴᠠᠭᠠᠨ ᠳᠤ ᠪᠦᠲᠦᠮᠵᠢᠲᠡᠢ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号