︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠮᠠᠯᠵᠢᠬᠤ ᠣᠷᠣᠨ ᠤ | ᠬᠥᠮᠥᠨ ᠳᠤᠮᠳᠠᠴᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠮᠥᠨ ᠠᠷᠠᠳ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠬᠦ ᠶᠢᠨ ᠲᠤᠰᠠᠳᠠ᠂ ᠣᠶᠢᠷ᠎ᠠ ᠶᠢᠨ ᠡᠳᠦᠷ᠂ ᠵᠢᠷ ᠤᠨ ᠭᠤᠣᠯ ᠪᠠᠯᠭᠠᠰᠤ ᠨᠢ ᠺᠠᠷᠲᠯᠠᠵᠤ ᠲᠠᠩᠰᠠᠯᠠᠭᠰᠠᠨ | ᠶᠠᠳᠠᠭᠤ ᠠᠴᠠ ᠠᠩᠬᠢᠵᠢᠷᠠᠭᠰᠠᠨ ᠠᠩᠭᠢᠵᠢᠷᠠᠭᠰᠠᠨ ᠡᠷᠦᠬᠡ ᠶᠢᠨ ᠬᠥᠮᠥᠨ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠴᠡᠭᠴᠡᠯᠡᠨ ᠵᠠᠰᠠᠯᠲᠠ ᠶᠢᠨ ᠠᠳᠠᠯᠢᠳᠬᠠᠨ ᠰᠢᠯᠭᠠᠷᠠᠭᠤᠯᠤᠯᠲᠠ ᠶᠢᠨ ᠠᠵᠢᠯ ᠢ ᠥᠷᠨᠢᠭᠦᠯᠪᠡ᠃ | | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠠᠶᠢᠷᠢᠯᠠᠭᠤᠯᠤᠨ ᠠᠳᠠᠯᠢᠳᠬᠠᠨ ᠰᠢᠯᠭᠠᠷᠠᠭᠤᠯᠬᠤ | ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠰᠢᠨ ᠰᠠᠭᠤᠬᠤ | ᠣᠷᠴᠢᠨ ᠲᠣᠭᠤᠷᠢᠨ ᠤ ᠴᠡᠭᠴᠡᠯᠡᠨ ᠵᠠᠰᠠᠯᠳᠠ ᠶᠢᠨ ᠡᠷᠦᠬᠡ ᠳᠤ ᠬᠤᠪᠢ ᠣᠯᠭᠤᠬᠤ ᠪᠠᠷᠢᠮᠵᠢᠶ᠎ᠠ ᠶᠢᠨ ᠱᠠᠭᠠᠷᠳᠠᠯᠭ᠎ᠠ | ᠶᠣᠰᠣᠭᠠᠷ᠂ ᠪᠥᠬᠦ ᠪᠠᠯᠭᠠᠰᠤᠨ ᠤ ᠶᠠᠳᠠᠭᠤ ᠠᠴᠠ ᠠᠩᠭᠢᠵᠢᠷᠠᠭᠰᠠᠨ 51 ᠡᠷᠦᠬᠡ ᠳᠤ ᠭᠦᠨᠵᠡᠭᠡᠶᠢᠷᠡᠵᠦ᠂ ᠭᠡᠷ ᠤᠨ | ᠲᠤᠳᠤᠨ᠎ᠠ ᠭᠠᠳᠠᠨᠠᠬᠢ ᠵᠢᠴᠢ ᠬᠦᠷᠢᠶ᠎ᠡ ᠬᠠᠰᠢᠶᠠᠨ ᠤ ᠠᠷᠢᠭᠤᠨ ᠴᠡᠪᠡᠷ᠂ ᠮᠠᠯ ᠤᠨ ᠫᠧᠩ ᠰᠠᠷᠠᠪᠴᠢ᠂ ᠬᠢᠵᠢᠭ | ᠡᠪᠡᠳᠴᠢᠨ ᠡᠮᠭᠡᠭ ᠢ ᠰᠡᠷᠬᠡᠶᠢᠯᠡᠨ ᠬᠠᠮᠠᠭᠠᠯᠠᠬᠤ ᠵᠡᠷᠭᠡ 8 ᠲᠠᠯ᠎ᠠ ᠳᠤ ᠲᠤᠬᠠᠢ ᠶᠢᠨ ᠲᠠᠯᠠᠪᠤᠷ ᠲᠤ ᠬᠦᠠᠵᠡᠭᠡᠶᠢᠷᠡᠨ | ᠪᠠᠶᠢᠴᠠᠭᠠᠨ ᠦᠵᠡᠵᠦ ᠨᠠᠷᠢᠨ ᠨᠢᠮᠪᠠᠢ ᠠᠳᠠᠯᠢᠳᠬᠠᠨ ᠰᠢᠯᠭᠠᠷᠠᠭᠤᠯᠤᠨ ᠬᠤᠪᠢ ᠣᠯᠭᠤᠵᠤ᠂ ᠰᠢᠯᠢᠳᠡᠭ ᠦᠠᠳᠤᠷ | ᠬᠤᠪᠢ ᠣᠯᠣᠭᠰᠠᠨ ᠡᠷᠦᠬᠡ ᠶᠢ ︽ᠪᠥᠬᠦ ᠬᠤᠰᠢᠭᠤᠨ ᠤ ᠴᠡᠪᠡᠷ ᠠᠶᠢᠯ︾ ᠪᠠᠷ ᠲᠠᠨᠢᠯᠴᠠᠭᠤᠯᠤᠨ ᠮᠡᠳᠡᠭᠦᠯᠵᠠᠢ᠃ | | | | | | ᠵᠢᠷ ᠤᠨ ᠭᠤᠣᠯ ᠪᠠᠯᠭᠠᠰᠤ ᠨᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ︽ᠪᠦᠬᠦ | ᠬᠡᠪᠴᠢᠶᠠᠨ ᠤ ᠲᠡᠭᠡᠭᠰᠢᠯᠡᠬᠦᠯᠦᠯᠳᠡ︾ ᠪᠠ ︽ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ︾ ᠳᠡᠭᠡᠷ᠎ᠡ | ᠦᠷᠬᠦᠯᠵᠢᠯᠡᠨ ᠬᠦᠴᠦᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠠᠰᠤᠷᠠᠯᠳᠠ ᠦᠭᠡᠢ ᠲᠦᠷᠭᠡᠳᠬᠡᠵᠦ᠂ ᠬᠥᠮᠥᠨ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠠᠷᠠᠳ ᠲᠦᠮᠡᠨ ᠤ ᠵᠣᠯ ᠵᠢᠷᠭᠠᠯᠳᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠣᠯᠣᠨ | ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠬᠦᠯᠦᠭᠰᠡᠭᠡᠷ ᠢᠷᠡᠵᠠᠢ᠃ | |